ᠵᠡᠭᠦᠨ ᠦᠵᠦᠮᠦᠴᠢᠨ ᠬᠤᠰᠢᠭᠤ ᠨᠢ ᠪᠦᠬᠦ ᠬᠤᠰᠢᠭᠤᠨ ᠤ ᠮᠢᠬᠠᠨ ᠦᠬᠡᠷ ᠤᠨ ᠡᠭᠦᠯᠳᠡᠷ ᠢ ᠰᠢᠯᠢᠳᠡᠭᠵᠢᠭᠦᠯᠬᠦ | ᠠᠬᠢᠴᠠ ᠶᠢ ᠲᠦᠷᠭᠡᠳᠬᠡᠨ᠂ ᠰᠢᠯᠢᠳᠡᠭ ᠡᠭᠦᠯᠳᠡᠷ ᠢ ᠲᠡᠵᠢᠭᠡᠨ ᠦᠷᠡᠵᠢᠭᠦᠯᠬᠦ ᠲᠤᠭᠳᠠᠯᠴᠠᠭᠠᠨ ᠤ ᠪᠠᠶᠢᠭᠤᠯᠤᠯᠲᠠ ᠶᠢ | ᠤᠯᠠᠮ ᠨᠢᠭᠡ ᠠᠯᠬᠤᠮ ᠠᠬᠢᠭᠤᠯᠵᠤ᠂ ᠮᠠᠯ ᠰᠦᠷᠦᠭ ᠤᠨ ᠪᠦᠳᠦᠴᠡ ᠶᠢ ᠰᠢᠯᠢᠳᠡᠭᠵᠢᠭᠦᠯᠦᠨ᠂ ᠮᠢᠬᠠᠨ ᠦᠬᠡᠷ ᠤᠨ | ᠭᠤᠤᠯᠳᠠᠯᠭᠠᠲᠤ ᠰᠦᠷᠦᠭ ᠤᠨ ᠪᠠᠶᠢᠭᠤᠯᠤᠯᠲᠠ ᠶᠢ ᠳᠦᠷᠢᠮᠵᠢᠭᠦᠯᠦᠨ ᠪᠠᠲᠤᠳᠬᠠᠵᠤ᠂ ᠭᠤᠤᠯᠳᠠᠯᠭᠠᠲᠤ ᠰᠦᠷᠦᠭ ᠤᠨ | ᠰᠢᠯᠢᠳᠡᠭ ᠡᠭᠦᠯᠳᠡᠷ ᠤᠨ ᠦᠢᠯᠡᠳᠪᠦᠷᠢᠯᠡᠯ ᠤᠨ ᠴᠢᠳᠠᠪᠬᠢ ᠶᠢ ᠳᠡᠭᠡᠭᠰᠢᠯᠡᠭᠦᠯᠬᠦ ᠶᠢᠨ ᠲᠦᠯᠦᠭᠡ᠂ ᠦᠨᠦ ᠵᠢᠯ ᠠᠴᠠ | ᠡᠬᠢᠯᠡᠨ᠂ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠭᠤᠤᠯᠳᠠᠯᠭᠠᠲᠤ ᠰᠦᠷᠦᠭ ᠢ ᠨᠡᠶᠢᠳᠡᠮ ᠪᠠᠶᠢᠴᠠᠭᠠᠵᠤ ᠬᠢᠨᠠᠨ | ᠳᠤᠭᠳᠠᠭᠠᠬᠤ ᠪᠠ ᠴᠡᠭᠴᠡᠯᠡᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠲᠤᠰᠬᠠᠢ ᠮᠡᠷᠭᠡᠵᠢᠯᠲᠡᠨ ᠢ ᠵᠤᠬᠢᠶᠠᠨ | ᠪᠠᠶᠢᠭᠤᠯᠤᠨ ᠤᠷᠢᠳ ᠬᠤᠵᠢᠳ ᠤᠯᠢᠶᠠᠰᠦᠲᠠᠢ ᠪᠠᠯᠭᠠᠰᠦ᠂ ᠳᠠᠭᠤᠲᠤᠨᠠᠭᠤᠷ ᠪᠠᠯᠭᠠᠰᠤ᠂ ᠭᠠᠬᠢᠯ ᠰᠤᠮᠤ᠂ | ᠮᠠᠨᠳᠤᠬᠤᠪᠤᠯᠠᠭ ᠪᠠᠯᠭᠠᠰᠤ᠂ ᠬᠦᠷᠢᠶᠡᠳᠦᠨᠠᠭᠤᠷ ᠰᠤᠮᠤ ᠵᠡᠷᠭᠡ ᠶᠢᠨ ᠠᠶᠢᠮᠠᠭ ᠱᠠᠲᠤᠨ ᠤ 10 ᠰᠢᠯᠢᠳᠡᠭ ᠡᠭᠦᠯᠳᠡᠷ ᠤᠨ | ᠮᠢᠬᠠᠨ ᠦᠬᠡᠷ ᠤᠨ ᠭᠤᠤᠯᠳᠠᠯᠭᠠᠲᠤ ᠰᠦᠷᠦᠭ ᠢ ᠪᠦᠬᠦ ᠲᠠᠯ᠎ᠠ ᠪᠠᠷ ᠨᠡᠶᠢᠳᠡᠮ ᠪᠠᠶᠢᠴᠠᠭᠠᠵᠤ ᠬᠢᠨᠠᠨ ᠳᠤᠭᠲᠠᠭᠠᠭᠰᠠᠨ | ᠪᠠᠶᠢᠨ᠎ᠠ᠃《 ᠰᠢᠯᠢ ᠶᠢᠨ ᠭᠤᠤᠯ ᠠᠶᠢᠮᠠᠭ ᠤᠨ ᠮᠢᠬᠠᠨ ᠦᠬᠡᠷ ᠤᠨ ᠭᠤᠤᠯᠳᠠᠯᠭᠠᠲᠤ ᠰᠦᠷᠦᠭ ᠤᠨ | ᠪᠠᠶᠢᠭᠤᠯᠤᠯᠲᠠ ᠶᠢᠨ ᠪᠠᠷᠢᠮᠵᠢᠶ᠎ᠠ》 ᠶᠢᠨ ᠱᠠᠭᠠᠷᠳᠠᠯᠭ᠎ᠠ ᠶᠤᠰᠤᠭᠠᠷ᠂ ᠲᠤᠰᠬᠠᠢ ᠮᠡᠷᠭᠡᠵᠢᠯᠲᠡᠨ ᠠᠴᠠ ᠨᠠᠷᠢᠨ ᠨᠢᠮᠪᠠᠢ | ᠬᠢᠨᠠᠨ ᠳᠤᠭᠳᠠᠭᠠᠯᠲᠠ ᠶᠢ ᠦᠷᠨᠢᠭᠦᠯᠵᠤ᠂ ᠭᠤᠤᠯᠳᠠᠯᠭᠠᠲᠤ ᠰᠦᠷᠦᠭ ᠤᠨ ᠮᠢᠬᠠᠨ ᠦᠬᠡᠷ ᠤᠨ ᠪᠠᠷᠢᠮᠵᠢᠶᠠᠨ ᠳᠤ | ᠨᠡᠶᠢᠴᠡᠭᠰᠡᠨ ᠢ ᠦᠷᠭᠦᠯᠵᠢᠯᠡᠨ ᠲᠡᠵᠢᠭᠡᠨ ᠦᠷᠡᠵᠢᠭᠦᠯᠵᠦ᠂ ᠪᠠᠷᠢᠮᠵᠢᠶᠠᠨ ᠳᠤ ᠬᠦᠷᠦᠭᠰᠡᠨ ᠦᠭᠡᠢ ᠶᠢ ᠨᠢ ᠪᠦᠬᠦᠨ ᠢ | ᠵᠠᠷᠤᠴᠠᠭᠤᠯᠤᠭᠰᠠᠨ ᠪᠠᠶᠢᠨ᠎ᠠ᠃ ᠪᠦᠬᠦ ᠨᠡᠶᠢᠲᠡ 1684 ᠲᠤᠯᠤᠭᠠᠢ ᠰᠢᠯᠢᠳᠡᠭ ᠡᠭᠦᠯᠳᠡᠷ ᠤᠨ ᠦᠬᠡᠷ ᠲᠤ ᠬᠢᠨᠠᠨ | ᠳᠤᠭᠲᠠᠭᠠᠯᠲᠠ ᠬᠢᠵᠤ᠂ 1458 ᠲᠤᠯᠤᠭᠠᠢ ᠦᠬᠡᠷ ᠪᠠᠷᠢᠮᠵᠢᠶᠠᠨ ᠳᠤ ᠬᠦᠷᠴᠦ᠂ 226 ᠲᠤᠯᠤᠭᠠᠢ ᠦᠬᠡᠷ ᠬᠢᠷᠢ | ᠲᠡᠩᠴᠡᠭᠰᠡᠨ ᠦᠭᠡᠢ᠂ ᠪᠠᠷᠢᠮᠵᠢᠶᠠᠨ ᠳᠤ ᠬᠦᠷᠦᠭᠰᠡᠨ ᠨᠤᠷᠮ᠎ᠠ 87% ᠳᠤ ᠬᠦᠷᠴᠦ᠂ ᠡᠭᠦᠨ ᠳᠤ ᠰᠠᠭᠤᠷᠢ ᠡᠬᠡ | ᠮᠠᠯ 1106 ᠲᠤᠯᠤᠭᠠᠢ᠂ ᠲᠤᠭᠤᠯ 352 ᠪᠠᠶᠢᠨ᠎ᠠ᠃ |