ᠠᠯᠤᠰ ᠤᠨ ᠬᠦᠰᠡᠯᠡᠩ ᠢ ᠤᠳᠤᠷᠢᠳᠤᠨ ᠲᠠᠭᠠᠭᠤᠯᠤᠭᠴᠢ ᠠᠷᠠᠳ ᠲᠦᠮᠡᠨ ᠳᠤ ᠵᠢᠷᠭᠠᠯ ᠢ ᠴᠤᠭᠴᠠᠯᠠᠭᠴᠢ
ᠨᠡᠶᠢᠲᠡᠯᠡᠭᠰᠡᠨ ᠴᠠᠭ᠄
2017/11/13
ᠤᠷᠢᠶᠠᠩᠬᠠᠨ ᠤ᠂ ᠶᠤᠨᠳᠤᠨ       ᠠᠯᠤᠰ ᠤᠨ ᠬᠦᠰᠡᠯᠡᠩ ᠢ ᠤᠳᠤᠷᠢᠳᠤᠨ ᠲᠠᠭᠠᠭᠤᠯᠤᠭᠴᠢ ᠠᠷᠠᠳ ᠲᠦᠮᠡᠨ ᠳᠤ ᠵᠢᠷᠭᠠᠯ ᠢ ᠴᠤᠭᠴᠠᠯᠠᠭᠴᠢ                    —  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠢ ᠤᠩᠰᠢᠭᠠᠳ      ᠲᠤᠮᠳᠠᠳᠤ ᠤᠯᠤᠰ ᠤᠨ ᠠᠷᠪᠠ ᠶᠢᠰᠦᠳᠦᠭᠡᠷ ᠶᠡᠭᠡ ᠬᠤᠷᠠᠯ ᠪᠤᠯ ᠲᠡᠤᠬᠡᠨ ᠰᠢᠨ᠎ᠡ ᠴᠠᠭ ᠦᠶ᠎ᠡ ᠶᠢ ᠵᠠᠭᠠᠭᠯᠠᠭᠰᠠᠨ ᠪᠦᠯᠬᠦᠮᠳᠠᠯ ᠢᠯᠠᠯᠳᠠ ᠶᠢᠨ ᠶᠡᠭᠡ ᠬᠤᠷᠠᠯ ᠪᠤᠯᠤᠨ ᠬᠤᠷᠠᠯᠳᠤᠭᠰᠠᠨ ᠢᠶᠠᠷ᠂ ᠪᠦᠬᠦ ᠤᠯᠤᠰ ᠤᠨ ᠠᠷᠠᠳ ᠲᠦᠮᠡᠨ ᠤ ᠬᠠᠯᠠᠭᠤᠨ ᠬᠦᠷᠢᠶᠡᠯᠡᠯ ᠪᠠ ᠤᠭᠳᠤᠯᠭ᠎ᠠ ᠶᠢ ᠤᠯᠵᠦ᠂ ᠲᠡᠯᠡᠬᠡᠢ ᠨᠡᠶᠢᠳᠡ ᠶᠢᠨ ᠠᠩᠬᠠᠷᠤᠯ ᠪᠠ ᠪᠠᠭ᠋ᠠᠷᠬᠠᠯ ᠪᠤᠯᠤᠭᠰᠠᠨ ᠪᠠᠶᠢᠨ᠎ᠠ᠃ ᠶᠡᠭᠡ ᠬᠤᠷᠠᠯ ᠳᠤ ᠰᠢ ᠶᠢᠨ ᠫᠢᠩ ᠲᠡᠷᠢᠭᠦᠯᠡᠭᠴᠢ ᠠᠵᠢᠯ ᠤᠨ ᠢᠯᠡᠳᠭᠡᠯ ᠬᠢᠵᠦ᠂ ᠦᠩᠭᠡᠷᠡᠭᠰᠡᠨ ᠲᠠᠪᠤᠨ ᠵᠢᠯ ᠳᠤ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢᠨ ᠲᠡᠤᠬᠡᠳᠦ ᠴᠢᠨᠠᠷᠳᠠᠢ ᠠᠮᠵᠢᠯᠳᠠ ᠪᠦᠳᠦᠭᠡᠯ ᠢ ᠨᠤᠳᠠᠯᠠᠭᠰᠠᠨ ᠤ ᠬᠠᠮᠳᠤ ᠤᠯᠤᠰ ᠭᠡᠷ ᠤᠨ ᠬᠦᠴᠦᠷᠬᠡᠭᠵᠢᠯ᠂ ᠠᠵᠦ ᠠᠬᠤᠢ ᠶᠢᠨ ᠦᠰᠦᠷᠦᠩᠬᠦᠢ ᠬᠦᠭᠵᠢᠯᠳᠡ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠠᠬᠢᠵᠢᠯᠳᠡ᠂ ᠰᠢᠨᠵᠢᠯᠡᠬᠦ ᠤᠬᠠᠭᠠᠨ ᠮᠡᠷᠭᠡᠵᠢᠯ ᠤᠨ ᠪᠤᠳᠠᠳᠤ ᠬᠦᠴᠦᠨ ᠤ ᠪᠤᠵᠠᠭᠠᠶᠢᠷᠠᠯ᠂ ᠠᠷᠠᠳ ᠤᠨ ᠠᠮᠢᠳᠤᠷᠠᠯ ᠤᠨ ᠰᠤᠶᠤᠯ ᠴᠡᠴᠡᠭᠯᠡᠯᠳᠡ ᠵᠡᠷᠭᠡ ᠲᠠᠯ᠎ᠠ ᠳᠤ ᠤᠯᠤᠭᠰᠠᠨ ᠯᠤᠳᠤ ᠶᠡᠭᠡ ᠠᠮᠵᠢᠯᠳᠠ ᠶᠢ ᠪᠤᠳᠠᠳᠠᠢ ᠪᠠᠷᠢᠮᠳᠠ ᠪᠠᠷ ᠲᠤᠲᠤᠷᠬᠠᠶᠢᠯᠠᠵᠦ᠂ ᠤᠯᠤᠰ ᠤᠨ ᠲᠡᠯᠡᠬᠡᠢ ᠳ᠋ᠠᠬᠢᠨ ᠳᠠᠬᠢ ᠪᠠᠶᠢᠷᠢ ᠰᠠᠭᠤᠷᠢ ᠨᠢ ᠤᠷᠢᠳᠦ ᠡᠮᠦᠨ᠎ᠡ ᠭᠠᠷᠤᠭ᠎ᠠ ᠦᠭᠡᠢ ᠲᠡᠭᠡᠭᠰᠢᠯᠡᠭᠰᠡᠨ ᠪᠠ ᠮᠠᠨ ᠤ ᠤᠯᠤᠰ ᠨᠡᠶᠢᠭᠡᠮ ᠵᠢᠷᠤᠮ ᠤᠨ ᠠᠩᠬᠠᠨ ᠤ ᠱᠠᠳᠤᠨ ᠤ ᠰᠢᠨ᠎ᠡ ᠴᠠᠭ ᠦᠶ᠎ᠡ ᠳᠤ ᠤᠷᠤᠭᠰᠠᠨ ᠢ ᠲᠡᠯᠡᠬᠡᠢ ᠨᠡᠶᠢᠳᠡ ᠳᠤ ᠲᠤᠩᠬᠠᠭᠯᠠᠪᠠ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠤᠷᠤᠭᠰᠠᠨ ᠨᠢ ᠤᠶᠢᠷ᠎ᠠ ᠦᠶ᠎ᠡ ᠠᠴᠠ ᠨᠠᠰᠢ ᠤᠷᠳᠤ ᠬᠤᠭᠤᠴᠠᠭ᠎ᠠ ᠪᠠᠷ ᠬᠠᠯᠠ ᠵᠤᠪᠠᠯᠠᠩ ᠠᠮᠰᠠᠭᠰᠠᠨ ᠲᠤᠮᠳᠠᠳᠤ ᠎ ᠶᠢᠨ ᠦᠨᠳᠦᠰᠦᠳᠡᠨ ᠨᠦᠭᠦᠳ ᠪᠤᠰᠴᠤ ᠵᠤᠭᠰᠤᠭᠰᠠᠨ ᠪᠠ ᠪᠠᠶᠠᠵᠢᠭᠰᠠᠨ ᠠᠴᠠ ᠪᠠᠨ ᠬᠦᠴᠦᠷᠭᠡᠭᠵᠢᠭᠰᠡᠨ ᠠᠭᠤᠤ ᠶᠡᠭᠡ ᠦᠰᠦᠷᠦᠯᠳᠡ ᠶᠢ ᠤᠭᠳᠤᠨ ᠠᠪᠴᠢᠷᠠᠵᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠬᠦᠯᠬᠦ ᠭᠡᠭᠡᠨ ᠰᠠᠷᠠᠭᠤᠯ ᠭᠡᠳᠦ ᠶᠢᠨ ᠲᠦᠯᠦᠪ ᠢ ᠤᠭᠳᠤᠨ ᠠᠪᠴᠢᠷᠠᠭᠰᠠᠨ ᠢ ᠬᠠᠷᠠᠭᠤᠯᠵᠦ ᠪᠠᠶᠢᠨ᠎ᠠ᠃ ᠡᠨᠡ ᠪᠤᠯ ᠮᠠᠨ ᠤ ᠲᠤᠮᠳᠠᠳᠤ ᠤᠯᠤᠰ ᠤᠨ ᠡᠪ ᠬᠠᠮᠳᠤᠴᠦᠳ ᠤᠨ ᠤᠮᠤᠭᠰᠢᠯ ᠪᠤᠯᠬᠤ ᠮᠦᠷᠳᠡᠭᠡᠨ ᠦᠷᠭᠦᠯᠵᠢᠯᠡᠨ ᠤᠷᠤᠭᠰᠢᠯᠠᠬᠤ ᠶᠢᠨ ᠲᠦᠯᠬᠢᠴᠡ ᠬᠦᠴᠦᠨ ᠪᠤᠯᠬᠤ ᠶᠤᠮ᠃      ᠢᠯᠡᠳᠭᠡᠯ ᠳᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠡᠤᠬᠡᠳᠦ ᠡᠭᠦᠷᠭᠡ ᠎ ᠶᠢ ᠬᠦᠨᠵᠡᠭᠡᠢ ᠲᠤᠲᠤᠷᠬᠠᠶᠢᠯᠠᠨ ᠦᠭᠦᠯᠡᠵᠦ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠ ᠦᠨᠳᠦᠰᠦᠨ ᠠᠷᠭ᠎ᠠ ᠪᠤᠳᠤᠯᠭ᠎ᠠ ᠶᠢ ᠰᠢᠰᠲ᠋ᠧᠮ ᠲᠠᠢ ᠦᠭᠦᠯᠡᠵᠦ᠂ ᠢᠷᠡᠭᠡᠳᠦᠢ ᠳᠤ ᠬᠠᠨᠳᠤᠨ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠶᠡᠭᠡ ᠪᠤᠳᠤᠯᠭ᠎ᠠ᠂ ᠴᠢᠭᠯᠡᠯᠳᠡ ᠪᠠ ᠠᠵᠢᠯᠯᠠᠭᠠᠨ ᠤ ᠬᠦᠳᠦᠯᠪᠦᠷᠢ ᠶᠢ ᠲᠤᠷᠠᠳᠴᠦ᠂ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠡᠭᠰᠡᠨ ᠢ ᠲᠦᠪ ᠶᠤᠰᠤᠭᠠᠷ ᠵᠢᠭᠠᠵᠦ ᠭᠠᠷᠭᠠᠪᠠ᠃ ᠡᠨᠡ ᠨᠢ ᠮᠠᠨ ᠤ ᠪᠦᠬᠦ ᠨᠠᠮ ᠪᠤᠯᠤᠨ ᠪᠦᠬᠦ ᠤᠯᠤᠰ ᠤᠨ ᠠᠷᠠᠳ ᠲᠦᠮᠡᠨ ᠤ ᠤᠶᠢᠷ᠎ᠠ ᠶᠢᠨ ᠬᠤᠭᠤᠴᠠᠭᠠᠨ ᠳᠤ ᠪᠡᠶᠡᠯᠡᠬᠦᠯᠬᠦ ᠦᠢᠯᠡᠰ ᠤᠨ ᠰᠠᠷᠠᠭᠤᠯ ᠲᠠᠷᠳᠠᠩ ᠵᠠᠮ ᠢ ᠭᠡᠷᠡᠯᠳᠦᠭᠦᠯᠤᠭ᠍ᠰᠡᠨ ᠶᠤᠮ᠃      ᠢᠯᠡᠳᠭᠡᠯ ᠳᠤ᠂ ᠮᠠᠨ ᠤ ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠲᠦᠪᠰᠢᠨ ᠶᠡᠷᠦᠩᠬᠡᠢ ᠳᠡᠭᠡᠨ ᠮᠡᠳᠡᠭᠳᠡᠮ᠎ᠡ ᠲᠡᠭᠡᠭᠰᠢᠯᠡᠵᠦ᠂ ᠨᠡᠶᠢᠭᠡᠮ ᠤᠨ ᠦᠢᠯᠡᠳᠪᠦᠷᠢᠯᠡᠯ ᠤᠨ ᠴᠢᠳᠠᠪᠤᠷᠢ ᠮᠠᠰᠢ ᠤᠯᠠᠨ ᠲᠠᠯ᠎ᠠ ᠎ ᠪᠠᠷ ᠲᠡᠯᠡᠬᠡᠢ ᠶᠢᠨ ᠡᠮᠦᠨ᠎ᠡ ᠡᠩᠨᠡᠭᠡᠨ ᠳᠤ ᠤᠷᠤᠵᠦ᠂ ᠮᠠᠨ ᠤ ᠤᠯᠤᠰ ᠤᠨ ᠭᠤᠤᠯ ᠵᠤᠷᠢᠴᠠᠯ ᠨᠢᠭᠡᠨᠳᠡ ᠠᠷᠠᠳ ᠲᠦᠮᠡᠨ ᠤ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠠ ᠲᠡᠩᠴᠡᠭᠦᠷᠢ ᠦᠭᠡᠢ ᠭᠦᠢᠴᠡᠳ ᠦᠭᠡᠢ ᠬᠦᠭᠵᠢᠯᠳᠡ ᠶᠢᠨ ᠬᠤᠭᠤᠷᠤᠨᠳᠤᠬᠢ ᠵᠤᠷᠢᠴᠠᠯ ᠪᠤᠯᠵᠦ ᠬᠤᠪᠢᠷᠠᠭᠰᠠᠨ ᠢ ᠲᠤᠲᠤᠷᠬᠠᠶᠢᠯᠠᠪᠠ᠃ ᠡᠨᠡ ᠪᠤᠯ ᠮᠠᠨ ᠤ ᠤᠯᠤᠰ ᠤᠨ ᠠᠷᠠᠳ ᠲᠦᠮᠡᠨ ᠤ ᠠᠮᠢᠳᠤᠷᠠᠯ ᠤᠨ ᠲᠡᠭᠡᠭᠰᠢᠯᠡᠯᠳᠡ ᠪᠤᠯᠤᠨ ᠨᠡᠶᠢᠭᠡᠮ ᠤᠨ  ᠬᠦᠭᠵᠢᠯᠳᠡ ᠲᠠᠪᠰᠢᠯᠳᠠ ᠶᠢᠨ ᠲᠡᠤᠬᠡᠳᠦ ᠴᠢᠨᠠᠷ ᠲᠠᠢ ᠬᠤᠪᠢᠷᠠᠯᠳᠠ ᠶᠢᠨ ᠦᠷ᠎ᠡ ᠳ᠋ᠦᠩ ᠪᠤᠯᠤᠨ᠎ᠠ᠃ ᠲᠡᠩᠴᠡᠭᠦᠷᠢ ᠦᠭᠡᠢ ᠭᠦᠢᠴᠡᠳ ᠦᠭᠡᠢ ᠬᠦᠭᠵᠢᠯᠳᠡ ᠪᠠᠶᠢᠬᠤ ᠠᠰᠠᠭᠤᠳᠠᠯ ᠢ ᠬᠦᠴᠦᠯᠠᠨ ᠰᠡᠢᠳᠪᠦᠷᠢᠡᠯᠵᠦ᠂ ᠬᠦᠭᠵᠢᠯᠳᠡ ᠶᠢᠨ ᠶᠠᠰᠤ ᠴᠢᠨᠠᠷ ᠪᠠ ᠦᠷ᠎ᠡ ᠠᠰᠢᠭ ᠢ ᠬᠦᠴᠦᠯᠠᠨ ᠲᠡᠭᠡᠭᠰᠢᠯᠡᠭᠦᠯᠪᠡᠯ ᠰᠠᠶ᠋ᠢ ᠠᠷᠠᠳ ᠲᠦᠮᠡᠨ ᠤ ᠡᠯ᠎ᠡ ᠲᠠᠯ᠎ᠠ ᠶᠢᠨ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ ᠬᠡᠷᠡᠭᠴᠡᠭᠡ ᠶᠢ ᠨᠡᠩ ᠰᠠᠶᠢᠳᠦᠷ ᠬᠠᠩᠭᠠᠵᠦ᠂ ᠬᠦᠮᠦᠨ ᠤ ᠪᠦᠬᠦ ᠲᠠᠯ᠎ᠠ ᠶᠢᠨ ᠬᠦᠭᠵᠢᠯᠳᠡ ᠵᠢᠴᠢ ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠠ ᠶᠢ ᠨᠡᠩ ᠰᠠᠶᠢᠳᠦᠷ ᠠᠬᠢᠭᠤᠯᠬᠤ ᠶᠠᠪᠤᠳᠠᠯ ᠱᠠᠭᠠᠷᠳᠠᠭᠳᠠᠵᠦ ᠪᠠᠶᠢᠨ᠎ᠠ᠃      ᠲᠡᠭᠡᠷᠡᠬᠢ ᠶᠡᠷᠦᠩᠬᠡᠢ ᠪᠠᠶᠢᠳᠠᠯ ᠠᠴᠠ ᠪᠢᠳᠡ ᠬᠤᠶᠢᠰᠢᠳᠡ ᠶᠢᠨ ᠡᠭᠦᠷᠭᠡ ᠬᠠᠷᠠᠯᠳᠠ ᠶᠢ ᠲᠤᠲᠤᠷᠬᠠᠢ ᠡᠵᠡᠮᠰᠢᠵᠦ ᠪᠤᠯᠬᠤ ᠪᠦᠭᠡᠳ ᠮᠠᠷᠺᠠᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠤᠨᠤᠯ ᠪᠤᠯᠤᠨ ᠦᠢᠯᠡᠳᠦᠯᠭᠡ ᠶᠢ ᠨᠢᠭᠳᠠ ᠤᠶᠠᠯᠳᠤᠭᠤᠯᠵᠦ᠂ ᠦᠨᠡᠨ ᠠᠴᠠ ᠵᠦᠪ ᠢ ᠡᠷᠢᠵᠦ ᠪᠤᠳᠠᠳᠠᠢ ᠶᠢ ᠡᠷᠬᠢᠮᠯᠡᠬᠦ ᠪᠠ ᠴᠠᠭ ᠦᠶ᠎ᠡ ᠲᠠᠢ ᠵᠡᠷᠭᠡᠪᠡᠷ ᠤᠷᠤᠭᠰᠢᠯᠡᠵᠦ᠂ ᠲᠠᠨᠢᠯᠳᠠ ᠪᠠᠨ ᠲᠠᠰᠤᠷᠠᠯᠳᠠ ᠦᠭᠡᠢ ᠲᠡᠭᠡᠭᠰᠢᠯᠡᠭᠦᠯᠦᠨ ᠬᠦᠨᠵᠡᠭᠡᠶᠢᠷᠡᠭᠦᠯᠵᠦ᠂ ᠰᠢᠷᠭᠠᠭᠤ ᠬᠠᠳᠠᠭᠤᠵᠢᠯᠳᠠᠢ ᠰᠦᠪᠡᠭᠴᠢᠯᠡᠯᠳᠡ ᠬᠢᠵᠦ᠂ ᠦᠨᠡᠨᠬᠦ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠪᠤᠯᠵᠦ ᠬᠦᠮᠦᠵᠢᠬᠦ ᠭᠡᠷᠡᠭᠳᠡᠢ ᠪᠠᠶᠢᠭ᠎ᠠ ᠶᠤᠮ᠃ ᠪᠢᠳᠡ ᠰᠢ ᠶᠢᠨ ᠫᠢᠩ ᠤᠨ ᠢᠯᠡᠳᠭᠡᠯ ᠢ ᠨᠠᠷᠢᠨ ᠬᠢᠨᠠᠮᠠᠭᠠᠢ ᠰᠤᠷᠤᠯᠴᠠᠨ᠂ ᠦᠵᠡᠯ ᠤᠬᠠᠮᠰᠠᠷ ᠢᠶᠠᠨ ᠰᠢᠨ᠎ᠡ ᠬᠡᠮᠵᠢᠶᠡᠨ ᠳᠤ ᠠᠬᠢᠭᠤᠯᠵᠦ᠂ ᠭᠠᠵᠠᠷ ᠤᠷᠤᠨ ᠤ ᠪᠠᠨ ᠪᠤᠳᠠᠳᠤ ᠪᠠᠶᠢᠳᠠᠯ ᠢ ᠭᠦᠨᠵᠡᠭᠡᠢ ᠤᠶᠢᠯᠠᠭᠠᠵᠦ᠂ ᠰᠢᠨ᠎ᠡ ᠬᠦᠭᠵᠢᠯᠳᠡ ᠶᠢᠨ ᠰᠡᠳᠭᠢᠴᠡ ᠶᠢ ᠪᠤᠯᠪᠠᠰᠤᠷᠠᠭᠤᠯᠵᠦ᠂ ᠤᠷᠳᠤ ᠬᠤᠭᠤᠴᠠᠭᠠᠨ ᠤ ᠬᠦᠭᠵᠢᠯᠳᠡ ᠶᠢᠨ ᠲᠦᠰᠦᠪ ᠲᠦᠯᠦᠪᠯᠡᠭᠡ ᠶᠢ ᠪᠠᠳᠤᠳᠠᠢ ᠲᠤᠭᠳᠠᠭᠠᠨ ᠬᠡᠷᠡᠭᠵᠢᠬᠦᠯᠬᠦ ᠶᠠᠪᠤᠳᠠᠯ ᠨᠢ ᠡᠪ ᠬᠠᠮᠳᠤᠴᠦᠳ ᠪᠤᠯᠤᠨ ᠠᠯᠢᠪᠠ ᠪᠤᠯᠪᠠᠰᠤᠨ ᠬᠦᠴᠦᠨ ᠤ ᠡᠭᠦᠷᠭᠡ ᠪᠤᠯᠤᠨ ᠲᠠᠯᠪᠢᠭᠳᠠᠵᠦ ᠪᠠᠶᠢᠬᠤ ᠶᠤᠮ᠃      ᠶᠡᠭᠡ ᠬᠤᠷᠠᠯ ᠠᠴᠠ ︽ᠬᠤᠤᠰ ᠵᠠᠭᠤᠨ ᠵᠢᠯ︾᠎ ᠤᠨ ᠲᠡᠮᠡᠴᠡᠬᠦ ᠠᠯᠤᠰ ᠤᠨ ᠬᠠᠷᠠᠯᠳᠠ ᠪᠠ ᠤᠶᠢᠷ᠎ᠠ ᠦᠶ᠎ᠡ ᠎ ᠶᠢᠨ ᠡᠭᠦᠷᠭᠡ ᠶᠢ ᠲᠤᠲᠤᠷᠬᠠᠶᠢᠯᠠᠪᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠤᠯ ᠨᠢᠭᠡᠳᠦᠭᠡᠷ ᠵᠠᠭᠤᠨ ᠤ ᠡᠴᠦᠰ ᠤᠨ ᠬᠠᠷᠯᠠᠳᠠ ᠪᠠᠨ ᠪᠠᠶᠡᠯᠡᠬᠦᠯᠬᠦ ᠮᠦᠷᠳᠡᠭᠡᠨ ᠪᠠᠰᠠ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠎ ᠤᠨ ᠲᠡᠮᠡᠴᠡᠬᠦ ᠬᠠᠷᠠᠯᠳᠠ ᠲᠠᠰᠢ ᠤᠷᠤᠭᠰᠢᠯᠠᠬᠤ ᠪᠤᠯᠤᠨ᠎ᠠ᠃ ᠤᠳᠤ ᠠᠴᠠ 2020 ᠤᠨ ᠪᠤᠯᠳᠠᠯᠠᠬᠢ ᠬᠤᠭᠤᠴᠠᠭ᠎ᠠ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠡᠢᠳᠪᠦᠷᠢᠳᠦ ᠢᠯᠠᠯᠳᠡ ᠤᠯᠬᠤ ᠵᠠᠩᠬᠢᠯᠭ᠎ᠠ ᠶᠢᠨ ᠬᠤᠭᠤᠴᠠᠭ᠎ᠠ ᠪᠤᠯᠤᠨ᠎ᠠ᠃ ᠡᠨᠡ ᠤᠬᠤᠷᠬᠠᠨ ᠬᠤᠭᠤᠴᠠᠭ᠎ᠠ ᠳᠤ ᠪᠡᠶᠡᠯᠡᠬᠦᠯᠬᠦ ᠡᠭᠦᠷᠭᠡ ᠪᠤᠯ ᠮᠠᠰᠢ ᠬᠠᠳᠠᠭᠤᠵᠢᠯᠳᠠᠢ ᠪᠦᠭᠡᠳ ᠰᠢᠨᠳᠠᠰᠤ ᠰᠢᠯᠭᠠᠬᠤ ᠴᠠᠭ ᠦᠶ᠎ᠡ ᠪᠤᠯᠤᠨ᠎ᠠ᠃ ᠨᠠᠮ ᠤᠨ ᠡᠯ᠎ᠡ ᠱᠠᠳᠤᠨ ᠤ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠡᠪ ᠬᠠᠮᠳᠤ ᠨᠠᠮ ᠤᠨ ᠭᠡᠰᠢᠭᠦᠳ ᠲᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠎ ᠲᠠᠢ ᠪᠠᠶᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠲᠡᠭᠡᠳᠦ ᠱᠠᠳᠤᠨ ᠤ ᠡᠭᠦᠷᠭᠡ ᠬᠠᠷᠠᠯᠳᠠ ᠶᠢ ᠪᠠᠶᠠᠯᠡᠬᠦᠯᠬᠦ ᠪᠠ ᠨᠡᠶᠢᠭᠡᠮ ᠤᠨ ᠪᠤᠳᠠᠳᠤ ᠦᠢᠯᠡᠳᠦᠯᠭᠡ ᠲᠠᠢ ᠴᠢᠳᠠᠮᠠᠭᠠᠢ ᠎ ᠪᠠᠷ ᠤᠶᠠᠯᠳᠤᠭᠤᠯᠵᠦ᠂ ᠤᠬᠤᠷᠬᠠᠨ ᠬᠤᠭᠤᠴᠠᠭᠠᠨ ᠳᠤ ᠤᠷᠤᠨ ᠪᠠᠶᠢᠷᠢ ᠳᠠᠭᠠᠨ ᠲᠤᠪᠤᠶᠢᠭᠰᠠᠨ ᠠᠮᠵᠢᠯᠳᠠ ᠶᠢ ᠤᠯᠬᠤ ᠪᠠᠷ ᠲᠡᠮᠡᠴᠡᠬᠦ ᠭᠡᠷᠡᠭᠳᠡᠢ ᠪᠤᠯᠤᠭᠠᠳ ᠪᠠᠶᠢᠨ᠎ᠠ᠃      ᠠᠯᠤᠰ ᠬᠤᠯᠠ ᠶᠢᠨ ᠡᠭᠦᠷᠭᠡ ᠬᠠᠷᠠᠯᠳᠠ ᠠᠴᠠ ᠦᠵᠡᠪᠡᠯ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠪᠠᠨ ᠬᠤᠶᠠᠷ ᠱᠠᠳᠤ ᠬᠤᠪᠢᠶᠠᠨ ᠲᠤᠬᠢᠷᠠᠭᠤᠯᠵᠦ ᠶᠠᠪᠤᠭᠳᠠᠭᠤᠯᠬᠤ ᠪᠠᠷ ᠲᠤᠷᠠᠳᠪᠠ᠃ ᠨᠢᠭᠡᠳᠦᠭᠡᠷ ᠱᠠᠳᠤ ᠎ ᠨᠢ᠂2020 ᠤᠨ ᠠᠴᠠ 2035 ᠤᠨ ᠪᠤᠯᠳᠠᠯ᠎ᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠲᠡᠭᠡᠷ᠎ᠡ ᠲᠠᠬᠢᠭᠠᠳ 15 ᠵᠢᠯ ᠲᠡᠮᠡᠴᠡᠵᠦ ᠨᠡᠶᠢᠭᠡᠮ ᠵᠢᠷᠤᠮ ᠤᠨ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠲᠡᠷᠡ ᠴᠠᠭ ᠦᠶ᠎ᠡ ᠳᠤ ᠮᠠᠨ ᠤ ᠤᠯᠤᠰ ᠨᠢ ᠠᠵᠦ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠎ ᠤᠨ ᠪᠤᠳᠠᠳᠤ ᠬᠦᠴᠦᠨ ᠶᠡᠬᠡᠪᠡᠷ ᠲᠡᠭᠡᠭᠰᠢᠯᠡᠵᠦ᠂ ᠰᠢᠨ᠎ᠡ ᠶᠢ ᠡᠭᠦᠳᠬᠦ ᠬᠡᠯᠪᠡᠷᠢ ᠶᠢᠨ ᠲᠡᠯᠡᠬᠡᠢ ᠶᠢᠨ ᠲᠡᠷᠢᠭᠦᠨ ᠤ ᠬᠡᠮᠵᠢᠶᠡᠨ ᠳᠤ ᠤᠷᠤᠨ᠎ᠠ᠂ ᠨᠡᠶᠢᠭᠡᠮ ᠤᠨ ᠪᠤᠯᠪᠠᠰᠤᠨ ᠤ ᠬᠡᠮᠵᠢᠶ᠎ᠡ ᠰᠢᠨ᠎ᠡ ᠦᠨᠳᠦᠷᠴᠡ ᠳᠤ ᠬᠦᠷᠴᠦ᠂ ᠬᠠᠤᠯᠢᠵᠢᠭᠰᠠᠨ ᠨᠡᠶᠢᠭᠡᠮ ᠢ ᠦᠨᠳᠦᠰᠦᠨ ᠳᠡᠭᠡᠨ ᠪᠦᠳᠦᠭᠡᠨ ᠪᠠᠶᠢᠭᠤᠯᠵᠦ᠂ ᠲᠤᠮᠳᠠᠳᠤ ᠶᠢᠨ ᠰᠤᠶᠤᠯ ᠤᠨ ᠨᠦᠯᠦᠭᠡ ᠨᠡᠩ ᠦᠷᠭᠡᠨ ᠲᠡᠯᠭᠡᠷ ᠭᠦᠨᠵᠡᠭᠡᠶᠢᠷᠡᠬᠦ ᠪᠤᠯᠤᠨ᠎ᠠ᠃ ᠠᠷᠠᠳ ᠤᠨ ᠠᠮᠢᠳᠤᠷᠠᠯ ᠨᠡᠩ ᠡᠯᠪᠡᠭ ᠴᠢᠨᠡᠭᠡᠯᠢᠭ ᠪᠤᠯᠵᠦ᠂ ᠬᠤᠳᠠ ᠬᠦᠳᠡᠭᠡ ᠶᠢᠨ ᠤᠷᠤᠨ ᠪᠦᠰᠡ ᠶᠢᠨ ᠵᠦᠷᠢᠶ᠎ᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠵᠦᠷᠢᠶ᠎ᠡ ᠪᠠᠭᠠᠰᠴᠤ᠂ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠶᠢ ᠦᠨᠳᠦᠰᠦᠨ ᠳᠤᠨᠢ ᠪᠡᠶᠡᠯᠡᠭᠦᠯᠵᠦ᠂ ᠠᠷᠠᠳ ᠨᠡᠶᠢᠳᠡ ᠪᠠᠷ ᠢᠶᠠᠨ ᠬᠠᠮᠳᠤᠪᠠᠷ ᠪᠠᠶᠠᠵᠢᠬᠤ ᠵᠠᠮ ᠢᠶᠠᠷ ᠢᠳᠡᠷᠭᠡᠭ ᠠᠯᠬᠤᠨ᠎ᠠ᠃ ᠤᠳᠤ ᠦᠶ᠎ᠡ ᠶᠢᠨ ᠨᠡᠶᠢᠭᠡᠮ ᠤᠨ ᠵᠠᠰᠠᠯᠳᠠ ᠶᠢᠨ ᠪᠠᠶᠢᠷᠢᠰᠢᠯ ᠦᠨᠳᠦᠰᠦᠨ ᠳᠡᠭᠡᠨ ᠪᠦᠷᠢᠯᠳᠦᠵᠦ᠂ ᠡᠶ᠎ᠡ ᠵᠤᠬᠢᠴᠠᠯ ᠡᠮᠬᠢ ᠵᠢᠷᠤᠮ ᠲᠠᠢ ᠪᠤᠯᠵᠦ᠂ ᠠᠮᠢ ᠠᠬᠤᠢ ᠶᠢᠨ ᠤᠷᠴᠢᠨ ᠨᠦᠬᠦᠴᠡᠯ ᠦᠨᠳᠦᠰᠦᠨ ᠳᠡᠭᠡᠨ ᠰᠠᠶᠢᠵᠢᠷᠠᠵᠦ᠂ ᠦᠵᠡᠰᠭᠦᠯᠡᠩᠳᠦ ᠰᠠᠶᠢᠬᠠᠨ ᠲᠤᠮᠳᠠᠳᠤ ᠤᠯᠤᠰ ᠢ ᠪᠠᠶᠢᠭᠤᠯᠬᠤ ᠬᠠᠷᠠᠯᠳᠠ ᠦᠨᠳᠦᠰᠦᠨ ᠳᠡᠭᠡᠨ ᠪᠡᠶᠡᠯᠡᠭᠳᠡᠨ᠎ᠡ᠃ ᠬᠤᠶᠠᠳᠤᠭᠠᠷ ᠱᠠᠳᠤ ᠨᠢ 2035 ᠤᠨ ᠠᠴᠠ ᠲᠤᠰ ᠵᠠᠭᠤᠨ ᠤ ᠲᠤᠮᠳᠠᠴᠢ ᠪᠤᠯᠳᠠᠯ᠎ᠠ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠰᠠᠭᠤᠷᠢᠨ ᠲᠡᠭᠡᠷ᠎ᠡ ᠲᠠᠬᠢᠨ 10 ᠵᠢᠯ ᠲᠡᠮᠡᠴᠡᠵᠦ ᠮᠠᠨ ᠤ ᠤᠯᠤᠰ ᠢᠶᠠᠨ ᠪᠠᠶᠠᠨ ᠬᠦᠴᠦᠷᠭᠡᠭ ᠠᠷᠠᠳᠴᠢᠯᠠᠭᠰᠠᠨ ᠪᠤᠯᠪᠠᠰᠤᠨ ᠡᠶ᠎ᠡ ᠵᠤᠬᠢᠴᠡᠯ ᠲᠠᠢ ᠦᠵᠡᠰᠭᠦᠯᠡᠩᠳᠦ ᠰᠠᠶᠢᠬᠠᠨ ᠨᠡᠶᠢᠭᠡᠮ ᠵᠢᠷᠤᠮᠳᠦ ᠤᠳᠤᠬᠢᠴᠢᠯᠠᠭᠰᠠᠨ ᠬᠦᠴᠦᠷᠭᠡᠭ ᠤᠯᠤᠰ ᠪᠤᠯᠭᠠᠨ ᠪᠠᠶᠢᠭᠤᠯᠤᠨ᠎ᠠ ᠭᠡᠵᠦ ᠢᠯᠡᠳᠭᠡᠯ ᠳᠤ ᠮᠠᠰᠢ ᠰᠡᠳᠭᠢᠯ ᠬᠦᠳᠡᠯᠭᠡᠮ᠎ᠡ ᠵᠢᠭᠠᠵᠦ ᠭᠠᠷᠭᠠᠪᠠ᠃ ᠡᠨᠡᠬᠦ ᠠᠭᠤᠤ ᠶᠡᠭᠡ ᠦᠢᠯᠡᠰ ᠢ ᠲᠤᠮᠳᠠᠳᠤ ᠤᠯᠤᠰ ᠤᠨ ᠡᠪ ᠬᠠᠮᠳᠤ ᠨᠠᠮ ᠯᠡ ᠰᠠᠶ᠋ᠢ ᠲᠡᠤᠬᠡᠳᠦ ᠡᠭᠦᠷᠭᠡ ᠪᠠᠷ ᠪᠡᠶᠡᠯᠡᠭᠦᠯᠵᠦ ᠴᠢᠳᠠᠨ᠎ᠠ᠂ ᠡᠨᠡᠬᠦ ᠠᠭᠤᠤ ᠶᠡᠭᠡ ᠠᠯᠤᠰ ᠤᠨ ᠬᠠᠷᠠᠯᠳᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠯᠠ ᠰᠠᠶ᠋ᠢ ᠠᠷᠠᠳ ᠲᠦᠮᠡᠨ ᠢᠶᠠᠨ ᠲᠠᠭᠠᠭᠤᠯᠤᠨ ᠠᠮᠵᠢᠯᠳᠠ ᠲᠠᠢ ᠬᠦᠷᠴᠦ ᠴᠢᠳᠠᠨ᠎ᠠ᠃ ᠤᠴᠢᠷ ᠨᠢ ᠡᠪ ᠬᠠᠮᠳᠤ ᠨᠠᠮ ᠤᠨ ᠤᠯᠤᠰ ᠲᠦᠷᠦ ᠶᠢᠨ ᠴᠢᠭᠯᠡᠯᠳᠡ ᠱᠤᠭᠤᠮ ᠪᠤᠯ ᠵᠦᠪ ᠤᠨᠤᠪᠴᠢᠳᠠᠢ ᠪᠦᠭᠡᠳ ᠭᠡᠭᠡᠨ ᠰᠠᠷᠠᠭᠤᠯ ᠪᠠᠶᠢᠬᠤ ᠳᠤ ᠤᠷᠤᠰᠢᠨ᠎ᠠ᠃ ᠡᠨᠡ ᠪᠤᠯ ᠮᠠᠷᠺᠠᠰ ᠤᠨ ᠦᠵᠡᠯ ᠤᠨ ᠠᠯᠤᠰ ᠤᠨ ᠬᠠᠷᠠᠯᠳᠠ᠂ ᠡᠪ ᠬᠠᠮᠳᠤ ᠨᠡᠶᠢᠭᠡᠮ ᠤᠨ ᠡᠴᠦᠰ ᠤᠨ ᠬᠠᠷᠠᠯᠳᠠ ᠢ ᠪᠡᠶᠡᠯᠡᠬᠦᠯᠬᠦ ᠵᠠᠪᠠᠯ ᠶᠠᠪᠤᠬᠤ ᠨᠡᠶᠢᠭᠡᠮ ᠵᠢᠷᠤᠮ ᠤᠨ ᠵᠠᠮ ᠮᠦᠨ ᠭᠡᠳᠡᠭ ᠎ ᠢ ᠵᠢᠭᠠᠭᠰᠠᠨ ᠶᠤᠮ᠃      ᠤᠶᠢᠷ᠎ᠠ ᠦᠶ᠎ᠡ ᠶᠢᠨ ᠪᠠ ᠠᠯᠤᠰ ᠬᠤᠯᠠ ᠶᠢᠨ ᠬᠦᠭᠵᠢᠯᠳᠡ ᠶᠢᠨ ᠬᠠᠷᠠᠯᠳᠠ ᠶᠢ ᠪᠠᠶᠠᠯᠡᠭᠦᠯᠬᠦ ᠳᠤ᠂ ᠰᠢ ᠶᠢᠨ ᠫᠢᠩ ᠤᠨ ᠲᠤᠷᠠᠳᠤᠭᠰᠠᠨ ᠰᠢᠨ᠎ᠡ ᠴᠠᠭ ᠦᠶ᠎ᠡ ᠳᠠᠬᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠦᠨᠳᠦᠰᠦᠨ ᠠᠷᠭ᠎ᠠ ᠪᠤᠳᠤᠯᠭ᠎ᠠ ᠶᠢ ᠵᠢᠷᠤᠮᠯᠠᠵᠦ᠂ ᠡᠯ᠎ᠡ ᠱᠠᠳᠤᠨ ᠤ ᠨᠠᠮ ᠤᠨ ᠬᠤᠷᠢᠶᠠᠨ ᠎ ᠤ ᠤᠳᠤᠷᠢᠳᠤᠯᠭ᠎ᠠ ᠶᠢᠨ ᠲᠤᠤᠷ᠎ᠠ ᠭᠠᠵᠠᠷ ᠤᠷᠤᠨ ᠤ ᠤᠨᠴᠠᠯᠢᠭ ᠲᠠᠭᠠᠨ ᠲᠤᠬᠢᠷᠠᠭᠰᠠᠨ ᠠᠷᠭ᠎ᠠ ᠬᠡᠮᠵᠢᠶ᠎ᠡ ᠶᠢ ᠲᠤᠭᠳᠠᠭᠠᠵᠦ᠂ ᠠᠵᠢᠯ ᠢᠶᠠᠨ ᠪᠠᠳᠤᠳᠠᠢ ᠦᠷᠨᠢᠭᠦᠯᠪᠡᠯ ᠵᠤᠬᠢᠨ᠎ᠡ᠃ ᠰᠢ ᠲᠡᠷᠢᠭᠦᠯᠡᠭᠴᠢ ᠬᠦᠭᠵᠢᠯᠳᠡ ᠶᠢᠨ ᠠᠷᠭ᠎ᠠ ᠪᠤᠳᠤᠯᠭ᠎ᠠ ᠶᠢ 14 ᠲᠠᠯ᠎ᠠ ᠶᠢᠨ ᠰᠢᠨᠵᠢᠯᠡᠬᠦ ᠤᠬᠠᠭᠠᠨᠴᠢ ᠲᠤᠷᠠᠳᠤᠯᠭ᠎ᠠ ᠶᠢ ᠭᠠᠷᠭᠠᠵᠦ᠂ ᠦᠭᠡᠷᠡᠴᠢᠯᠡᠯᠳᠡ ᠬᠦᠭᠵᠢᠯᠳᠡ ᠶᠢᠨ ᠵᠦᠪ ᠴᠢᠭᠯᠡᠯ ᠢ ᠵᠢᠭᠠᠵᠦ᠂ ᠤᠯᠠᠨ ᠲᠤᠭᠤᠷᠢᠭᠤ ᠵᠠᠮ ᠢᠶᠠᠷ ᠶᠠᠪᠤᠬᠤ ᠶᠢ ᠠᠮᠵᠢᠯᠳᠠ ᠲᠠᠢ ᠬᠤᠷᠢᠭᠯᠠᠵᠦ ᠴᠢᠳᠠᠭᠰᠠᠨ ᠢ ᠬᠠᠷᠠᠭᠤᠯᠵᠦ ᠪᠠᠶᠢᠨ᠎ᠠ᠃ ᠡᠨᠡᠬᠦ ᠠᠷᠭ᠎ᠠ ᠪᠤᠳᠤᠯᠭ᠎ᠠ ᠶᠢᠨ ᠭᠤᠤᠯ ᠠᠭᠤᠯᠭ᠎ᠠ ᠨᠢ᠂ ᠨᠠᠮ ᠎ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠬᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢ ᠪᠠᠷᠢᠮᠳᠠᠯᠠᠬᠤ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠠᠷᠢᠮᠳᠠᠯᠠᠬᠤ᠂ ᠠᠷᠠᠳ ᠲᠦᠮᠡᠨ ᠡᠵᠡᠨ ᠰᠠᠭᠤᠵᠦ ᠡᠷᠬᠡ ᠮᠡᠳᠡᠬᠦ ᠶᠢ ᠪᠠᠷᠢᠮᠳᠠᠯᠠᠬᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠳᠠᠯᠠᠬᠤ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠶᠢᠨ ᠰᠢᠰᠲ᠋ᠧᠮ ᠢ ᠪᠠᠷᠢᠮᠳᠠᠯᠠᠬᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠬᠤ᠂ ᠪᠠᠶᠢᠭᠠᠯᠢ ᠎ ᠶᠢᠨ ᠡᠶ᠎ᠡ ᠵᠤᠬᠢᠴᠠᠯ ᠲᠠᠢ ᠪᠠᠷ ᠬᠠᠮᠳᠤ ᠤᠷᠤᠰᠢᠬᠤ ᠶᠢ ᠪᠠᠷᠢᠮᠳᠠᠯᠠᠬᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠶᠢ ᠪᠠᠷᠢᠮᠳᠠᠯᠠᠬᠤ᠂ ᠨᠠᠮ ᠤᠨ ᠠᠷᠠᠳ ᠤᠨ ᠴᠡᠷᠢᠭ ᠠᠩᠬᠢ ᠳᠤ ᠶᠠᠪᠤᠭᠤᠯᠬᠤ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠳᠠᠯᠠᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠪᠠ ᠡᠬᠡ ᠤᠷᠤᠨ ᠤ ᠨᠢᠭᠡᠳᠦᠯ ᠢ ᠠᠬᠢᠭᠤᠯᠬᠤ ᠶᠢ ᠪᠠᠷᠢᠮᠳᠠᠯᠠᠬᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠴᠤᠭᠴᠠ ᠶᠢ ᠪᠠᠶᠢᠭᠤᠯᠬᠤ ᠠᠬᠢᠭᠤᠯᠤᠯᠳᠠ ᠶᠢ ᠪᠠᠷᠢᠮᠳᠠᠯᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠬᠤ ᠵᠡᠷᠭᠡ ᠪᠠᠶᠠᠯᠢᠭ ᠪᠦᠷᠢᠨ ᠠᠭᠤᠯᠭ᠎ᠠ ᠪᠠᠷ ᠢᠯᠡᠷᠡᠵᠦ ᠪᠤᠢ᠃ ᠮᠠᠤ ᠽᠧ ᠳ᠋ᠦᠩ ᠲᠡᠮᠳᠡᠭᠯᠡᠬᠦ ᠳᠡᠭᠡᠨ᠄ ︽ᠲᠦᠷᠦ ᠶᠢᠨ ᠪᠤᠳᠤᠯᠭ᠎ᠠ ᠪᠠ ᠠᠷᠭ᠎ᠠ ᠪᠤᠳᠤᠯᠭ᠎ᠠ ᠪᠤᠯ ᠨᠠᠮ ᠤᠨ ᠠᠮᠢ ᠨᠠᠰᠤ ᠮᠦᠨ᠂ ᠡᠯ᠎ᠡ ᠱᠠᠳᠤᠨ ᠤᠳᠤᠷᠢᠳᠬᠤ ᠨᠦᠬᠦᠳ ᠰᠠᠶᠢᠳᠦᠷ ᠠᠩᠬᠠᠷᠠᠬᠤ ᠬᠡᠷᠡᠭᠳᠡᠢ᠃ ᠶᠠᠭᠠᠬᠢᠭᠰᠠᠨ ᠴᠤ ᠬᠠᠰᠢ ᠶᠠᠰᠢ ᠪᠠᠷ ᠬᠠᠨᠳᠤᠵᠦ ᠪᠤᠯᠬᠤ ᠦᠭᠡᠢ︾ ᠭᠡᠵᠡᠢ᠃ ᠰᠢ ᠶᠢᠨ ᠫᠢᠩ ᠨᠦᠬᠦᠷ ᠤᠨ ᠲᠤᠷᠠᠳᠤᠭᠰᠠᠨ ᠬᠦᠭᠵᠢᠬᠦᠯᠬᠦ ᠦᠨᠳᠦᠰᠦᠨ ᠠᠷᠭ᠎ᠠ ᠪᠤᠳᠤᠯᠭ᠎ᠠ  ᠪᠤᠯ ᠶᠠᠭ ᠡᠨᠡᠬᠦ ᠦᠨᠳᠦᠰᠦᠨ ᠵᠠᠷᠴᠢᠮ ᠲᠠᠢ ᠨᠡᠶᠢᠴᠡᠭᠰᠡᠨ ︽ᠬᠤᠶᠠᠷ ᠵᠠᠭᠤᠨ ᠤ ᠬᠠᠷᠠᠯᠳᠠ︾᠎ ᠶᠢ ᠪᠡᠶᠡᠯᠡᠬᠦᠯᠬᠦ ᠵᠠᠶᠢᠯᠠᠰᠢ ᠦᠭᠡᠢ ᠠᠷᠭ᠎ᠠ ᠠᠪᠴᠢᠯ ᠪᠤᠯᠬᠤ ᠶᠤᠮ᠃ ᠪᠢᠳᠡ ᠡᠨᠡᠬᠦ ᠦᠨᠳᠦᠰᠦᠨ ᠠᠷᠭ᠎ᠠ ᠪᠤᠳᠤᠯᠭ᠎ᠠ ᠶᠢ ᠵᠢᠷᠤᠮᠯᠠᠳᠠᠭ ᠯᠡ ᠶᠤᠮ ᠮᠠᠨ ᠤ ᠬᠢᠵᠦ ᠪᠠᠶᠢᠭ᠎ᠠ ᠦᠢᠯᠡᠰ ᠭᠦᠢᠴᠡᠳ ᠠᠮᠵᠢᠯᠳᠠ ᠳᠤ ᠬᠦᠷᠴᠦ ᠴᠢᠳᠠᠨ᠎ᠠ ᠭᠡᠳᠡᠭ ᠲᠤ ᠪᠠᠳᠤ ᠢᠳᠡᠭᠡᠯᠳᠡᠢ ᠪᠠᠶᠢᠨ᠎ᠠ᠃                            ᠬᠠᠶ᠋ᠢᠭ᠄ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠎ ᠤ ᠠᠬᠠᠮᠠᠳ ᠺᠠᠳᠠᠷ ᠤᠨ ᠲᠤᠪᠴᠢᠶ᠎ᠠ
 
ᠢᠷᠡᠯᠲᠡ᠄ ᠤᠷᠢᠶᠠᠩᠬᠠᠨ ᠤ᠂ ᠶᠤᠨᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号