ᠵᠡᠭᠦᠨ ᠦᠵᠦᠮᠦᠴᠢᠨ ᠬᠤᠰᠢᠭᠤ ᠨᠢ 2017 ᠤᠨ ᠤ ᠡᠪᠦᠯ ᠤᠨ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠢᠴᠢ ᠪᠡᠯᠴᠢᠭᠡᠷᠯᠡᠭᠦᠯᠦᠨ ᠮᠠᠯᠵᠢᠬᠤ ᠶᠢ ᠴᠠᠭᠠᠵᠠᠯᠠᠬᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2017/12/13
     ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠦᠲᠦᠮᠵᠢᠲᠠᠢ ᠨᠠᠶᠢᠳᠠᠪᠤᠷᠢᠵᠢᠭᠤᠯᠵᠤ᠂ ᠮᠠᠯ ᠠᠵᠤ ᠠᠬᠤᠢ ᠶᠢᠨ ᠬᠦᠭᠵᠢᠯᠲᠡ ᠶᠢᠨ ᠤᠳᠤᠬᠢ ᠪᠠᠶᠢᠳᠠᠯ ᠵᠢᠴᠢ《 ᠬᠤᠨᠢ ᠶᠢ ᠴᠣᠮᠬᠠᠳᠬᠠᠵᠤ ᠦᠬᠡᠷ ᠢ ᠨᠡᠮᠡᠭᠳᠡᠭᠦᠯᠬᠦ》ᠪᠠᠶᠢᠯᠳᠣᠬᠤ ᠪᠤᠳᠤᠯᠭ᠎ᠠ᠂ ᠪᠡᠯᠴᠢᠭᠡᠷᠯᠡᠭᠦᠯᠦᠨ ᠮᠠᠯᠵᠢᠬᠤ ᠶᠢ ᠴᠠᠭᠠᠵᠠᠯᠠᠬᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠦᠪ ᠤᠨᠤᠪᠴᠢᠲᠠᠢ ᠡᠵᠡᠮᠰᠢᠬᠦ ᠶᠢᠨ ᠲᠦᠯᠦᠭᠡ᠂ ᠵᠡᠬᠦᠨ ᠦᠵᠦᠮᠦᠴᠢᠨ ᠬᠤᠰᠢᠭᠤ ᠨᠢ 11 ᠰᠠᠷ᠎ᠠ ᠶᠢᠨ 8᠎ ᠤ ᠡᠳᠦᠷ ᠠᠴᠠ ᠡᠬᠢᠯᠡᠨ ᠮᠠᠯ ᠲᠤᠭᠠᠯᠠᠬᠤ ᠠᠵᠢᠯ ᠢ ᠦᠷᠨᠢᠭᠦᠯᠦᠨ᠂ 12 ᠰᠠᠷ᠎ᠠ ᠶᠢᠨ 7᠎ ᠤ ᠡᠳᠦᠷ ᠠᠮᠵᠢᠯᠲᠠ ᠲᠠᠢ ᠳᠠᠭᠤᠰᠬᠠᠭᠰᠠᠨ ᠪᠠᠶᠢᠨ᠎ᠠ᠃      ᠲᠤᠰ ᠤᠳᠠᠭᠠᠨ ᠤ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ᠂ ᠮᠠᠨ ᠤ ᠬᠤᠰᠢᠭᠤ ᠎ ᠨᠢ ᠤᠯᠠᠮᠵᠢᠯᠠᠯᠲᠤ ᠬᠠᠰᠢᠶᠠᠯᠠᠨ ᠲᠤᠭᠠᠯᠠᠬᠤ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠪᠦᠬᠦ ᠶᠠᠪᠤᠴᠠ ᠳᠤ ᠠᠭᠠᠷ ᠢᠶᠠᠷ ᠰᠡᠭᠦᠳᠡᠷᠯᠡᠬᠦ ᠮᠠᠰᠢᠨ ᠢ ᠬᠡᠷᠡᠭᠯᠡᠵᠦ᠂ ᠪᠦᠬᠦ ᠬᠤᠰᠢᠭᠤᠨ ᠤ 6934 ᠮᠠᠯᠵᠢᠬᠤ ᠡᠷᠦᠭᠡ ᠶᠢᠨ ᠮᠠᠯ ᠢ ᠵᠦᠪ ᠤᠨᠤᠪᠴᠢᠲᠠᠢ ᠲᠤᠭᠠᠯᠠᠵᠤ᠂ ᠡᠯ᠎ᠡ ᠲᠦᠷᠦᠯ ᠤᠨ ᠪᠦᠷᠢᠳᠬᠡᠯ ᠤᠨ ᠠᠵᠢᠯ ᠨᠢ ᠶᠠᠭ ᠳᠡᠰ ᠳᠠᠷᠠᠭ᠎ᠠ ᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号