ᠵᠡᠭᠦᠨ ᠦᠵᠦᠮᠦᠴᠢᠨ ᠬᠤᠰᠢᠭᠤᠨ ᠤ 2017 ᠤᠨ ᠤ ᠡᠪᠦᠯ ᠤᠨ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠢᠴᠢ ᠪᠡᠯᠴᠡᠭᠡᠷᠯᠡᠭᠦᠯᠬᠦ ᠶᠢ ᠴᠠᠭᠠᠵᠢᠯᠠᠬᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠬᠤ ᠠᠵᠢᠯ ᠵᠢᠩᠬᠢᠨᠢ ᠪᠠᠷ ᠡᠬᠢᠯᠡᠯ᠎ᠡ
ᠨᠡᠶᠢᠲᠡᠯᠡᠭᠰᠡᠨ ᠴᠠᠭ᠄
2017/11/16
     ᠨᠤᠲᠤᠭ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠲᠤᠭᠲᠠᠭᠠᠨ᠂ ᠮᠠᠯ ᠪᠡᠯᠴᠢᠭᠡᠷ ᠤᠨ ᠲᠡᠩᠴᠡᠭᠦᠷᠢ ᠶᠢᠨ ᠱᠠᠩᠨᠠᠯ ᠨᠦᠬᠦᠪᠦᠷᠢ ᠶᠢᠨ ᠠᠵᠢᠯ ᠢ ᠰᠠᠶᠢᠳᠤᠷ ᠬᠢᠵᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠲᠡ ᠶᠢᠨ ᠤᠳᠤᠬᠢ ᠪᠠᠶᠢᠳᠠᠯ ᠢ ᠤᠨᠤᠪᠴᠢᠲᠠᠢ ᠡᠵᠡᠮᠰᠢᠬᠦ ᠶᠢᠨ ᠲᠦᠯᠦᠭᠡ᠂ ᠬᠤᠰᠢᠭᠤ ᠠᠮᠢ ᠠᠬᠤᠢ ᠶᠢᠨ ᠲᠤᠪᠴᠢᠶᠠᠨ ᠠᠴᠠ ᠡᠯ᠎ᠡ ᠪᠠᠶᠢᠭᠤᠯᠤᠯᠭ᠎ᠠ᠂ ᠬᠠᠤᠯᠢ ᠭᠡᠷᠡᠭᠵᠢᠭᠦᠯᠬᠦ ᠶᠡᠭᠡ ᠠᠩᠭᠢ ᠵᠢᠴᠢ ᠡᠯ᠎ᠡ ᠰᠤᠮᠤ ᠪᠠᠯᠭᠠᠰᠤᠨ ᠤ ᠠᠵᠢᠯᠲᠠᠨ ᠢ ᠵᠤᠬᠢᠶᠠᠨ ᠪᠠᠶᠢᠭᠤᠯᠤᠨ 2017 ᠤᠨ ᠤ ᠡᠪᠦᠯ ᠤᠨ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠬᠢᠯᠡᠭᠦᠯᠦᠯ᠎ᠡ᠃     《ᠵᠡᠭᠦᠨ ᠦᠵᠦᠮᠦᠴᠢᠨ ᠬᠤᠰᠢᠭᠤᠨ ᠤ 2017 ᠤᠨ ᠤ ᠡᠪᠦᠯ ᠤᠨ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠢᠴᠢ ᠪᠡᠯᠴᠡᠭᠡᠷᠯᠡᠭᠦᠯᠬᠦ ᠶᠢ ᠴᠠᠭᠠᠵᠢᠯᠠᠬᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠬᠤ ᠠᠵᠢᠯ ᠤᠨ ᠬᠡᠷᠡᠭᠵᠢᠭᠦᠯᠬᠦ ᠲᠦᠰᠦᠯ》᠎ ᠳᠤ ᠮᠠᠨ ᠤ ᠬᠤᠰᠢᠭᠤᠨ ᠤ 9 ᠰᠤᠮᠤ ᠪᠠᠯᠭᠠᠰᠦ ᠶᠢ 33 ᠠᠵᠢᠯ ᠤᠨ ᠳᠤᠭᠤᠶᠢᠯᠠᠩ ᠬᠤᠪᠢᠶᠠᠭᠰᠠᠨ ᠪᠠᠶᠢᠨ᠎ᠠ᠃ ᠬᠤᠰᠢᠭᠤ ᠠᠮᠢ ᠠᠬᠤᠢ ᠶᠢᠨ ᠲᠤᠪᠴᠢᠶᠠᠨ‌ᠡᠴᠠ 20ᠨᠡᠷ᠎ᠡ ᠠᠵᠢᠯᠲᠠᠨ ᠵᠤᠬᠢᠶᠠᠨ ᠪᠠᠶᠢᠭᠤᠯᠤᠨ ᠡᠷᠦᠬᠡ ᠳᠤ ᠭᠦᠨᠵᠡᠭᠡᠶᠢᠷᠡᠨ ᠪᠠᠶᠢᠴᠠᠭᠠᠬᠤ ᠠᠵᠢᠯ ᠳᠤ ᠤᠷᠤᠯᠴᠠᠭᠤᠯᠤᠭᠰᠠᠨ ᠤ ᠬᠠᠮᠲᠤ 12 ᠲᠡᠷᠭᠡ ᠪᠠ 16 ᠠᠭᠠᠷ ᠢᠶᠠᠷ ᠰᠡᠭᠦᠳᠡᠷᠯᠡᠬᠦ ᠮᠠᠰᠢᠨ ᠳᠤᠬᠢᠷᠠᠭᠤᠯᠤᠭᠰᠠᠨ ᠪᠠᠶᠢᠨ᠎ᠠ᠃      ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠨᠢ 11 ᠰᠠᠷ᠎ᠠ ᠶᠢᠨ 14᠎ ᠤ ᠡᠳᠦᠷ ᠠᠴᠠ 12 ᠰᠠᠷ᠎ᠠ ᠶᠢᠨ 1᠎ ᠤ ᠡᠳᠦᠷ ᠪᠤᠯᠲᠠᠯ᠎ᠠ ᠡᠷᠦᠭᠡ ᠳᠤ ᠭᠦᠨᠵᠡᠭᠡᠶᠢᠷᠡᠨ ᠪᠠᠶᠢᠴᠠᠭᠠᠬᠤ ᠠᠵᠢᠯ ᠢ ᠳᠠᠭᠤᠰᠬᠠᠵᠤ᠂ 12 ᠰᠠᠷ᠎ᠠ ᠶᠢᠨ 2᠎ ᠤ ᠡᠳᠦᠷ ᠠᠴᠠ 20᠎ ᠤ ᠡᠳᠦᠷ ᠪᠤᠯᠲᠠᠯ᠎ᠠ ᠺᠤᠮᠫᠢᠦ᠋ᠲ᠋ᠧᠷ ᠲᠤ ᠤᠷᠤᠭᠤᠯᠤᠨ᠂ 12 ᠰᠠᠷ᠎ᠠ ᠶᠢᠨ 30᠎ ᠤ ᠡᠳᠦᠷ ᠠᠴᠠ ᠡᠮᠦᠨ᠎ᠡ ᠳᠡᠭᠡᠭᠰᠢ ᠮᠡᠳᠡᠭᠦᠯᠵᠦ ᠪᠦᠬᠦ ᠠᠵᠢᠯ ᠢ ᠳᠠᠭᠤᠰᠬᠠᠨ᠎ᠠ᠃
 
ᠢᠷᠡᠯᠲᠡ᠄ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号