ᠵᠠᠬᠦᠠ ᠦᠵᠣᠮᠣᠴᠢᠠ ᠬᠤᠰᠢᠭᠤᠠ ᠤ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2017/4/11
     ᠵᠡᠭᠦᠨ ᠦᠵᠦᠮᠦᠴᠢᠨ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠲᠠᠯ᠎ᠠ᠂ ᠶᠡᠭᠡ ᠬᠢᠩᠭᠠᠨ ᠤ ᠪᠠᠷᠠᠭᠤᠨ ᠲᠠᠯ᠎ᠠ ᠳᠤ ᠣᠷᠣᠰᠢᠵᠤ᠂  ᠵᠡᠭᠦᠨᠰᠢ ᠬᠢᠩᠭᠠᠨ ᠠᠶᠢᠮᠠᠭ᠂ ᠲᠦᠩᠯᠢᠶᠤᠤ ᠬᠤᠲᠠ ᠲᠠᠢ ᠬᠥᠷᠰᠢᠯᠡᠨ᠂  ᠡᠮᠦᠨᠡᠰᠢ ᠰᠢᠯᠢ ᠶᠢᠨ ᠬᠤᠲᠠ᠂ ᠪᠠᠷᠠᠭᠤᠨ ᠦᠵᠦᠮᠦᠴᠢᠨ ᠬᠤᠰᠢᠭᠤ ᠲᠠᠢ ᠵᠠᠯᠭᠠᠯᠳᠤᠵᠤ᠂  ᠪᠠᠷᠠᠭᠤᠨᠰᠢ ᠠᠪᠠᠭ᠎ᠠ ᠬᠤᠰᠢᠭᠤ ᠲᠠᠢ ᠰᠢᠲᠦᠯᠴᠡᠨ᠂  ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠬᠢᠯᠢᠯᠡᠵᠦ᠂ ᠤᠯᠤᠰ ᠤᠨ ᠬᠢᠯᠢ ᠶᠢᠨ ᠱᠤᠭᠤᠮ 527.6 ᠺᠢᠯᠣᠮᠧᠲᠷ ᠤᠷᠲᠤ ᠪᠠᠶᠢᠳᠠᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠭᠤᠷᠪᠠᠨ ᠬᠤᠲᠠ ᠬᠤᠰᠢᠭᠤ ᠰᠢᠶᠠᠨ ᠤ ᠨᠢᠭᠡ ᠨᠢ ᠪᠣᠯᠣᠭᠰᠠᠨ ᠵᠡᠭᠦᠨ ᠦᠵᠦᠮᠦᠴᠢᠨ ᠬᠤᠰᠢᠭᠤᠨ ᠤ ᠨᠤᠲᠤᠭ ᠳᠡᠪᠢᠰᠬᠡᠷ 47328 ᠺᠦᠸᠠᠳ᠋ ᠺᠢᠯᠣᠮᠧᠲᠷ᠂ ᠬᠥᠮᠥᠨ ᠠᠮᠠ 7.07 ᠲᠦᠮᠡ᠂ ᠡᠭᠦᠨ ᠳᠤ ᠪᠠᠶᠢᠩᠭᠤ ᠰᠠᠭᠤᠭᠠᠯᠢ 5.44 ᠲᠦᠮᠡ᠂ ᠮᠣᠩᠭᠤᠯ ᠬᠥᠮᠥᠨ 4.56 ᠲᠦᠮᠡ ᠪᠠᠶᠢᠵᠤ ᠨᠡᠶᠢᠲᠡ ᠬᠥᠮᠥᠨ ᠠᠮᠠ ᠶᠢᠨ 64.5% ᠬᠤᠪᠢ ᠶᠢ ᠡᠵᠡᠯᠡᠨ᠎ᠡ᠃ ᠪᠦᠬᠦ ᠬᠤᠰᠢᠭᠤᠨ ᠳᠤ 5 ᠪᠠᠯᠭᠠᠰᠤ᠂ 4 ᠰᠤᠮᠤ ᠬᠢᠭᠡᠳ 1 ᠣᠢ ᠰᠢᠭᠤᠢ ᠶᠢᠨ ᠲᠠᠯᠠᠪᠠᠢ ᠲᠠᠢ᠃ ᠬᠤᠰᠢᠭᠤᠨ ᠲᠥᠪ ᠤᠯᠢᠶᠠᠰᠤᠲᠠᠢ ᠪᠠᠯᠭᠠᠰᠤᠨ ᠳᠤ 3.3 ᠲᠦᠮᠡᠨ ᠬᠥᠮᠥᠨ ᠠᠮᠠ ᠲᠠᠢ᠂ ᠤᠯᠢᠶᠠᠰᠤᠲᠠᠢ ᠪᠠᠯᠭᠠᠰᠤᠨ ᠠᠴᠠ ᠤᠮᠠᠷᠠᠰᠢ 68 ᠺᠢᠯᠣᠮᠧᠲᠷ ᠤᠨ ᠲᠡᠷᠲᠡᠭᠡ ᠣᠷᠣᠰᠢᠬᠤ ᠵᠡᠭᠦᠨ ᠬᠠᠲᠠᠪᠴᠢ ᠬᠢᠯᠢ ᠶᠢᠨ ᠪᠣᠭᠤᠮᠲᠠ ᠪᠣᠯ ᠮᠣᠩᠭᠤᠯ ᠤᠯᠤᠰ ᠤᠨ ᠪᠢᠴᠢᠭᠲᠦ ᠪᠣᠭᠤᠮᠲᠠ ᠲᠠᠢ ᠨᠢᠭᠤᠷᠯᠠᠭᠰᠠᠨ ᠮᠠᠨ ᠤ ᠤᠯᠤᠰ ᠤᠨ ᠨᠢᠭᠡᠳᠦᠭᠡᠷ ᠳᠡᠰ ᠤᠨ ᠪᠠᠶᠢᠩᠭᠤ ᠨᠡᠭᠡᠭᠡᠯᠲᠡ ᠲᠠᠢ ᠪᠣᠭᠤᠮᠲᠠ ᠪᠣᠯᠬᠤ ᠶᠤᠮ᠃      ᠵᠡᠭᠦᠨ ᠦᠵᠦᠮᠦᠴᠢᠨ ᠬᠤᠰᠢᠭᠤ ᠪᠠᠶᠢᠭᠠᠯᠢ ᠶᠢᠨ ᠨᠥᠬᠦᠴᠡᠯ ᠢᠶᠠᠷ ᠢᠶᠠᠨ ᠣᠨᠴᠠᠯᠠᠭᠳᠠᠨ᠎ᠠ᠃ ᠭᠠᠵᠠᠷ ᠤᠨ ᠪᠠᠶᠢᠴᠠ ᠨᠢ ᠶᠡᠭᠡ ᠲᠥᠯᠥᠪ ᠬᠤᠶᠢᠨ᠎ᠠ ᠠᠴᠠ ᠡᠮᠦᠨᠡᠰᠢ ᠤᠷᠤᠭᠤ᠂ ᠵᠡᠭᠦᠨ ᠠᠴᠠ ᠪᠠᠷᠠᠭᠤᠨᠰᠢ ᠨᠠᠯᠠᠤ ᠪᠠᠶᠢᠵᠤ᠂ ᠭᠠᠵᠠᠷ ᠤᠨ ᠡᠷᠭᠦᠭᠳᠡᠴᠡ ᠳᠠᠯᠠᠢ ᠶᠢᠨ ᠲᠦᠪᠰᠢᠨ ᠠᠴᠠ ᠳᠡᠭᠡᠭᠰᠢ 800 —1500 ᠮᠧᠲᠷ ᠤᠨ ᠬᠤᠭᠤᠷᠣᠨᠳᠤ ᠪᠠᠶᠢᠳᠠᠭ᠂ ᠬᠤᠶᠢᠲᠤ ᠬᠡᠰᠡᠭ ᠢᠶᠠᠷ ᠢᠶᠠᠨ ᠨᠠᠮᠬᠠᠨ ᠳᠣᠪᠤ ᠲᠣᠯᠣᠭᠠᠳ ᠶᠡᠬᠡᠲᠡᠢ ᠪᠠᠶᠢᠵᠤ᠂ ᠡᠮᠦᠨ᠎ᠡ ᠬᠡᠰᠡᠭ ᠲᠡᠭᠡᠨ ᠬᠤᠲᠣᠭᠤᠷ ᠭᠠᠵᠠᠷ ᠪᠠᠶᠢᠳᠠᠭ᠂ ᠬᠥᠷᠥᠰᠥᠨ ᠤ ᠪᠦᠷᠢᠯᠳᠦᠬᠦᠨ ᠨᠢ ᠣᠢ ᠰᠢᠭᠤᠢ ᠶᠢᠨ ᠴᠠᠶᠢᠪᠤᠷ ᠰᠢᠷᠣᠢ᠂ ᠬᠠᠷ᠎ᠠ ᠬᠢᠭᠡᠳ ᠬᠦᠷᠡᠩ ᠺᠠᠯᠼᠲᠤ ᠰᠢᠷᠣᠢ ᠪᠠᠷ ᠭᠤᠣᠯᠯᠠᠵᠤ᠂ ᠬᠠᠶᠠ ᠪᠠᠰᠠ ᠨᠠᠮᠤᠭ ᠤᠨ ᠰᠢᠷᠣᠢ᠂ ᠨᠤᠭᠤ ᠶᠢᠨ ᠰᠢᠷᠣᠢ᠂ ᠡᠯᠡᠰᠦ ᠰᠢᠷᠣᠢ ᠪᠠᠶᠢᠳᠠᠭ᠃ ᠨᠤᠲᠤᠭ ᠤᠨ ᠨᠣᠶᠠᠨ ᠣᠷᠭᠢᠯ ᠪᠣᠭᠳᠠ ᠠᠭᠤᠯᠠ ᠳᠠᠯᠠᠢ ᠶᠢᠨ ᠲᠦᠪᠰᠢᠨ ᠠᠴᠠ ᠳᠡᠭᠡᠭᠰᠢ 1461 ᠮᠧᠲᠷ ᠥᠨᠳᠥᠷ ᠡᠷᠭᠦᠭᠳᠡᠵᠡᠢ᠃ ᠲᠤᠰ ᠨᠤᠲᠤᠭ ᠤᠮᠠᠷᠠᠲᠤ ᠳᠤᠯᠠᠭᠠᠨ ᠪᠦᠰᠡ ᠶᠢᠨ ᠡᠬᠡ ᠬᠠᠭᠤᠷᠠᠢ ᠶᠢᠨ ᠠᠭᠤᠷ ᠠᠮᠢᠰᠬᠤᠯ ᠲᠠᠢ ᠪᠠᠶᠢᠵᠤ᠂ ᠭᠠᠵᠠᠷ ᠤᠨ ᠡᠷᠭᠦᠭᠳᠡᠴᠡ ᠥᠨᠳᠥᠷ ᠮᠥᠷᠲᠡᠭᠡᠨ ᠳᠤᠮᠳᠠ ᠪᠠ ᠥᠨᠳᠥᠷ ᠥᠷᠭᠡᠷᠢᠭ ᠪᠦᠬᠦᠢ ᠪᠦᠰᠡ ᠨᠤᠲᠤᠭ ᠲᠤ ᠣᠷᠣᠰᠢᠭᠰᠠᠨ ᠢᠶᠠᠷ ᠢᠶᠠᠨ ᠪᠠᠶᠢᠭᠠᠯᠢ ᠶᠢᠨ ᠨᠥᠬᠦᠴᠡᠯ ᠬᠦᠨᠳᠦ ᠬᠡᠴᠡᠭᠦᠦ ᠪᠠᠶᠢᠳᠠᠭ᠃ ᠡᠪᠦᠯ ᠳᠡᠭᠡᠨ ᠮᠣᠩᠭᠤᠯ ᠤᠨ ᠥᠨᠳᠦᠷᠯᠢᠭ ᠤᠨ ᠠᠭᠠᠷ ᠤᠨ ᠥᠨᠳᠥᠷ ᠳᠠᠷᠤᠯᠲᠠ ᠳᠤ ᠡᠵᠡᠮᠳᠡᠭᠳᠡᠳᠡᠭ ᠠᠴᠠ ᠬᠦᠢᠲᠡᠨ ᠮᠥᠷᠲᠡᠭᠡᠨ ᠰᠠᠯᠬᠢ ᠶᠡᠬᠡᠲᠡᠢ᠂ ᠵᠤᠨ ᠳᠠᠭᠠᠨ ᠭᠠᠩ ᠬᠠᠭᠤᠷᠠᠢ ᠪᠥᠭᠡᠳ ᠬᠤᠷ᠎ᠠ ᠴᠥᠭᠡᠨ ᠪᠠᠶᠢᠳᠠᠭ᠃ ᠵᠢᠯ ᠤᠨ ᠳᠤᠮᠳᠠᠴᠢ ᠳᠤᠯᠠᠭᠠᠨ ᠼᠧᠯᠰ ᠤᠨ 1.6 ᠬᠡᠮ᠂ ᠨᠢᠭᠡᠳᠦᠭᠡᠷ ᠰᠠᠷ᠎ᠠ ᠶᠢᠨ ᠳᠤᠮᠳᠠᠴᠢ ᠳᠤᠯᠠᠭᠠᠨ ᠼᠧᠯᠰ ᠤᠨ —18.9 ᠬᠡᠮ᠂ ᠳᠣᠯᠣᠳᠤᠭᠠᠷ ᠰᠠᠷ᠎ᠠ ᠶᠢᠨ ᠳᠤᠮᠳᠠᠴᠢ ᠳᠤᠯᠠᠭᠠᠨ ᠼᠧᠯᠰ ᠤᠨ 21 ᠬᠡᠮ᠂ ᠬᠠᠮᠤᠭ ᠤᠨ ᠬᠠᠯᠠᠭᠤᠨ ᠳᠠᠭᠠᠨ ᠼᠧᠯᠰ ᠤᠨ 39.7 ᠬᠡᠮ ᠬᠦᠷᠴᠦ᠂ ᠬᠦᠢᠲᠡᠨ ᠤ ᠲᠤᠶᠢᠯ —40.7 ᠬᠡᠮ ᠬᠦᠷᠴᠦ᠂ ᠵᠢᠯ ᠤᠨ ᠡᠳᠦᠷ ᠤᠨ ᠳᠤᠮᠳᠠᠴᠢ ᠳᠤᠯᠠᠭᠠᠨ ᠼᠧᠯᠰ ᠤᠨ 0.7 ᠬᠡᠮ᠂ ᠬᠢᠷᠠᠭᠤ ᠦᠭᠡᠢ ᠬᠤᠭᠤᠴᠠᠭ᠎ᠠ ᠳᠤᠮᠳᠠᠴᠢ ᠪᠠᠷ 120 ᠬᠤᠨᠤᠭ ᠪᠠᠶᠢᠳᠠᠭ᠃ ᠵᠢᠯ ᠤᠨ ᠬᠤᠷ᠎ᠠ ᠲᠤᠨᠳᠠᠰᠤ 300 ᠮᠢᠯᠢᠮᠧᠲᠷ ᠣᠷᠴᠢᠮ᠂ ᠵᠢᠯ ᠤᠨ ᠬᠤᠷ᠎ᠠ ᠲᠤᠨᠳᠠᠰᠤᠨ ᠤ 70% ᠬᠤᠪᠢ ᠨᠢ ᠭᠤᠣᠯᠳᠠᠭᠤ 6—8 ᠳ᠋ᠤᠭᠠᠷ ᠰᠠᠷ᠎ᠠ ᠳᠤ ᠲᠥᠪᠯᠡᠷᠡᠨ ᠪᠠᠭᠤᠳᠠᠭ᠃ ᠵᠢᠯ ᠤᠨ ᠠᠭᠤᠷᠰᠢᠯᠲᠠ 3000 ᠮᠢᠯᠢᠮᠧᠲᠷ ᠠᠴᠠ ᠳᠡᠭᠡᠭᠰᠢ ᠪᠠᠶᠢᠵᠤ᠂ ᠬᠤᠷ᠎ᠠ ᠲᠤᠨᠳᠠᠰᠤᠨ ᠤ ᠪᠠᠨ 7.5 ᠳᠠᠬᠢᠨ ᠳᠤ ᠬᠦᠷᠳᠡᠭ᠃ ᠵᠢᠯ ᠤᠨ ᠳᠤᠮᠳᠠᠴᠢ ᠨᠠᠷᠠᠨ ᠤ ᠲᠤᠰᠤᠯᠲᠠ 2975 ᠴᠠᠭ᠂ ᠨᠠᠷᠠᠨ ᠤ ᠰᠠᠴᠤᠷᠠᠭ ᠬᠡᠴᠡᠭᠦᠦ᠂ ᠰᠠᠯᠬᠢ ᠲᠠᠢ ᠡᠳᠦᠷ ᠣᠯᠠᠨ᠂ ᠰᠠᠯᠬᠢᠨ ᠤ ᠳᠤᠮᠳᠠᠴᠢ ᠬᠤᠷᠳᠤ ᠰᠧᠺᠦ᠋ᠨ᠋ᠳ᠋ ᠪᠦᠷᠢ ᠳᠤ 3.6 ᠮᠧᠲᠷ᠂ ᠬᠠᠮᠤᠭ ᠤᠨ ᠰᠢᠷᠦᠭᠦᠨ ᠳᠡᠭᠡᠨ ᠰᠧᠺᠦ᠋ᠨ᠋ᠳ᠋ ᠪᠦᠷᠢ ᠳᠤ 34 ᠮᠧᠲᠷ ᠬᠦᠷᠴᠦ᠂ ᠵᠢᠯ ᠪᠦᠷᠢ 7—8 ᠳᠡᠰ ᠤᠨ ᠰᠠᠯᠬᠢ ᠲᠠᠢ ᠡᠳᠦᠷ ᠲᠡᠭᠰᠢᠳᠬᠡᠭᠡᠳ 73 ᠬᠤᠨᠤᠭ ᠬᠦᠷᠳᠡᠭ᠃ ᠡᠨᠡ ᠨᠤᠲᠤᠭ ᠤᠨ ᠭᠤᠣᠯ ᠤᠰᠤ ᠳᠣᠲᠣᠭᠠᠳᠤ ᠬᠠᠭᠤᠷᠠᠢ ᠶᠢᠨ ᠤᠰᠤᠨ ᠰᠢᠰᠲ᠋ᠧᠮ ᠳᠤ ᠬᠠᠷᠢᠶᠠᠯᠠᠭᠳᠠᠵᠤ᠂ ᠤᠯᠠᠭᠠᠢ ᠭᠤᠣᠯ ᠢᠶᠠᠷ ᠭᠤᠣᠯᠯᠠᠭᠰᠠᠨ ᠨᠠᠷᠢᠨ ᠭᠤᠣᠯ᠂ ᠠᠷᠤ ᠰᠤᠪᠠᠭ ᠤᠨ ᠭᠤᠣᠯ᠂ ᠪᠠᠶᠠᠨ ᠬᠠᠩᠭᠠᠢ ᠭᠤᠣᠯ  ᠵᠡᠷᠭᠡ ᠭᠤᠣᠯ ᠭᠤᠷᠤᠬ᠎ᠠ ᠲᠠᠢ᠃ ᠨᠡᠶᠢᠲᠡ 107 ᠨᠠᠭᠤᠷ ᠪᠠᠶᠢᠵᠤ᠂ 48 ᠨᠢ ᠴᠡᠩᠭᠡᠭ᠂ 59  ᠨᠢ ᠱᠣᠷᠪᠣᠭ ᠤᠰᠤ ᠲᠠᠢ ᠪᠠᠶᠢᠳᠠᠭ᠃      ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠪᠡᠯᠴᠢᠭᠡᠷ 6917 ᠲᠦᠮᠡᠨ ᠮᠦ᠂ ᠡᠭᠦᠨ ᠳᠤ ᠠᠰᠢᠭᠯᠠᠵᠤ ᠪᠣᠯᠬᠤ ᠲᠠᠯᠠᠪᠠᠢ ᠨᠢ 95% ᠬᠤᠪᠢ ᠶᠢ ᠡᠵᠡᠯᠡᠨ᠎ᠡ᠃ ᠡᠨᠡ ᠨᠤᠲᠤᠭ ᠤᠨ ᠥᠩᠭᠡ ᠦᠵᠡᠮᠵᠢ ᠭᠦᠢᠴᠡᠳ ᠬᠠᠳᠠᠭᠠᠯᠠᠭᠳᠠᠭᠰᠠᠨ ᠪᠥᠭᠡᠳ ᠥᠪᠥᠷ ᠮᠣᠩᠭᠤᠯ ᠤᠨ ᠶᠢᠰᠦᠨ ᠲᠥᠷᠥᠯ ᠤᠨ ᠲᠠᠯ᠎ᠠ ᠬᠡᠭᠡᠷ᠎ᠡ ᠶᠢᠨ ᠣᠨᠴᠠᠯᠢᠭ ᠢ ᠬᠤᠷᠠᠮᠳᠤᠭᠤᠯᠤᠭᠰᠠᠨ ᠴᠣᠷ ᠤᠨ ᠭᠠᠭᠴᠠ ᠪᠦᠰᠡ ᠨᠤᠲᠤᠭ ᠪᠣᠯᠣᠭᠰᠠᠨ ᠢᠶᠠᠷ ᠢᠶᠠᠨ ᠳᠤᠮᠳᠠᠳᠤ ᠤᠯᠤᠰ  ᠤᠨ ᠤᠮᠠᠷᠠᠲᠤ ᠣᠷᠣᠨ ᠤ ᠬᠠᠮᠤᠭ ᠤᠨ ᠭᠤᠶᠢᠳᠠ ᠦᠵᠡᠮᠵᠢᠲᠦ ᠭᠠᠵᠠᠷ ᠨᠤᠲᠤᠭ ᠲᠤ ᠲᠣᠭᠠᠴᠠᠭᠳᠠᠨ ︽ᠵᠢᠷᠭᠠᠯᠠᠩᠲᠤ ᠲᠠᠯ᠎ᠠ ᠨᠤᠲᠤᠭ︾ ᠬᠡᠮᠡᠨ ᠠᠯᠳᠠᠷᠰᠢᠭᠰᠠᠨ ᠪᠢᠯᠡ᠃ ᠥᠪᠥᠷ ᠮᠣᠩᠭᠤᠯᠴᠤᠳ ᠤᠨ ᠰᠣᠶᠣᠯ ᠵᠠᠩ ᠦᠢᠯᠡ ᠡᠨᠡ ᠨᠤᠲᠤᠭ ᠲᠤ ᠬᠠᠮᠤᠭ ᠠᠴᠠ ᠢᠯᠡᠭᠦᠦ ᠬᠠᠳᠠᠭᠠᠯᠠᠭᠳᠠᠨ ᠦᠯᠡᠳᠡᠭᠰᠡᠨ ᠢᠶᠠᠷ ᠢᠶᠠᠨ ᠦᠵᠦᠮᠦᠴᠢᠨ ᠨᠤᠲᠤᠭ ᠢ ᠪᠠᠰᠠ ︽ᠠᠪᠤᠷᠭᠤ ᠪᠥᠬᠡ ᠶᠢᠨ ᠲᠠᠭᠰᠢᠨ ᠣᠷᠣᠨ᠂ ᠤᠷᠲᠤ ᠶᠢᠨ ᠳᠠᠭᠤᠤ ᠶᠢᠨ ᠥᠯᠥᠭᠡᠢ᠂ ᠦᠨᠳᠦᠰᠦᠲᠡᠨ ᠤ ᠬᠤᠪᠴᠠᠰᠤ ᠵᠠᠰᠠᠯ ᠤᠨ ᠨᠤᠲᠤᠭ᠂ ᠨᠡᠭᠦᠳᠡᠯ ᠰᠣᠶᠣᠯ ᠤᠨ ᠭᠤᠯᠣᠮᠲᠠ︾ ᠬᠡᠮᠡᠨ ᠨᠡᠷᠡᠯᠡᠳᠡᠭ᠃ ᠤᠯᠠᠮᠵᠢᠯᠠᠯᠲᠤ ᠮᠣᠩᠭᠤᠯ ᠪᠥᠬᠡ᠂ ᠤᠶᠠᠩᠭᠠᠲᠤ ᠤᠷᠲᠤ ᠶᠢᠨ ᠳᠠᠭᠤᠤ᠂ ᠥᠩᠭᠡ ᠢᠯᠭᠠᠷᠠᠮ᠎ᠠ ᠬᠤᠪᠴᠠᠰᠤ ᠵᠠᠰᠠᠯ᠂ ᠥᠨᠢ ᠡᠷᠲᠡᠨ ᠤ ᠨᠡᠭᠦᠳᠡᠯ ᠰᠣᠶᠣᠯ ᠪᠦᠬᠦᠨ ᠨᠢ ᠦᠶ᠎ᠡ ᠳᠠᠮᠵᠢᠨ ᠪᠠᠯᠠᠷᠠᠭ᠎ᠠ ᠦᠭᠡᠢ ᠦᠵᠦᠮᠦᠴᠢᠨ ᠰᠣᠶᠣᠯ ᠤᠨ ᠭᠢᠯᠪᠠᠭ᠎ᠠ ᠶᠢ ᠬᠠᠷᠠᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号