ᠭᠠᠬᠢᠯ ᠰᠤᠮᠤ ᠪᠦᠲᠦᠮᠵᠢᠲᠡᠢ ᠠᠷᠭ᠎ᠠ ᠬᠡᠮᠵᠢᠶ᠎ᠡ ᠠᠪᠴᠣ ᠮᠠᠯᠵᠢᠬᠤ ᠤᠷᠤᠨ ᠤ ᠨᠠᠰᠤᠵᠢᠯ ᠤᠨ ᠳᠠᠭᠠᠳᠬᠠᠯ᠂ ᠬᠤᠷᠰᠢᠭᠰᠠᠨ ᠡᠮᠨᠡᠯᠬᠡ ᠶᠢᠨ ᠰᠦᠢᠳᠭᠡᠯ ᠬᠤᠷᠢᠶᠠᠬᠤ ᠠᠵᠢᠯ ᠢᠶᠠᠨ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2017/11/13
     2017 ᠤᠨ ᠤ ᠮᠠᠯᠵᠢᠬᠤ ᠤᠷᠤᠨ ᠤ ᠨᠠᠰᠤᠵᠢᠯ ᠤᠨ ᠳᠠᠭᠠᠳᠬᠠᠯ᠂ ᠬᠤᠷᠰᠢᠭᠰᠠᠨ ᠡᠮᠨᠡᠯᠬᠡ ᠶᠢᠨ ᠰᠦᠢᠳᠭᠡᠯ ᠬᠤᠷᠢᠶᠠᠬᠤ ᠡᠭᠦᠷᠭᠡ ᠪᠠᠨ ᠪᠡᠶᠡᠯᠡᠭᠦᠯᠵᠦ᠂ ᠮᠠᠯᠴᠢᠳ ᠲᠤ ᠠᠰᠢᠭ ᠬᠦᠷᠲᠡᠭᠡᠬᠦ ᠶᠢᠨ ᠲᠦᠯᠦᠭᠡ᠂ ᠭᠠᠬᠢᠯ ᠰᠤᠮᠤ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠵᠢᠴᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠴᠠᠭ ᠲᠤᠬᠠᠢ ᠳᠤᠨᠢ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠤᠭᠲᠠᠭᠠᠵᠤ᠂ 2017 ᠤᠨ ᠤ ᠮᠠᠯᠵᠢᠬᠤ ᠤᠷᠤᠨ ᠎ ᠤ ᠨᠠᠰᠤᠵᠢᠯ ᠤᠨ ᠳᠠᠭᠠᠳᠬᠠᠯ᠂ ᠬᠤᠷᠰᠢᠭᠰᠠᠨ ᠡᠮᠨᠡᠯᠬᠡ ᠶᠢᠨ ᠰᠦᠢᠳᠭᠡᠯ ᠬᠤᠷᠢᠶᠠᠬᠤ ᠠᠵᠢᠯ ᠢᠶᠠᠨ ᠤᠷᠤᠭᠰᠢᠲᠠᠢ ᠶᠠᠪᠤᠭᠳᠠᠭᠤᠯᠵᠤ ᠪᠠᠶᠢᠨ᠎ᠠ᠃      ᠨᠢᠭᠡ ᠳᠤ᠂ ᠦᠵᠡᠯ ᠰᠠᠨᠠᠭ᠎ᠠ ᠪᠠᠨ ᠨᠢᠭᠡᠳᠬᠡᠨ᠂ ᠳᠡᠭᠡᠲᠤ ᠬᠡᠮᠵᠢᠶ᠎ᠡ ᠪᠠᠷ ᠴᠢᠬᠤᠯᠠᠴᠢᠯᠠᠨ ᠠᠳᠬᠤᠪᠠ᠃ ᠮᠠᠯᠵᠢᠬᠤ ᠤᠷᠤᠨ ᠤ ᠨᠠᠰᠤᠵᠢᠯ ᠤᠨ ᠳᠠᠭᠠᠳᠬᠠᠯ᠂ ᠬᠤᠷᠰᠢᠭᠰᠠᠨ ᠡᠮᠨᠡᠯᠬᠡ ᠶᠢᠨ ᠰᠦᠢᠳᠭᠡᠯ ᠬᠤᠷᠢᠶᠠᠬᠤ ᠠᠵᠢᠯ ᠳᠤ ᠪᠤᠲᠠᠲᠠᠢ  ᠪᠠᠶᠢᠷᠢᠯᠠᠭᠤᠯᠤᠯᠲᠠ ᠬᠢᠵᠦ ᠡᠭᠦᠷᠭᠡ ᠬᠠᠷᠢᠭᠤᠴᠠᠯᠭ᠎ᠠ  ᠎ ᠪᠠᠨ ᠲᠤᠳᠤᠷᠬᠠᠶᠢᠯᠠᠨ᠂ ᠠᠵᠢᠯᠲᠠᠳ ᠤᠨ ᠦᠵᠡᠯᠲᠡ ᠲᠠᠨᠢᠯᠲᠠ ᠶᠢ ᠳᠡᠭᠡᠭᠰᠢᠯᠡᠭᠦᠯᠦᠨ᠂ ᠬᠦᠴᠦᠨ ᠢᠶᠠᠨ ᠲᠦᠪᠯᠡᠷᠡᠭᠦᠯᠵᠦ ᠲᠤᠰ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠵᠤ᠂ ᠲᠤᠭᠲᠠᠭᠰᠠᠨ ᠬᠠᠷᠠᠯᠲᠠ ᠪᠠᠨ ᠠᠮᠵᠢᠯᠲᠠ ᠲᠠᠢ  ᠪᠡᠶᠡᠯᠡᠭᠦᠯᠬᠦ ᠶᠢ ᠪᠠᠲᠤᠯᠠᠵᠠᠢ᠃      ᠬᠤᠶᠠᠷ ᠲᠤ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠪᠡ᠃ LED ᠳᠡᠯᠭᠡᠴᠡ᠂ ᠸᠠᠶᠢᠴᠠᠲ ᠲᠠᠪᠴᠠᠩ ᠵᠡᠷᠭᠡ ᠤᠯᠠᠨ ᠬᠡᠯᠪᠡᠷᠢ ᠮᠠᠶ᠋ᠢᠭ ᠤᠨ ᠠᠷᠭ᠎ᠠ ᠪᠠᠷᠢᠯ ᠠᠪᠴᠤ᠂ ᠤᠬᠠᠭᠤᠯᠭ᠎ᠠ ᠶᠢᠨ ᠬᠦᠴᠦᠯᠡᠴᠡ ᠪᠠ ᠪᠦᠷᠬᠦᠴᠡ ᠶᠢᠨ ᠬᠡᠮᠵᠢᠶ᠎ᠡ ᠪᠠᠨ ᠨᠡᠮᠡᠭᠳᠡᠭᠦᠯᠵᠦ᠂ ᠮᠠᠯᠴᠢᠨ ᠲᠦᠮᠡᠨ ᠤ ᠨᠠᠰᠤᠵᠢᠯ ᠤᠨ ᠳᠠᠭᠠᠳᠬᠠᠯ ᠲᠠᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠤᠬᠠᠢ ᠤᠶᠢᠯᠠᠭᠠᠯᠲᠠ ᠶᠢ ᠬᠦᠨᠵᠡᠭᠡᠶᠢᠷᠡᠭᠦᠯᠵᠦ᠂ ᠨᠠᠰᠤᠵᠢᠯ ᠤᠨ ᠳᠠᠭᠠᠳᠬᠠᠯ ᠤᠨ ᠰᠦᠢᠳᠭᠡᠯ ᠬᠤᠷᠢᠶᠠᠬᠤ ᠠᠵᠢᠯ ᠤᠨ ᠤᠷᠤᠭᠰᠢᠲᠠᠢ ᠶᠢ ᠪᠠᠲᠤᠯᠠᠵᠤ᠂ ᠨᠠᠰᠤᠵᠢᠯ ᠤᠨ ᠳᠠᠭᠠᠳᠬᠠᠯ ᠳᠤ ᠤᠷᠤᠯᠴᠠᠬᠤ ᠨᠤᠷᠮ᠎ᠠ ᠶᠢ ᠳᠡᠭᠡᠭᠰᠢᠯᠡᠭᠦᠯᠪᠡ᠃      ᠭᠤᠷᠪᠠ ᠳᠤ᠂ ᠦᠢᠯᠡᠴᠢᠯᠡᠭᠡᠨ ᠤ ᠠᠵᠢᠯ ᠢ ᠴᠢᠩᠭᠠᠳᠬᠠᠪᠠ᠃ ᠨᠠᠰᠤᠵᠢᠯ ᠤᠨ ᠳᠠᠭᠠᠳᠬᠠᠯ᠂ ᠬᠤᠷᠰᠢᠭᠰᠠᠨ ᠡᠮᠨᠡᠯᠬᠡ ᠶᠢᠨ ᠰᠦᠢᠳᠭᠡᠯ ᠬᠤᠷᠢᠶᠠᠬᠤ ᠶᠠᠪᠤᠴᠠ ᠳᠤ᠂ ᠦᠢᠯᠡᠴᠢᠯᠡᠭᠡᠨ ᠤ ᠶᠠᠰᠤ ᠴᠢᠨᠠᠷ ᠪᠠ ᠤᠪᠤᠷ ᠢᠶᠠᠨ ᠳᠡᠭᠡᠭᠰᠢᠯᠡᠭᠦᠯᠵᠦ᠂  ᠲᠤᠰᠬᠠᠢ ᠠᠵᠢᠯ ᠤᠨ ᠺᠠᠲᠠᠷ ᠢ ᠵᠤᠬᠢᠶᠠᠨ ᠪᠠᠶᠢᠭᠤᠯᠵᠤ ᠡᠷᠦᠬᠡ ᠳᠤ ᠬᠦᠨᠵᠡᠭᠡᠶᠢᠷᠡᠨ ᠦᠢᠯᠡᠴᠢᠯᠡᠵᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠵᠢᠴᠢ ᠰᠦᠢᠳᠭᠡᠯ ᠬᠤᠷᠢᠶᠠᠬᠤ ᠠᠵᠢᠯ ᠢᠶᠠᠨ ᠦᠷᠨᠢᠭᠦᠯᠪᠡ᠃      2017 ᠤᠨ ᠤ11 ᠰᠠᠷ᠎ᠠ ᠶᠢᠨ10᠎ ᠤ ᠡᠳᠦᠷ ᠪᠤᠯᠲᠠᠯ᠎ᠠ᠂ ᠨᠠᠰᠦᠵᠢᠯ ‍ᠤᠨ‌‍ᠲ᠋ᠠᠭᠠᠳᠬᠠᠯ ᠲᠣᠰᠢᠶ᠋ᠬᠠᠰᠡᠨ ᠬᠦᠮᠤᠨ ᠤ ᠲᠤᠭ᠎ᠠ 810 ᠪᠠᠶᠢᠵᠤ᠂  ᠲᠤᠰᠢᠶ᠋ᠬᠠᠰᠡᠨ ᠵᠤᠭᠤᠰ ᠨᠢ110400 ᠲᠦᠬᠦᠷᠢᠭ ᠲᠤ ᠬᠦᠷᠴᠤ᠂  ᠪᠡᠶᠡᠯᠡᠬᠦᠯᠦᠭᠰᠡᠨ ᠨᠤᠷᠮ᠎ᠠ  53% ᠬᠦᠷᠪᠡ︔  ᠬᠤᠷᠰᠢᠭᠰᠠᠨ ᠡᠮᠨᠡᠯᠭᠡ ᠶᠢᠨ ᠵᠤᠭᠤᠰ  ᠲᠤᠰᠢᠶ᠋ᠬᠠᠰᠡᠨ ᠬᠦᠮᠤᠨ ᠤ  ᠲᠤᠭ᠎ᠠ ᠨᠢ 1225 ᠪᠠᠶᠢᠵᠤ᠂ᠲᠤᠰᠢᠶ᠋ᠬᠠᠰᠡᠨ ᠵᠤᠭᠤᠰ ᠨᠢ220500 ᠲᠦᠬᠦᠷᠢᠭ ᠲᠤ ᠬᠦᠷᠴᠤ  ᠂ ᠪᠡᠶᠡᠯᠡᠭᠦᠯᠦᠭᠰᠡᠨ ᠨᠤᠷᠮ᠎ᠠ   52%  ᠎ ᠳᠤ ᠬᠦᠷᠪᠡ᠃
 
ᠢᠷᠡᠯᠲᠡ᠄ ᠭᠠᠬᠢᠯ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号