ᠦᠨᠦ ᠵᠢᠯ᠂ ᠵᠡᠭᠦᠨ ᠦᠵᠦᠮᠦᠴᠢᠨ ᠬᠤᠰᠢᠭᠤ ᠨᠢ ᠪᠦᠬᠦ ᠠᠶᠢᠮᠠᠭ ᠤᠨ ᠭᠠᠳᠠᠭᠠᠳᠦ ᠠᠷᠠᠯᠵᠢᠶᠠᠨ ᠤ | ᠲᠦᠷᠦ ᠶᠢᠨ ᠪᠤᠳᠤᠯᠭ᠎ᠠ ᠵᠢᠴᠢ ᠬᠢᠯᠢ ᠠᠯᠤᠰᠤᠯᠠᠭᠰᠠᠨ ᠴᠠᠬᠢᠯᠭᠠᠨᠵᠢᠭᠰᠠᠨ ᠠᠷᠠᠯᠵᠢᠶᠠᠨ ᠤ ᠪᠤᠯᠪᠠᠰᠤᠷᠠᠯ ᠤᠨ ᠠᠩᠭᠢ ᠶᠢ | ᠡᠷᠬᠢᠯᠡᠬᠦ ᠪᠠᠷ ᠳᠠᠮᠵᠢᠨ᠂ ᠭᠠᠳᠠᠭᠠᠳᠤ ᠠᠷᠠᠯᠵᠢᠶᠠᠨ ᠤ ᠲᠦᠷᠦ ᠶᠢᠨ ᠪᠤᠳᠤᠯᠭ᠎ᠠ ᠶᠢ ᠤᠬᠠᠭᠤᠯᠬᠤ ᠪᠠ ᠲᠤᠬᠠᠶᠢᠯᠠᠭᠰᠠᠨ | ᠠᠵᠢᠯ ᠤᠨ ᠪᠤᠯᠪᠠᠰᠤᠷᠠᠯ ᠢ ᠴᠢᠩᠭᠠᠳᠬᠠᠭᠰᠠᠨ ᠤ ᠬᠠᠮᠲᠤ ᠭᠠᠳᠠᠭᠠᠳᠤ ᠠᠷᠠᠯᠵᠢᠶᠠᠨ ᠤ ᠡᠵᠡᠩᠨᠡᠯᠲᠠ ᠶᠢᠨ ᠤᠷᠴᠢᠨ | ᠲᠤᠭᠤᠷᠢᠨ ᠤ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠪᠤᠭᠤᠮᠲᠠ ᠪᠠᠷ ᠤᠷᠤᠭᠤᠯᠵᠤ ᠭᠠᠷᠭᠠᠬᠤ ᠲᠤᠬᠠᠶᠢᠯᠠᠭᠰᠠᠨ | ᠠᠵᠢᠯ ᠢ ᠵᠤᠷᠢᠭᠵᠢᠭᠤᠯᠵᠤ᠂ ᠡᠨᠡ ᠵᠢᠯ 20 ᠭᠠᠷᠤᠢ ᠤᠳᠠᠭ᠎ᠠ ᠠᠵᠤ ᠠᠬᠤᠶᠢᠯᠠᠯ ᠢ ᠵᠤᠬᠢᠶᠠᠨ ᠪᠠᠶᠢᠭᠤᠯᠤᠨ | ᠤᠯᠤᠰ ᠤᠨ ᠳᠤᠲᠤᠭᠠᠳᠤ ᠭᠠᠳᠠᠭᠠᠳᠤ ᠶᠢᠨ ᠦᠵᠡᠰᠭᠦᠯᠡᠩ ᠳᠤ ᠤᠷᠤᠯᠴᠠᠭᠤᠯᠵᠤ᠂ ᠠᠵᠤ ᠠᠬᠤᠶᠢᠯᠠᠯ ᠤᠨ ᠭᠠᠳᠠᠭᠠᠳᠤ | ᠠᠷᠠᠯᠵᠢᠶᠠᠨ ᠤ ᠡᠵᠡᠩᠨᠡᠯᠲᠠ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠠᠬᠢᠭᠤᠯᠤᠭᠰᠠᠨ ᠪᠠᠶᠢᠨ᠎ᠠ᠃ | ᠤᠳᠤ ᠪᠤᠯᠲᠠᠯ᠎ᠠ᠂ ᠪᠦᠬᠦ ᠬᠤᠰᠢᠭᠤᠨ ᠤ ᠨᠢᠭᠡᠨᠲᠡ ᠳᠠᠩᠰᠠᠯᠠᠭᠤᠯᠤᠭᠰᠠᠨ ᠭᠠᠳᠠᠭᠠᠳᠦ ᠠᠷᠠᠯᠵᠢᠶᠠᠨ ᠤ ᠠᠵᠤ | ᠠᠬᠤᠶᠢᠯᠠᠯ 104 ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16% ᠪᠠᠷ ᠨᠡᠮᠡᠭᠳᠡᠭᠰᠡᠨ ᠪᠠᠶᠢᠨ᠎ᠠ ᠃ | ᠪᠤᠭᠤᠮᠲᠠ ᠪᠠᠷ ᠦᠩᠭᠡᠷᠡᠭᠰᠡᠨ ᠪᠠᠷᠠᠭ᠎ᠠ 126.57 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ18.29% ᠪᠠᠷ ᠨᠡᠮᠡᠭᠳᠡᠭᠰᠡᠨ ᠪᠠᠶᠢᠨ᠎ᠠ᠃ ᠪᠤᠭᠤᠮᠲᠠ ᠪᠠᠷ ᠦᠩᠭᠡᠷᠡᠭᠰᠡᠨ ᠪᠠᠷᠠᠭᠠᠨ ᠤ ᠦᠷᠲᠡᠭ 7.86 | ᠳ᠋ᠤᠯᠯᠠᠷ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.28% ᠪᠠᠷ ᠨᠡᠮᠡᠭᠳᠡᠭᠰᠡᠨ ᠪᠠᠶᠢᠨ᠎ᠠ᠃ |