ᠵᠡᠬᠦᠨ ᠦᠵᠦᠮᠦᠴᠢᠨ ᠬᠤᠰᠢᠭᠤᠨ ᠤ ᠮᠠᠨᠳᠣᠬᠤᠪᠣᠯᠠᠭ ᠰᠣᠷᠭᠠᠭᠤᠯᠢ
ᠨᠡᠶᠢᠲᠡᠯᠡᠭᠰᠡᠨ ᠴᠠᠭ᠄
2017/4/20
      ᠵᠡᠬᠦᠨ ᠦᠵᠦᠮᠦᠴᠢᠨ ᠬᠤᠰᠢᠭᠤᠨ ᠤ ᠮᠠᠨᠳᠣᠬᠤᠪᠣᠯᠠᠭ ᠰᠣᠷᠭᠠᠭᠤᠯᠢ ᠨᠢ ᠬᠤᠰᠢᠭᠤᠨ ᠲᠦᠪ ᠣᠯᠢᠶᠠᠰᠣᠳᠠᠢ ᠪᠠᠯᠭᠠᠰᠣᠨ ᠠᠴᠠ ᠵᠡᠬᠦᠨ ᠬᠤᠶᠢᠰᠢ 180 km ᠵᠠᠶᠢᠳᠠᠢ ᠪᠠᠶᠢᠭ᠎ᠠ ᠮᠠᠨᠳᠣᠬᠤᠪᠣᠯᠠᠭ ᠪᠠᠯᠭᠠᠰᠣᠨ ᠲᠦᠪ ᠪᠠᠭ᠎ᠠ ᠲᠡᠭᠦᠯᠢᠴᠢ ᠳᠤ ᠪᠠᠶᠢᠷᠢᠰᠢᠵᠦ  ᠪᠠᠶᠢᠭ᠎ᠠ ᠶᠣᠮ᠃      ᠲᠣᠰ ᠰᠣᠷᠭᠠᠭᠤᠯᠢ ᠪᠤᠯ 1961 ᠣᠨ ᠳᠤ ᠣᠯᠣᠰ ᠤᠨ ᠮᠠᠨᠳᠣᠬᠤᠪᠣᠯᠠᠭ ᠮᠠᠯᠵᠢᠯ ᠤᠨ ᠲᠠᠯᠠᠪᠠᠢ ᠶᠢᠨ ᠬᠤᠷᠰᠢᠭᠰᠠᠨ ᠡᠷᠦᠬᠡ ᠬᠠᠮᠳᠣᠷᠠᠨ ᠪᠡᠯᠡ ᠣᠷᠣᠭᠤᠯᠣᠨ ᠪᠠᠶᠢᠭᠤᠯᠣᠭᠰᠠᠨ ᠰᠣᠷᠭᠠᠭᠤᠯᠢ ᠶᠣᠮ᠃ ᠰᠣᠷᠭᠠᠭᠤᠯᠢ ᠶᠢᠨ ᠬᠦᠷᠢᠶᠡᠨ ᠤ ᠡᠵᠡᠯᠡᠬᠦ ᠲᠠᠯᠠᠪᠠᠢ 26800 m2 ᠪᠠᠶᠢᠵᠦ᠂  ᠵᠢᠭᠠᠨ ᠰᠣᠷᠭᠠᠯᠳᠠ ᠶᠢᠨ ᠠᠰᠠᠷ᠂ ᠪᠠᠶᠢᠷᠢ ᠶᠢᠨ ᠠᠰᠠᠷ  ᠂ ᠲᠠᠮᠢᠷ ᠤᠨ ᠣᠷᠳᠣᠨ᠂ ᠴᠡᠴᠡᠷᠯᠢᠭ ᠤᠨ ᠠᠰᠠᠷ᠂ ᠪᠠᠭᠰᠢ ᠶᠢᠨ ᠣᠷᠣᠨ ᠰᠠᠭᠤᠴᠠ ᠶᠢᠨ ᠠᠰᠠᠷ ᠪᠠ ᠭᠤᠮ ᠲᠠᠮᠢᠷ  ᠤᠨ ᠲᠠᠯᠠᠪᠣᠷ ᠵᠡᠷᠭᠡ ᠪᠦᠳᠦᠭᠡᠨ ᠪᠠᠶᠢᠭᠤᠯᠣᠯᠳᠠ ᠲᠠᠢ᠃  9 ᠠᠩᠭᠢ᠂  226 ᠨᠡᠷ᠎ᠡ ᠰᠣᠷᠣᠭᠴᠢ᠂   ᠪᠠᠭ᠎ᠠ ᠰᠣᠷᠭᠠᠭᠤᠯᠢ ᠶᠢᠨ ᠪᠠᠭᠰᠢ 21 ᠨᠡᠷ᠎ᠡ᠂ 9 ᠴᠡᠴᠡᠷᠯᠢᠭ ᠤᠨ ᠪᠠᠭᠰᠢ ᠲᠠᠢ ᠴᠣᠯᠣ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠰᠣᠮᠣ ᠪᠠᠯᠭᠠᠰᠣ ᠱᠠᠳᠣᠨ ᠤ ᠰᠣᠷᠭᠠᠭᠤᠯᠢ ᠶᠤᠮ᠃      ᠮᠠᠨ ᠤ ᠰᠣᠷᠭᠠᠭᠤᠯᠢ ᠨᠢ ᠨᠠᠮ ᠤᠨ ᠰᠣᠷᠭᠠᠨ ᠬᠦᠮᠦᠵᠢᠯ ᠤᠨ ᠴᠢᠭᠯᠡᠯᠳᠡ᠂ ᠲᠦᠷᠦ ᠶᠢᠨ ᠪᠣᠳᠣᠯᠭ᠎ᠠ ᠶᠢ ᠲᠣᠣᠱᠯᠠᠭᠤᠯᠣᠨ ᠬᠡᠷᠡᠭᠵᠢᠬᠦᠯᠵᠦ᠂ ᠰᠣᠮᠣ ᠪᠠᠯᠭᠠᠰᠣ ᠱᠠᠳᠣᠨ ᠤ ᠰᠣᠷᠭᠠᠭᠤᠯᠢ ᠶᠢᠨ ᠣᠨᠴᠠᠯᠢᠭ ᠪᠠᠨ ᠲᠣᠪᠣᠶᠢᠯᠭᠠᠵᠦ᠂ ︽ᠵᠢᠭᠠᠨ ᠰᠣᠷᠭᠠᠬᠤ ᠶᠠᠰᠣ ᠴᠢᠨᠠᠷ ᠢᠶᠠᠷ ᠰᠣᠷᠭᠠᠭᠤᠯᠢ ᠢᠶᠠᠨ ᠮᠠᠨᠳᠣᠭᠤᠯᠬᠤ︾ ᠣᠷᠢᠶᠠᠯᠭ᠎ᠠ ᠪᠠᠷ ᠪᠠᠭᠰᠢ ᠶᠢᠨ ᠵᠢᠭᠠᠬᠤ ᠪᠠ ᠰᠣᠷᠣᠭᠴᠢ ᠶᠢᠨ ᠰᠣᠷᠬᠤ ᠣᠷᠴᠢᠨ ᠲᠣᠭᠤᠷᠢᠨ ᠢ ᠴᠢᠷᠮᠠᠶᠢᠨ ᠪᠦᠷᠢᠨᠰᠢᠭᠦᠯᠵᠦ  ᠂ ᠬᠡᠪ  ᠴᠢᠨᠠᠷ ᠤᠨ ᠰᠣᠷᠭᠠᠨ ᠬᠦᠮᠦᠵᠢᠯ ᠢ ᠭᠤᠣᠯᠳᠠᠯᠭ᠎ᠠ ᠲᠠᠢ ᠠᠳᠬᠤᠨ᠂ ᠪᠦᠬᠦ ᠰᠣᠷᠣᠭᠴᠢᠳ ᠲᠤ ᠬᠠᠨᠳᠣᠨ᠂ ᠪᠦᠬᠦ ᠲᠠᠯ᠎ᠠ ᠪᠠᠷ ᠬᠦᠮᠦᠵᠢᠬᠦᠯᠬᠦ ᠪᠠᠷ ᠴᠢᠷᠮᠠᠶᠢᠨ ᠦᠨᠳᠦᠰᠦᠨ ᠪᠠᠶᠢᠳᠠᠯ ᠳᠤ ᠪᠠᠨ ᠲᠣᠬᠢᠷᠠᠭᠰᠠᠨ ᠦᠪᠡᠷᠮᠢᠴᠠ ᠣᠨᠴᠠᠯᠢᠭ ᠲᠠᠢ᠂ ᠴᠠᠭ ᠦᠶ᠎ᠡ ᠶᠢᠨ ᠡᠩᠨᠡᠭᠡᠨ ᠳᠤ ᠠᠯᠬᠤᠴᠠ ᠪᠠᠨ ᠲᠦᠷᠭᠡᠳᠬᠡᠨ᠂ ᠦᠷᠬᠡᠨ ᠣᠯᠠᠨ ᠭᠡᠷ ᠤᠨ ᠠᠬᠠᠮᠠᠳ᠂ ᠮᠠᠯᠴᠢᠨ ᠲᠦᠮᠡᠨ  ᠤ ᠰᠡᠳᠬᠢᠯ ᠳᠤ ᠬᠠᠨᠣᠮᠵᠢᠳᠠᠢ᠂ ᠨᠡᠶᠢᠬᠡᠮ᠂ ᠭᠡᠷ ᠤᠨ ᠠᠬᠠᠮᠠᠳ᠂ ᠰᠣᠷᠭᠠᠭᠤᠯᠢ ᠨᠢᠭᠳᠠ ᠬᠤᠯᠪᠤᠭᠠᠯᠠᠭᠰᠠᠨ ᠰᠣᠷᠭᠠᠭᠤᠯᠢ ᠶᠢ ᠪᠦᠳᠦᠬᠡᠨ ᠪᠠᠶᠢᠭᠤᠯᠬᠤ   ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号