ᠵᠡᠬᠦᠨ ᠦᠵᠦᠮᠦᠴᠢᠨ ᠬᠤᠰᠢᠭᠤᠨ ᠤ ᠨᠡᠶᠢᠭᠡᠮ ᠵᠢᠷᠦᠮᠲᠦ ᠭᠤᠤᠯᠯᠠᠭᠴᠢ ᠦᠷᠲᠡᠭ ᠤᠨ ᠦᠵᠡᠯᠲᠡ ᠶᠢᠨ ᠰᠢᠯᠭᠠᠨ ᠪᠠᠶᠢᠴᠠᠭᠠᠬᠤ ᠲᠤᠭᠤᠶᠢᠯᠠᠩ ᠭᠠᠬᠢᠯ ᠰᠤᠮᠤᠨ ᠳᠤ ᠭᠦᠨᠵᠡᠭᠡᠶᠢᠷᠡᠨ ᠰᠢᠯᠭᠠᠨ ᠪᠠᠶᠢᠴᠠᠭᠠᠯᠲᠠ ᠶᠠᠪᠤᠭᠳᠠᠭᠤᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2017/12/13
     12 ᠰᠠᠷ᠎ᠠ ᠶᠢᠨ 7᠎ ᠤ ᠡᠳᠦᠷ ᠵᠡᠬᠦᠨ ᠦᠵᠦᠮᠦᠴᠢᠨ ᠬᠤᠰᠢᠭᠤᠨ ᠤ ᠨᠡᠶᠢᠭᠡᠮ ᠵᠢᠷᠦᠮᠲᠦ ᠭᠤᠤᠯᠯᠠᠭᠴᠢ ᠦᠷᠲᠡᠭ ᠤᠨ ᠦᠵᠡᠯᠲᠡ ᠶᠢᠨ ᠰᠢᠯᠭᠠᠨ ᠪᠠᠶᠢᠴᠠᠭᠠᠬᠤ ᠲᠤᠭᠤᠶᠢᠯᠠᠩ ᠭᠠᠬᠢᠯ ᠰᠤᠮᠤᠨ ᠳᠤ ᠭᠦᠨᠵᠡᠭᠡᠶᠢᠷᠡᠨ‌ᠨᠡᠶᠢᠭᠡᠮ ᠵᠢᠷᠦᠮᠲᠦ ᠭᠤᠤᠯᠯᠠᠭᠴᠢ ᠦᠷᠲᠡᠭ ᠤᠨ ᠦᠵᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠰᠢᠯᠭᠠᠨ ᠪᠠᠶᠢᠴᠠᠭᠠᠭᠰᠠᠨ ᠪᠠᠶᠢᠨ᠎ᠠ᠃      ᠪᠠᠶᠢᠴᠠᠭᠠᠬᠤ ᠳᠤᠭᠤᠶᠢᠯᠠᠩ ᠡᠴᠠ‌ᠨᠡᠶᠢᠭᠡᠮ ᠵᠢᠷᠦᠮᠲᠦ ᠭᠤᠤᠯᠯᠠᠭᠴᠢ ᠦᠷᠲᠡᠭ ᠤᠨ ᠦᠵᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠳᠠᠩᠰᠠ ᠡᠪᠬᠡᠮᠡᠯ ᠢ ᠬᠢᠨᠠᠨ ᠦᠵᠡᠬᠦ ᠶᠢᠨ ᠬᠠᠮᠲᠦ ᠰᠤᠮᠤᠨ ᠤ ᠬᠠᠷᠢᠶ᠎ᠠ ᠲᠤᠭᠤᠷᠢᠭ ᠤᠨ ᠤᠬᠠᠭᠤᠯᠭ᠎ᠠ ᠶᠢᠨ ᠰᠠᠮᠪᠠᠷ᠎ᠠ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠠᠩᠬᠢᠮ᠂ ᠪᠤᠯᠪᠠᠰᠤᠨ ᠬᠤᠭᠤᠯᠠᠨ ᠰᠢᠷᠡᠭᠡ᠂ ᠪᠤᠯᠪᠠᠰᠤᠨ ᠭᠡᠷ ᠪᠦᠯᠢ᠂ ᠰᠤᠶᠤᠯ ᠤᠨ ᠬᠠᠨ᠎ᠠ ᠵᠡᠷᠭᠡ ᠶᠢ ᠲᠤᠬᠠᠢ ᠶᠢᠨ ᠲᠠᠯᠠᠪᠤᠷ ᠲᠤ ᠨᠢ ᠲᠤᠭᠤᠷᠢᠨ ᠦᠵᠡᠪᠡ  ᠃      ᠭᠠᠬᠢᠯ ᠰᠤᠮᠤ ᠨᠡᠶᠢᠭᠡᠮ ᠵᠢᠷᠦᠮᠲᠦ ᠭᠤᠤᠯᠯᠠᠭᠴᠢ ᠦᠷᠲᠡᠭ ᠤᠨ ᠦᠵᠡᠯᠲᠡ ᠶᠢ ᠨᠡᠶᠢᠭᠡᠮ ᠤᠨ ᠬᠦᠭᠵᠢᠯᠲᠡ ᠎ ᠶᠢᠨ ᠡᠯ᠎ᠡ ᠲᠠᠯ᠎ᠠ ᠳᠤ ᠠᠭᠤᠰᠬᠠᠨ᠂ ᠬᠦᠮᠦᠰ ᠤᠨ ᠰᠡᠳᠭᠢᠯᠭᠡ ᠶᠢᠨ ᠮᠡᠳᠡᠷᠡᠮᠵᠢ ᠶᠢ ᠤᠯᠤᠭᠰᠠᠨ ᠢᠶᠠᠷ ᠪᠠᠷᠠᠬᠤ ᠦᠭᠡᠢ ᠡᠳᠦᠷ ᠳᠤᠲᠤᠮ ᠤᠨ ᠦᠢᠯᠡ ᠠᠵᠢᠯᠯᠠᠭ᠎ᠠ ᠶᠢᠨ ᠳᠠᠳᠬᠠᠯ  ᠪᠤᠯᠭᠠᠨ ᠬᠤᠪᠢᠷᠭᠠᠵᠤ᠂ ᠺᠠᠲᠠᠷ ᠲᠦᠷᠦᠭᠦᠯᠡᠨ ᠪᠦᠬᠦ ᠠᠷᠠᠳ ᠢᠶᠠᠷ ᠢᠶᠠᠨ ᠬᠦᠳᠡᠯᠦᠯᠴᠡᠨ᠂ ᠮᠠᠯᠵᠢᠬᠤ ᠤᠷᠤᠨ ᠤ ᠵᠢᠵᠢᠭ ᠰᠠᠵᠢᠭ ᠤᠴᠢᠷ ᠠᠴᠠ ᠭᠠᠷᠳᠠᠨ ᠬᠢᠬᠦ ᠶᠢ ᠪᠠᠷᠢᠮᠲᠠᠯᠠᠵᠦ ᠪᠤᠢ᠃ ᠰᠤᠮᠤᠨ ᠡᠴᠠ‌ᠨᠡᠶᠢᠭᠡᠮ ᠵᠢᠷᠦᠮᠲᠦ ᠭᠤᠤᠯᠯᠠᠭᠴᠢ ᠦᠷᠲᠡᠭ ᠤᠨ ᠦᠵᠡᠯᠲᠡ ᠪᠠᠷ ᠶᠡᠷᠦᠩᠬᠡᠶᠢᠯᠡᠨ ᠵᠠᠬᠢᠷᠬᠤ ᠶᠢ ᠪᠠᠷᠢᠮᠲᠠᠯᠠᠨ᠂ ᠤᠶᠤᠨ ᠤ ᠪᠤᠯᠪᠠᠰᠤᠨ ᠤ ᠪᠦᠲᠦᠭᠡᠨ ᠪᠠᠶᠢᠭᠤᠯᠤᠯᠲᠠ ᠵᠢᠴᠢ ᠤᠶᠤᠨ ᠤ ᠰᠤᠶᠤᠯ ᠤᠨ ᠪᠦᠲᠦᠭᠡᠭᠳᠡᠬᠦᠨ ᠢ ᠡᠭᠦᠳᠴᠦ ᠲᠠᠷᠬᠠᠭᠠᠬᠤ ᠳᠠᠭᠠᠭᠤᠯᠤᠭᠴᠢ ᠦᠢᠯᠡᠳᠦᠯ ᠢ ᠭᠦᠨᠵᠡᠭᠡᠢ ᠠᠭᠤᠳᠠᠯᠵᠤ᠂ ᠪᠦᠬᠦ ᠤᠯᠤᠰ ᠎ ᠤᠨ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠦᠷᠬᠦᠯᠵᠢᠯᠡᠨ ᠭᠦᠨᠵᠡᠭᠡᠶᠢᠷᠡᠭᠦᠯᠦᠨ᠂ ᠮᠠᠯᠴᠢᠳ ᠤᠨ ᠬᠡᠪ ᠴᠢᠨᠠᠷ ᠪᠠ ᠨᠡᠶᠢᠭᠡᠮ ᠤᠨ ᠪᠤᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ  ᠃
 
ᠢᠷᠡᠯᠲᠡ᠄ ᠭᠠᠬᠢᠯ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号