ᠵᠡᠭᠦᠨ ᠦᠵᠦᠮᠦᠴᠢᠨ ᠬᠤᠰᠢᠭᠤᠨ ᠤ ᠳᠠᠩᠰᠠᠯᠠᠭᠤᠯᠤᠭᠰᠠᠨ ᠭᠠᠳᠠᠭᠠᠳᠦ ᠠᠷᠠᠯᠵᠢᠶᠠᠨ ᠤ ᠠᠵᠤ ᠠᠬᠤᠶᠢᠯᠠᠯ 104 ᠪᠤᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2017/12/11
     ᠦᠨᠦ ᠵᠢᠯ᠂  ᠵᠡᠭᠦᠨ ᠦᠵᠦᠮᠦᠴᠢᠨ ᠬᠤᠰᠢᠭᠤ ᠨᠢ ᠪᠦᠬᠦ ᠠᠶᠢᠮᠠᠭ ᠤᠨ ᠭᠠᠳᠠᠭᠠᠳᠦ ᠠᠷᠠᠯᠵᠢᠶᠠᠨ ᠤ ᠲᠦᠷᠦ ᠶᠢᠨ ᠪᠤᠳᠤᠯᠭ᠎ᠠ ᠵᠢᠴᠢ ᠬᠢᠯᠢ ᠠᠯᠤᠰᠤᠯᠠᠭᠰᠠᠨ ᠴᠠᠬᠢᠯᠭᠠᠨᠵᠢᠭᠰᠠᠨ ᠠᠷᠠᠯᠵᠢᠶᠠᠨ ᠤ ᠪᠤᠯᠪᠠᠰᠤᠷᠠᠯ ᠤᠨ ᠠᠩᠭᠢ ᠶᠢ ᠡᠷᠬᠢᠯᠡᠬᠦ ᠪᠠᠷ ᠳᠠᠮᠵᠢᠨ᠂ ᠭᠠᠳᠠᠭᠠᠳᠤ ᠠᠷᠠᠯᠵᠢᠶᠠᠨ ᠤ ᠲᠦᠷᠦ ᠶᠢᠨ ᠪᠤᠳᠤᠯᠭ᠎ᠠ ᠶᠢ ᠤᠬᠠᠭᠤᠯᠬᠤ ᠪᠠ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠴᠢᠩᠭᠠᠳᠬᠠᠭᠰᠠᠨ ᠤ ᠬᠠᠮᠲᠤ ᠭᠠᠳᠠᠭᠠᠳᠤ ᠠᠷᠠᠯᠵᠢᠶᠠᠨ ᠤ ᠡᠵᠡᠩᠨᠡᠯᠲᠠ ᠶᠢᠨ ᠤᠷᠴᠢᠨ ᠲᠤᠭᠤᠷᠢᠨ ᠤ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠪᠤᠭᠤᠮᠲᠠ ᠪᠠᠷ ᠤᠷᠤᠭᠤᠯᠵᠤ ᠭᠠᠷᠭᠠᠬᠤ ᠲᠤᠬᠠᠶᠢᠯᠠᠭᠰᠠᠨ ᠠᠵᠢᠯ ᠢ ᠵᠤᠷᠢᠭᠵᠢᠭᠤᠯᠵᠤ᠂  ᠡᠨᠡ ᠵᠢᠯ 20 ᠭᠠᠷᠤᠢ ᠤᠳᠠᠭ᠎ᠠ ᠠᠵᠤ ᠠᠬᠤᠶᠢᠯᠠᠯ ᠢ ᠵᠤᠬᠢᠶᠠᠨ ᠪᠠᠶᠢᠭᠤᠯᠤᠨ ᠤᠯᠤᠰ ᠤᠨ ᠳᠤᠲᠤᠭᠠᠳᠤ ᠭᠠᠳᠠᠭᠠᠳᠤ ᠶᠢᠨ ᠦᠵᠡᠰᠭᠦᠯᠡᠩ ᠳᠤ ᠤᠷᠤᠯᠴᠠᠭᠤᠯᠵᠤ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠡᠵᠡᠩᠨᠡᠯᠲᠠ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠠᠬᠢᠭᠤᠯᠤᠭᠰᠠᠨ ᠪᠠᠶᠢᠨ᠎ᠠ᠃      ᠤᠳᠤ ᠪᠤᠯᠲᠠᠯ᠎ᠠ᠂ ᠪᠦᠬᠦ ᠬᠤᠰᠢᠭᠤᠨ ᠤ ᠨᠢᠭᠡᠨᠲᠡ ᠳᠠᠩᠰᠠᠯᠠᠭᠤᠯᠤᠭᠰᠠᠨ ᠭᠠᠳᠠᠭᠠᠳᠦ ᠠᠷᠠᠯᠵᠢᠶᠠᠨ ᠤ ᠠᠵᠤ ᠠᠬᠤᠶᠢᠯᠠᠯ 104 ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16% ᠪᠠᠷ ᠨᠡᠮᠡᠭᠳᠡᠭᠰᠡᠨ ᠪᠠᠶᠢᠨ᠎ᠠ  ᠃ ᠪᠤᠭᠤᠮᠲᠠ ᠪᠠᠷ ᠦᠩᠭᠡᠷᠡᠭᠰᠡᠨ ᠪᠠᠷᠠᠭ᠎ᠠ 126.57 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ18.29% ᠪᠠᠷ ᠨᠡᠮᠡᠭᠳᠡᠭᠰᠡᠨ ᠪᠠᠶᠢᠨ᠎ᠠ᠃ ᠪᠤᠭᠤᠮᠲᠠ ᠪᠠᠷ ᠦᠩᠭᠡᠷᠡᠭᠰᠡᠨ ᠪᠠᠷᠠᠭᠠᠨ ᠤ ᠦᠷᠲᠡᠭ 7.86 ᠳ᠋ᠤᠯᠯᠠᠷ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.28% ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号