ᠮᠤᠩᠭᠤᠯ ᠤᠯᠤᠰ ᠤᠨ ᠰᠦᠭᠡᠪᠠᠭᠠᠳᠣᠷ ᠠᠶᠢᠮᠠᠭ ᠤᠨ ᠡᠷᠳᠡᠨᠢᠴᠠᠭᠠᠨ ᠰᠣᠮᠦ ᠶᠢᠨ ᠲᠣᠭᠤᠷᠢᠨ ᠪᠠᠶᠢᠴᠠᠭᠠᠬᠤ ᠪᠦᠯᠬᠦᠮ ᠤᠨ ᠬᠢᠨ ᠮᠠᠨ ᠤ ᠬᠤᠰᠢᠭᠤᠨ  ᠳᠤ ᠢᠷᠡᠭᠰᠡᠨ
ᠨᠡᠶᠢᠲᠡᠯᠡᠭᠰᠡᠨ ᠴᠠᠭ᠄
2016/9/9
     2017 ᠤᠨ ᠤ 4 ᠰᠠᠷ᠎ᠠ ᠶᠢᠨ 10᠎ ᠠᠴᠠ 13᠎ ᠤ ᠡᠳᠦᠷ ᠬᠦᠷᠲᠡᠯ᠎ᠠ᠂ ᠮᠤᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠡᠷᠳᠡᠨᠢᠴᠠᠭᠠᠨ ᠰᠣᠮᠦ ᠶᠢᠨ ᠵᠠᠰᠠᠭ ᠳᠠᠷᠤᠭ᠎ᠠ ᠦ᠊ · ᠪᠠᠲᠦᠰᠠᠶᠢᠬᠠᠨ ᠤ ᠳᠠᠭᠠᠭᠤᠯᠤᠭᠰᠠᠨ ᠲᠤᠭᠤᠷᠢᠨ ᠪᠠᠶᠢᠴᠠᠭᠠᠬᠤ ᠪᠦᠯᠬᠦᠮ ᠤᠨ  ᠎ ᠬᠢᠨ ᠮᠠᠨ ᠤ ᠬᠤᠰᠢᠭᠤᠨ ᠳᠤ ᠢᠷᠡᠵᠤ᠂  ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠡᠵᠢᠨᠠᠭᠤᠷ ᠪᠠᠯᠭᠠᠰᠤ᠂ ᠬᠠᠷᠠᠭᠤᠪᠢ  ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠵᠢᠴᠢ ᠬᠠᠮᠢᠶ᠎ᠠ ᠪᠦᠬᠦᠢ ᠬᠦᠮᠦᠰ ᠤᠨ ᠬᠠᠮᠳᠦ  ᠂ ᠡᠵᠢᠨᠠᠭᠤᠷ ᠪᠠᠯᠭᠠᠰᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ᠂ ᠡᠬᠡᠪᠤᠯᠠᠭ ᠬᠡᠤᠬᠡᠳ ᠤᠨ ᠴᠡᠴᠡᠷᠯᠢᠭ᠂ ᠨᠡᠭᠦᠳᠡᠯ ᠠᠷᠠᠳ ᠤᠨ ᠲᠤᠭᠤᠷᠢᠭ ᠤᠨ ᠤᠰᠤ ᠬᠠᠩᠭᠠᠬᠤ ᠦᠷᠲᠡᠭᠡ᠂ ᠬᠠᠷᠠᠭᠤᠪᠢ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ  ᠵᠢᠴᠢ ᠦᠵᠦᠮᠦᠴᠢᠨ ᠮᠦᠽᠧᠢ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠲᠤᠭᠤᠷᠢᠭ ᠵᠡᠷᠭᠡ ᠭᠠᠵᠠᠷ ᠤᠳ ᠢᠶᠠᠷ ᠬᠦᠷᠴᠦ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠠᠵᠤ ᠦᠢᠯᠡᠰᠵᠢᠯᠲᠠ ᠪᠤᠯᠤᠨ ᠮᠠᠯᠵᠢᠬᠤ  ᠤᠷᠤᠨ ᠤ ᠬᠦᠭᠵᠢᠯᠲᠡ ᠶᠢᠨ ᠪᠠᠶᠢᠳᠠᠯ ᠢ ᠲᠤᠭᠤᠷᠢᠨ ᠦᠵᠡᠵᠠᠢ᠃      4 ᠰᠠᠷ᠎ᠠ ᠶᠢᠨ 13᠎ ᠤ ᠡᠳᠦᠷ ᠮᠤᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠡᠷᠳᠡᠨᠢᠴᠠᠭᠠᠨ  ᠰᠣᠮᠦ ᠶᠢᠨ ᠵᠠᠰᠠᠭ ᠳᠠᠷᠤᠭ᠎ᠠ ᠦ᠊ · ᠪᠠᠲᠦᠰᠠᠶᠢᠬᠠᠨ᠂ ᠡᠷᠳᠡᠨᠢᠴᠠᠭᠠᠨ ᠰᠤᠮᠤᠨ ᠤ ᠢᠷᠭᠡᠳ ᠤᠨ ᠬᠤᠷᠠᠯ ᠤᠨ ᠲᠦᠯᠦᠭᠡᠯᠡᠭᠢ᠂ ᠤᠯᠠᠭᠠᠨᠪᠠᠭᠠᠲᠤᠷ ᠤᠨ《ᠨᠡᠭᠦᠳᠡᠯᠴᠢᠨ》 ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠰᠢ᠊· ᠪᠠᠲᠦᠨᠠᠰᠤᠨ ᠵᠢᠴᠢ ᠲᠤᠭᠤᠷᠢᠨ ᠪᠠᠶᠢᠴᠠᠭᠠᠬᠤ ᠪᠦᠯᠬᠦᠮ ᠤᠨ ᠬᠢᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠠᠷᠤᠨᠲ ᠤᠨ ᠭᠡᠯᠳᠡᠰ ᠤᠨ ᠳᠠᠷᠤᠭ᠎ᠠ᠂  ᠳᠡᠳ᠋ ᠬᠤᠰᠢᠭᠤ ᠳᠠᠷᠤᠭ᠎ᠠ ᠱᠤᠸᠠᠩ ᠪᠤᠤ ᠵᠢᠴᠢ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠪᠤᠭᠤᠮᠲᠠ ᠶᠢᠨ ᠶᠠᠪᠤᠳᠠᠯ ᠤᠨ ᠵᠦᠪᠯᠡᠯ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠰᠤᠶᠤᠯ ᠪᠡᠶ᠎ᠡ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠤᠪᠴᠢᠶ᠎ᠠ ᠵᠡᠷᠭᠡ ᠶᠢᠨ ᠭᠤᠤᠯ ᠤᠳᠤᠷᠢᠳᠤᠯᠭ᠎ᠠ ᠲᠠᠢ ᠰᠠᠭᠤᠳᠠᠯ ᠤᠨ ᠬᠤᠷᠠᠯ ᠬᠤᠷᠠᠯᠳᠣᠵᠦ᠂  ᠬᠤᠶᠠᠷ ᠲᠠᠯ᠎ᠠ ᠪᠠᠷ  ᠵᠶ᠋ᠠᠨ‌‍ᠭᠦ᠋ᠨᠵᠡᠭᠡᠢ  ᠶᠠᠷᠢᠯᠴᠠᠯᠠᠭ᠎ᠠ ᠦᠷᠨᠢᠭᠦᠯᠵᠦ ᠰᠠᠨᠠᠯ ᠪᠣᠳᠣᠯ ᠪᠠᠨ ᠰᠣᠯᠢᠯᠴᠠᠨ᠂ ᠤᠯᠠᠨ ᠲᠠᠯ᠎ᠠ ᠶᠢᠨ ᠬᠠᠮᠲᠤ ᠶᠢᠨ ᠲᠠᠨᠢᠯᠲᠠ ᠲᠠᠢ ᠪᠤᠯᠤᠭᠰᠠ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号