ᠵᠡᠭᠦᠨ ᠬᠠᠲᠠᠪᠴᠢ ᠪᠤᠭᠤᠮᠲᠠ ᠶᠢᠨ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2017/4/17
                        ᠵᠡᠭᠦᠨ ᠬᠠᠲᠠᠪᠴᠢ ᠪᠤᠭᠤᠮᠲᠠ            ᠵᠡᠭᠦᠨ ᠬᠠᠲᠠᠪᠴᠢ ᠪᠤᠭᠤᠮᠲᠠ ᠪᠤᠯ ᠮᠠᠨᠵᠤᠤᠷ᠂ ᠡᠷᠢᠶᠡᠨ ᠬᠤᠲᠠ ᠠᠴᠠ ᠳᠠᠷᠠᠭᠠᠬᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠤᠷᠪᠠᠳᠤᠭᠠᠷ ᠤᠯᠠᠨ ᠤᠯᠤᠰ ᠤᠨ ᠴᠢᠨᠠᠷᠲᠠᠢ ᠪᠠᠶᠢᠩᠭᠤ ᠶᠢᠨ ᠨᠡᠬᠡᠬᠡᠯᠳᠡᠲᠤ ᠬᠠᠭᠤᠷᠠᠢ ᠵᠠᠮ ᠤᠨ ᠪᠤᠭᠤᠮᠲᠠ ᠪᠤᠯᠤᠨ᠎ᠠ᠃ ᠵᠡᠭᠦᠨ ᠬᠠᠲᠠᠪᠴᠢ ᠪᠤᠭᠤᠮᠲᠠ ᠨᠢ ᠤᠯᠢᠶᠠᠰᠤᠲᠠᠢ ᠪᠠᠯᠭᠠᠰᠤᠨ ᠠᠴᠠ ᠤᠮᠠᠷᠠᠰᠢ 68 ᠺᠢᠯᠣᠮᠧᠲᠷ ᠬᠤᠯᠠ᠂ ᠳᠤᠮᠳᠠᠳᠤ ᠮᠤᠩᠭᠤᠯ ᠬᠤᠶᠠᠷ ᠤᠯᠤᠰ ᠤᠨ 1046 ᠨᠤᠮᠸᠠᠷᠲᠤ ᠬᠢᠯᠢ ᠶᠢᠨ ᠪᠠᠭᠠᠨ᠎ᠠ ᠳᠤ ᠪᠠᠶᠢᠷᠢᠯᠠᠵᠤ᠂ ᠳᠤᠮᠳᠠᠳᠤ ᠮᠤᠩᠭᠤᠯ ᠬᠤᠶᠠᠷ ᠤᠯᠤᠰ ᠤᠨ ᠬᠢᠯᠢ ᠶᠢᠨ ᠠᠷᠠᠳ ᠤᠨ ᠦᠶ᠎ᠡ ᠤᠯᠠᠷᠢᠭᠰᠠ ᠨᠦᠬᠦᠷᠰᠡᠭ ᠠᠷᠠᠯᠵᠢᠶᠠᠨ ᠤ ᠴᠢᠬᠤᠯᠠ ᠵᠠᠮ ᠪᠦᠭᠡᠳ ᠮᠤᠩᠭᠤᠯ ᠤᠯᠤᠰ ᠪᠠ ᠤᠷᠤᠰ ᠤᠨ ᠵᠡᠭᠦᠨ ᠭᠡᠰᠡᠭ ᠤᠨ ᠭᠠᠵᠠᠷ ᠤᠷᠤᠨ ᠤ ᠪᠦᠸᠧᠬᠠᠢ ᠲᠠᠩᠭᠢᠰ ᠲᠤ ᠨᠡᠪᠲᠡᠷᠡᠬᠦ ᠳᠦᠭᠦᠮ ᠵᠠᠮ ᠪᠠᠶᠢᠵᠤ᠂ ᠮᠦᠨᠴᠤ ᠪᠡᠭᠡᠵᠢᠩ᠂ ᠲᠢᠶᠠᠨᠵᠢᠨ᠂ ᠲᠠᠩᠱᠠᠨ ᠤᠷᠤᠨ ᠤ ᠤᠷᠤᠰ ᠮᠤᠩᠭᠤᠯ ᠳᠤ ᠨᠡᠪᠲᠡᠷᠡᠬᠦ ᠬᠠᠮᠤᠭ ᠤᠨ ᠳᠦᠭᠦᠮ ᠴᠢᠬᠤᠯᠠ ᠵᠠᠮ ᠪᠤᠯᠤᠭᠰᠠ ᠪᠠᠶᠢᠨ᠎ᠠ᠃ 1992 ᠤᠨ ᠠᠴᠠ ᠡᠬᠢᠯᠡᠨ ᠤᠯᠠᠷᠢᠯ ᠤᠨ ᠴᠢᠨᠠᠷᠲᠠᠢ ᠨᠡᠬᠡᠬᠡᠵᠣ ᠪᠠᠶᠢᠭᠰᠠᠨ ᠠᠴᠠ 2008 ᠤᠨ ᠳᠤ ᠪᠠᠶᠢᠩᠭᠤ ᠶᠢᠨ ᠴᠢᠨᠠᠷᠲᠠᠢ ᠨᠡᠬᠡᠬᠡᠵᠣ᠂ 2015 ᠤᠨ ᠳᠤ ᠲᠦᠷᠤ ᠶᠢᠨ ᠶᠠᠪᠤᠳᠠᠯ ᠤᠨ ᠬᠤᠷᠢᠶᠠᠨ ᠠᠴᠠ 61 ᠬᠢᠯᠢ ᠳᠠᠭᠠᠭᠰᠠᠨ ᠤᠯᠤᠰ ᠤᠨ ᠳᠡᠰ ᠤᠨ ᠭᠤᠤᠯᠳᠠᠯᠭ᠎ᠠ ᠲᠠᠢ ᠵᠠᠰᠠᠮᠠᠯ ᠵᠠᠮ ᠤᠨ ᠪᠤᠭᠤᠮᠲᠠ ᠪᠠᠷ ᠲᠤᠭᠲᠠᠭᠠᠵᠤ᠂  ᠮᠦᠨᠴᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠡᠰ ᠤᠨ ᠭᠤᠤᠯᠳᠠᠯᠭ᠎ᠠ ᠲᠠᠢ ᠨᠠᠬᠡᠬᠡᠨ ᠬᠦᠭᠵᠢᠭᠦᠯᠬᠦ ᠲᠤᠷᠰᠢᠯᠲᠠ ᠶᠢᠨ ᠤᠷᠤᠨ ᠪᠤᠯᠤᠭᠰᠠ ᠪᠠᠶᠢᠨ᠎ᠠ᠃      ᠤᠳᠤᠬᠠᠨ ᠳᠤ᠂ ᠵᠡᠭᠦᠨ ᠬᠠᠲᠠᠪᠴᠢ ᠬᠢᠯᠢ ᠶᠢᠨ ᠪᠤᠭᠤᠮᠲᠠ ᠪᠠᠷ ᠭᠤᠤᠯᠳᠠᠭᠤ ᠲᠦᠭᠦᠬᠡᠢ ᠲᠤᠰᠤ᠂ ᠨᠡᠭᠦᠷᠡᠰᠦ᠂ ᠡᠪᠡᠰᠦ᠂ ᠠᠮᠢᠳᠤ ᠮᠠᠯ ᠵᠡᠷᠭᠡ ᠶᠢ ᠤᠷᠤᠭᠤᠯᠵᠤ᠂ ᠡᠳᠦᠷ ᠲᠤᠲᠤᠮ ᠤᠨ ᠬᠡᠷᠡᠭᠯᠡᠭᠡᠨ ᠤ ᠪᠦᠲᠦᠭᠡᠭᠳᠡᠭᠦᠨ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠴᠠᠬᠢᠯᠭᠠᠨ ᠵᠡᠷᠭᠡ ᠶᠢ ᠭᠠᠷᠭᠠᠵᠤ ᠪᠠᠶᠢᠨ᠎ᠠ᠃ ᠨᠢᠭᠡᠳᠦᠭᠡᠷ ᠤᠯᠠᠷᠢᠯ ᠳᠤ᠂ ᠪᠤᠭᠤᠮᠲᠠ ᠪᠠᠷ ᠤᠷᠤᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ 19.9  ᠲᠦᠮᠡᠨ ᠲᠤᠨ ᠳᠤ ᠬᠦᠷᠴᠦ᠂  ᠠᠳᠠᠯᠢ ᠬᠤᠭᠤᠴᠠᠭᠠᠨ ᠤ ᠬᠢ ᠠᠴᠠ13.4% ᠪᠠᠷ ᠨᠡᠮᠡᠭᠳᠡᠪᠡ᠃ ᠪᠤᠭᠤᠮᠲᠠ ᠪᠠᠷ ᠤᠷᠤᠭᠤᠯᠵᠤ ᠭᠠᠷᠭᠠᠭᠰᠠᠨ ᠪᠠᠷᠠᠭᠠᠨ ᠤ ᠦᠷᠲᠡᠭ 5781ᠲᠦᠮᠡᠨ ᠳ᠋ᠤᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.2% ᠪᠠᠷ ᠳᠤᠷᠤᠭᠰᠢᠯᠠᠪᠠ᠃ ᠪᠤᠭᠤᠮᠲᠠ ᠪᠠᠷ ᠤᠷᠤᠵᠤ ᠭᠠᠷᠤᠭᠰᠠᠨ ᠭᠦᠮᠦᠨ ᠤ ᠲᠤᠭ᠎ᠠ 2 ᠲᠦᠮᠡᠨ ᠬᠦᠮᠦᠨ ᠤᠳᠠᠭ᠎ᠠ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ6.9% ᠪᠠᠷ ᠨᠡᠮᠡᠭᠳᠡᠪᠡ᠃ ᠪᠤᠭᠤᠮᠲᠠ ᠪᠠᠷ ᠤᠷᠤᠵᠤ ᠭᠠᠷᠤᠭᠰᠠᠨ ᠲᠡᠷᠭᠡ 1.3 ᠲᠦᠮᠡᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.1% ᠪᠠᠷ ᠨᠡᠮᠡᠭᠳᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号