ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠳᠠᠷᠤᠭ᠎ᠠ ᠯᠢ ᠶᠦᠩ ᠱᠧᠩ ᠨᠠᠷ ᠬᠦᠳᠡᠭᠡ ᠪᠠᠭᠤᠵᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2017/12/12
     12 ᠰᠠᠷ᠎ᠠ ᠶᠢᠨ 5᠎ ᠤ ᠡᠳᠦᠷ ᠠᠴᠠ 6᠎ ᠶᠢᠨ ᠡᠳᠦᠷ ᠬᠦᠷᠲᠡᠯ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠳᠠᠷᠤᠭ᠎ᠠ ᠯᠢ ᠶᠦᠩ ᠱᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠭᠠᠲᠤᠷ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠡᠳ᠋ ᠲᠡᠷᠢᠭᠦᠯᠡᠭᠴᠢ ᠰᠢᠷᠤᠪ᠂ ᠬᠤᠰᠢᠭᠤ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠨᠠᠪᠴᠢᠮ᠎ᠠ ᠨᠠᠷ ᠰᠠᠮᠠᠢ ᠰᠤᠮᠤ᠂ ᠮᠠᠨᠳᠤᠬᠤᠪᠤᠯᠠᠭ ᠪᠠᠯᠭᠠᠰᠤ᠂ ᠪᠤᠭᠳᠠᠠᠭᠤᠯᠠ ᠤᠢ ᠰᠢᠭᠤᠢ ᠶᠢᠨ ᠲᠠᠯᠠᠪᠠᠢ᠂ ᠭᠠᠬᠢᠯ ᠰᠤᠮᠤ ᠵᠡᠷᠭᠡ ᠭᠠᠵᠠᠷ ᠢᠶᠠᠷ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠦᠨᠳᠦᠰᠦᠨ ᠱᠠᠲᠤᠨ ᠤ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠲᠠᠯ᠎ᠠ ᠪᠠᠷ ᠪᠠᠶᠢᠴᠠᠭᠠᠨ ᠰᠤᠳᠤᠯᠵᠤ ᠵᠢᠯᠤᠭᠤᠳᠤᠭᠰᠠᠨ ᠤ ᠬᠠᠮᠲᠤ ᠭᠡᠰᠡᠭ ᠬᠦᠴᠢᠷᠳᠡᠯᠲᠠᠢ ᠤᠯᠠᠨ ᠲᠦᠮᠡᠨ ᠢ ᠳᠤᠬᠤᠨᠢᠭᠤᠯᠤᠭᠰᠠᠨ ᠪᠠᠶᠢᠨ᠎ᠠ᠃      ᠯᠢ ᠶᠦᠩ ᠱᠧᠩ ᠨᠠᠷ ᠰᠠᠮᠠᠢ ᠰᠤᠮᠤ᠂ ᠮᠠᠨᠳᠤᠬᠤᠪᠤᠯᠠᠭ ᠪᠠᠯᠭᠠᠰᠤ᠂ ᠪᠤᠭᠳᠠᠠᠭᠤᠯᠠ ᠤᠢ ᠰᠢᠭᠤᠢ ᠶᠢᠨ ᠲᠠᠯᠠᠪᠠᠢ᠂ ᠭᠠᠬᠢᠯ ᠰᠤᠮᠤ ᠵᠡᠷᠭᠡ ᠶᠢᠨ ᠠᠷᠠᠳ ᠲᠤ ᠳᠦᠭᠦᠮ ᠦᠢᠯᠡᠴᠢᠯᠡᠭᠡᠨ ᠤ ᠲᠢᠩᠬᠢᠮ᠂ ᠠᠯᠪᠠᠯᠠᠬᠤ ᠤᠷᠴᠢᠨ ᠲᠤᠭᠤᠷᠢᠨ᠂ ᠬᠦᠳᠡᠯᠭᠡᠭᠡᠨ ᠤ ᠭᠡᠷ ᠤᠨ ᠪᠦᠲᠦᠭᠡᠨ ᠪᠠᠶᠢᠭᠤᠯᠤᠯᠲᠠ᠂ ᠠᠵᠢᠯᠯᠠᠭ᠎ᠠ ᠶᠢ ᠦᠷᠨᠢᠭᠦᠯᠦᠭᠰᠡᠨ ᠪᠠᠶᠢᠳᠠᠯ᠂《 ᠲᠠᠯ᠎ᠠ ᠨᠤᠲᠤᠭ ᠤᠨ ᠨᠤᠮ ᠤᠨ ᠦᠷᠦᠭᠡ 》 ᠵᠢᠴᠢ ᠨᠠᠮ ᠤᠨ ᠭᠡᠰᠢᠭᠦᠨ ᠤ ᠰᠤᠷᠤᠯᠴᠠᠭᠰᠠᠨ ᠪᠠᠶᠢᠳᠠᠯ ᠵᠡᠷᠭᠡ ᠶᠢ ᠪᠠᠶᠢᠴᠠᠭᠠᠨ ᠦᠵᠡᠭᠰᠡᠨ ᠤ ᠬᠠᠮᠲᠤ᠂ ᠰᠤᠮᠤᠨ ᠤ ᠤᠳᠤᠷᠢᠳᠤᠯᠭ᠎ᠠ᠂ ᠰᠢᠨ᠎ᠡ ᠪᠠᠷ ᠰᠤᠩᠭᠤᠭᠳᠠᠭᠰᠠᠨ ᠬᠤᠰᠢᠭᠤ ᠱᠠᠲᠤᠨ ᠤ ᠠᠷᠠᠳ ᠤᠨ ᠲᠦᠯᠦᠭᠡᠯᠡᠭᠴᠢ᠂ ᠭᠠᠴᠠᠭᠠᠨ ᠤ ᠬᠤᠶᠠᠷ ᠵᠦᠪᠯᠡᠯ ᠵᠡᠷᠭᠡ ᠲᠠᠢ ᠰᠠᠭᠤᠳᠠᠯ ᠤᠨ ᠬᠤᠷᠠᠯ ᠬᠤᠷᠠᠯᠳᠦᠨ᠂ ᠰᠤᠮᠤ ᠪᠠᠯᠭᠠᠰᠦᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠪᠠᠶᠢᠳᠠᠯ ᠵᠢᠴᠢ ᠡᠯ᠎ᠡ ᠲᠦᠷᠦᠯ ᠤᠨ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠲᠠᠯ᠎ᠠ ᠪᠠᠷ ᠬᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠠᠶᠢᠨ᠎ᠠ᠃  ᠯᠢ ᠶᠦᠩ ᠱᠧᠩ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠠᠭᠠᠨ ᠴᠢᠬᠤᠯᠠᠴᠢᠯᠠᠭᠰᠠᠨ ᠨᠢ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠬᠢᠭᠡᠳ ᠤᠳᠤᠬᠠᠨ ᠤ ᠦᠷᠨᠢᠭᠦᠯᠵᠤ ᠪᠠᠶᠢᠭ᠎ᠠ ᠡᠯ᠎ᠡ ᠲᠦᠷᠦᠯ ᠤᠨ ᠭᠤᠤᠯᠳᠠᠯᠭ᠎ᠠ ᠲᠠᠢ ᠠᠵᠢᠯ ᠲᠠᠢ ᠤᠶᠠᠯᠳᠠᠭᠤᠯᠤᠨ᠂ ᠭᠠᠮᠰᠢᠭ ᠵᠤᠳ ᠤᠨ ᠬᠤᠬᠢᠷᠠᠯ ᠢ ᠪᠠᠭᠠᠰᠬᠠᠬᠤ  ᠪᠠ ᠡᠪᠡᠰᠦ ᠪᠤᠷᠳᠤᠭ᠎ᠠ ᠭᠦᠢᠴᠡᠳ ᠨᠦᠭᠡᠴᠢᠯᠡᠬᠦ ᠠᠵᠢᠯ ᠢ ᠰᠠᠶᠢᠳᠤᠷ ᠬᠢᠵᠤ᠂ ᠮᠠᠯ ᠤᠨ ᠡᠪᠦᠯ ᠤᠨ ᠤᠨᠳᠤᠷᠤᠯᠲᠠ ᠶᠢ ᠪᠠᠲᠤᠯᠠᠬᠤ ᠬᠡᠷᠡᠭᠲᠡᠢ ᠭᠡᠰᠡᠨ ᠪᠠᠶᠢᠨ᠎ᠠ᠃ ᠮᠦᠨᠴᠦ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠳᠠᠶᠢᠴᠢᠯᠠᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠪᠠᠷ ᠰᠤᠩᠭᠤᠭᠳᠠᠭᠰᠠᠨ ᠬᠤᠰᠢᠭᠤ ᠱᠠᠲᠤᠨ ᠤ ᠠᠷᠠᠳ ᠤᠨ ᠲᠦᠯᠦᠭᠡᠯᠡᠭᠴᠢᠳ ᠤᠯᠠᠨ ᠲᠦᠮᠡᠨ ᠲᠠᠢ ᠬᠠᠷᠢᠴᠠᠭ᠎ᠠ ᠪᠠᠨ ᠨᠢᠭᠳᠠᠷᠠᠭᠤᠯᠵᠤ᠂ ᠲᠦᠰᠢᠶᠠᠯ ᠡᠭᠦᠷᠭᠡ ᠪᠠᠨ ᠦᠨᠡᠨᠬᠦ ᠰᠠᠶᠢᠳᠦᠷ ᠭᠦᠢᠴᠡᠳᠭᠡᠬᠦ ᠬᠡᠷᠡᠭᠲᠡᠢ ᠭᠡᠰᠡᠨ ᠪᠠᠶᠢᠨ᠎ᠠ᠃      ᠬᠤᠷᠠᠯ ᠤᠨ ᠳᠠᠷᠠᠭ᠎ᠠ ᠭᠡᠰᠡᠭ ᠶᠠᠳᠠᠭᠤ ᠬᠦᠴᠢᠷᠳᠡᠯᠲᠡᠢ ᠡᠷᠦᠬᠡ ᠪᠠᠷ ᠭᠦᠨᠵᠢᠭᠡᠶᠢᠷᠡᠨ᠂ ᠰᠠᠭᠤᠷᠢ ᠲᠦᠬᠦᠭᠡᠷᠤᠮᠵᠢ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠪᠤᠳᠠᠲᠠᠢ ᠤᠷᠤᠰᠢᠵᠤ ᠪᠠᠶᠢᠭ᠎ᠠ ᠠᠰᠠᠭᠤᠳᠠᠯ ᠵᠡᠷᠭᠡ ᠶᠢ ᠤᠶᠢᠯᠠᠭᠠᠭᠰᠠᠨ ᠤ ᠬᠠᠮᠲᠤ᠂ ᠳᠤᠬᠤᠨᠢᠭᠤᠯᠭ᠎ᠠ ᠶᠢᠨ ᠪᠤᠳᠠᠰ ᠬᠦᠷᠭᠡᠨ᠂ ᠲᠡᠳᠡᠨᠠᠷ ᠢ ᠠᠷᠢᠭᠤᠨ ᠬᠦᠳᠡᠯᠮᠦᠷᠢ ᠪᠠᠷ ᠢᠶᠠᠨ ᠠᠳᠠᠯ ᠠᠮᠢᠳᠤᠷᠠᠯ ᠢᠶᠠᠨ ᠴᠤᠭᠴᠠᠯᠠᠵᠤ᠂ ᠡᠷᠲᠡ ᠨᠢᠭᠡᠨ ᠡᠳᠦᠷ ᠶᠠᠳᠠᠭᠤ ᠠᠴᠠ ᠠᠩᠭᠢᠵᠢᠷᠠᠬᠤ ᠶᠢ ᠵᠤᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号