ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠪᠤᠯ 1982 | ᠤᠨ ᠳᠤ ᠪᠠᠶᠢᠭᠤᠯᠤᠭᠳᠠᠭᠰᠠᠨ᠂ ᠵᠡᠭᠦᠨ ᠦᠵᠦᠮᠦᠴᠢᠨ ᠬᠤᠰᠢᠭᠤᠨ ᠤ ᠠᠩᠬᠠᠳᠠᠭᠴᠢ ᠠᠯᠪᠠᠨ ᠠᠴᠠ ᠡᠷᠬᠢᠯᠡᠭᠰᠡᠨ᠂ | ᠮᠤᠩᠭᠤᠯ ᠬᠢᠳᠠᠳ ᠬᠤᠤᠰ ᠬᠡᠯᠡ ᠪᠠᠷ ᠬᠢᠴᠢᠶᠡᠯᠯᠡᠭᠰᠡᠨ ᠪᠦᠬᠦᠯᠢ ᠡᠳᠦᠷ ᠤᠨ ᠳᠦᠷᠢᠮᠳᠦ ᠴᠡᠴᠡᠷᠯᠢᠭ ᠪᠤᠯᠤᠨ᠎ᠠ᠃ | ᠴᠡᠴᠡᠷᠯᠢᠭ ᠪᠠᠶᠢᠭᠤᠯᠤᠭᠳᠠᠭᠰᠠᠨ ᠠᠴᠠ ᠨᠠᠰᠢ ᠨᠠᠮ ᠤᠨ ᠬᠤᠷᠢᠶ᠎ᠠ ᠵᠠᠰᠠᠭ ᠤᠨ ᠤᠷᠳᠤᠨ ᠪᠤᠯᠤᠨ ᠨᠠᠶᠢᠭᠡᠮ ᠤᠨ | ᠡᠯ᠎ᠡ ᠡᠲᠡᠭᠡᠳ ᠤᠨ ᠬᠠᠶᠢᠷ᠎ᠠ ᠬᠠᠯᠠᠮᠵᠢᠯᠠᠯ ᠪᠠ ᠬᠦᠴᠦᠳᠠᠢ ᠳᠡᠮᠵᠢᠯᠭᠡ ᠳᠤᠤᠷ᠎ᠠ᠂ ᠬᠡᠳᠦᠨ ᠦᠶ᠎ᠡ ᠶᠢᠨ ᠴᠡᠴᠡᠷᠯᠢᠭ | ᠤᠨ ᠤᠳᠤᠷᠢᠳᠤᠯᠭ᠎ᠠ ᠪᠠ ᠪᠦᠬᠦ ᠪᠠᠭᠰᠢ ᠠᠵᠢᠯᠳᠠᠳ ᠤᠨ ᠬᠠᠮᠳᠤ ᠶᠢᠨ ᠴᠢᠷᠮᠠᠶᠢᠯᠭ᠎ᠠ ᠪᠠᠷ ᠵᠡᠭᠦᠨ ᠦᠵᠦᠮᠦᠴᠢᠨ | ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠨᠢ ᠠᠭᠠᠵᠢᠮ ᠠᠭᠠᠵᠢᠮ ᠢᠶᠠᠷ ᠬᠦᠴᠦᠷᠬᠡᠭᠵᠢᠨ | ᠲᠤᠮᠤᠭᠠᠵᠢᠵᠦ᠂ ᠬᠠᠮᠢᠶᠠᠷᠤᠯᠳᠠ᠂ ᠠᠰᠠᠷᠠᠨ ᠬᠦᠮᠦᠵᠢᠭᠦᠯᠬᠦ᠂ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ᠂ | ᠤᠳᠤᠬᠢᠴᠢᠯᠠᠭᠰᠠᠨ ᠪᠠᠷᠢᠮᠵᠢᠶᠠᠨ ᠳᠤ ᠨᠠᠶᠢᠴᠡᠭᠰᠡᠨ ᠴᠡᠴᠡᠷᠯᠢᠭ ᠪᠤᠯᠤᠭᠰᠠᠨ ᠪᠠᠶᠢᠨ᠎ᠠ᠃ | 2015 ᠤᠨ ᠤ 8 ᠰᠠᠷ᠎ᠠ ᠶᠢᠨ 20 ᠤ ᠡᠳᠦᠷ᠂ ᠮᠠᠨ ᠤ ᠴᠡᠴᠡᠷᠯᠢᠭ ᠨᠢ ᠤᠳᠤᠬᠢ ᠰᠢᠨ᠎ᠡ ᠰᠠᠭᠤᠷᠢᠰᠢᠯ | ᠳᠤ ᠪᠠᠨ ᠨᠡᠭᠦᠨ ᠤᠷᠤᠵᠦ᠂ ᠴᠡᠴᠡᠷᠯᠢᠭ ᠤᠨ ᠪᠦᠬᠦᠶᠢᠯᠡ ᠡᠵᠡᠯᠡᠬᠦ ᠲᠠᠯᠠᠪᠠᠢ ᠨᠢ 12220 ᠲᠡᠭᠰᠢ ᠳᠦᠷᠪᠡᠯᠵᠢᠨ | ᠮᠧᠲᠷ᠂ ᠪᠠᠷᠢᠯᠭ᠎ᠠ ᠶᠢᠨ ᠡᠵᠡᠯᠡᠬᠦ ᠲᠠᠯᠠᠪᠠᠢ ᠨᠢ 5689.46 ᠲᠡᠭᠰᠢ ᠳᠦᠷᠪᠡᠯᠵᠢᠨ ᠮᠧᠲᠷ ᠪᠠᠶᠢᠵᠦ᠂ ᠤᠷᠴᠢᠨ | ᠲᠤᠭᠤᠷᠢᠨ ᠲᠠᠭᠠᠯᠠᠮᠵᠢᠲᠠᠢ᠂ ᠬᠢᠴᠢᠶᠡᠯᠯᠡᠭᠡ ᠶᠢᠨ ᠲᠠᠩᠬᠢᠮ᠂ ᠤᠨᠲᠠᠯᠭ᠎ᠠ ᠶᠢᠨ ᠦᠷᠦᠭᠡ᠂ ᠲᠠᠮᠢᠷ ᠤᠨ ᠲᠠᠰᠤᠭ᠂ | ᠵᠢᠷᠭᠢᠭᠡ ᠶᠢᠨ ᠲᠠᠰᠤᠭ᠂ ᠮᠤᠩᠭᠤᠯ ᠤᠯᠠᠮᠵᠢᠯᠠᠯᠳᠤ ᠵᠠᠩ ᠦᠢᠯᠡ ᠶᠢᠨ ᠲᠠᠰᠤᠭ᠂ ᠬᠡᠤᠬᠡᠯᠳᠠᠢ ᠲᠤᠭᠯᠠᠭᠠᠮ ᠤᠨ | ᠦᠷᠦᠭᠡ ᠵᠡᠷᠭᠡ ᠤᠯᠠᠨ ᠬᠡᠷᠡᠭᠴᠡᠭᠡᠳᠦ ᠬᠦᠳᠡᠯᠭᠡᠭᠡᠨ ᠤ ᠲᠠᠰᠤᠭ ᠢ ᠪᠦᠷᠢᠯᠳᠦᠭᠦᠯᠵᠦ᠂ ᠤᠳᠤᠬᠠᠨ ᠳᠤ ᠮᠠᠨ ᠤ | ᠴᠡᠴᠡᠷᠯᠢᠭ ᠨᠢ 456 ᠨᠡᠷ᠎ᠡ ᠬᠡᠤᠬᠡᠳ᠂ 12 ᠠᠩᠭᠢ ᠲᠠᠢ᠂ ᠡᠭᠦᠨ ᠳᠤ 6ᠮᠤᠩᠭᠤᠯ ᠢᠶᠠᠷ ᠬᠢᠴᠢᠶᠡᠯᠯᠡᠬᠦ ᠠᠩᠭᠢ᠂ | 6 ᠬᠢᠳᠠᠳ ᠢᠶᠠᠷ ᠬᠢᠴᠢᠶᠡᠯᠯᠡᠬᠦ ᠠᠩᠭᠢ ᠲᠠᠢ᠂ 62 ᠨᠡᠷ᠎ᠡ ᠪᠠᠭᠰᠢ ᠠᠵᠢᠯᠳᠠᠨ ᠲᠠᠢ᠂ ᠪᠠᠭᠰᠢᠨᠠᠷ ᠨᠢ ᠳᠦᠷᠢᠮᠵᠢᠭᠰᠡᠨ | ᠲᠤᠰᠬᠠᠢ ᠮᠡᠷᠭᠡᠵᠢᠯ ᠤᠨ ᠪᠤᠯᠪᠠᠰᠤᠷᠠᠯ ᠢ ᠬᠦᠷᠳᠡᠭᠰᠡᠨ ᠪᠦᠭᠡᠳ ᠰᠤᠷᠤᠯᠭ᠎ᠠ ᠶᠢᠨ ᠨᠠᠮᠲᠠᠷ ᠤᠨ ᠬᠢᠷᠢ ᠲᠡᠩᠴᠡᠭᠰᠡᠨ | ᠨᠤᠷᠮ᠎ᠠ ᠨᠢ 100 % ᠳᠤ ᠬᠦᠷᠴᠡᠢ᠃ | ᠤᠯᠠᠨ ᠵᠢᠯ ᠤᠨ ᠲᠤᠷᠰᠢ᠂ ᠮᠠᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠨᠢ ᠨᠠᠮ ᠤᠨ | ᠰᠤᠷᠭᠠᠨ ᠬᠦᠮᠦᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ︿︿ | ᠬᠡᠤᠬᠡᠳ ᠤᠨ ᠴᠡᠴᠡᠷᠯᠢᠭ ᠤᠨ ᠰᠤᠷᠭᠠᠨ ᠬᠦᠮᠦᠵᠢᠯ ᠢ ᠵᠢᠯᠤᠭᠤᠳᠬᠤ ᠬᠦᠳᠦᠯᠪᠦᠷᠢ﹀﹀᠂ ︿︿ᠴᠡᠴᠡᠷᠯᠢᠭ ᠤᠨ ᠠᠵᠢᠯ | ᠤᠨ ᠳᠦᠷᠢᠮ﹀﹀ ᠵᠢᠴᠢ ︿︿3-6 ᠨᠠᠰᠤᠨ ᠤ ᠬᠡᠤᠬᠡᠳ ᠤᠨ ᠰᠤᠷᠬᠤᠢ ᠪᠠ ᠬᠦᠭᠵᠢᠬᠦᠢ ᠶᠢᠨ ᠵᠦᠭᠯᠡᠭᠦᠷ﹀﹀ ᠢ | ᠵᠢᠷᠤᠮᠯᠠᠨ᠂ ︿︿ᠬᠡᠤᠬᠡᠳ ᠢ ᠪᠠᠶᠠᠷ ᠬᠦᠷ ᠲᠠᠢ ᠲᠤᠭᠯᠠᠭᠤᠯᠵᠦ᠂ ᠠᠮᠢᠳᠤᠷᠠᠯ ᠤᠨ ᠳᠤᠮᠳᠠ ᠬᠦᠭᠵᠢᠭᠡᠵᠦ᠂ | ᠬᠦᠭᠵᠢᠯᠳᠡ ᠶᠢᠨ ᠳᠤᠮᠳᠠ ᠲᠤᠮᠤᠭᠠᠵᠢᠭᠤᠯᠤᠨᠠ﹀﹀ ᠬᠡᠬᠦ ᠪᠠᠷ ᠵᠤᠷᠢᠯᠲᠠ ᠪᠤᠯᠭᠠᠵᠦ᠂ ︿︿ᠬᠡᠤᠬᠡᠳ ᠤᠨ ᠬᠤᠵᠢᠮ ᠤᠨ | ᠰᠤᠷᠤᠯᠴᠠᠯᠭ᠎ᠠ ᠳᠤᠨᠢ ᠰᠠᠭᠤᠷᠢ ᠲᠠᠯᠪᠢᠨ ᠦᠭᠴᠦ᠂ ᠪᠠᠶ᠎ᠡ ᠮᠠᠬᠠᠪᠤᠳ᠂ ᠤᠶᠤᠨ ᠤᠬᠠᠭᠠᠨ᠂ ᠶᠤᠰᠤ ᠰᠤᠷᠳᠠᠬᠤᠨ᠂ | ᠭᠤᠸ᠎ᠠ ᠰᠠᠶᠢᠬᠠᠨ ᠵᠡᠷᠭᠡ ᠪᠦᠬᠦ ᠲᠠᠯ᠎ᠠ ᠪᠠᠷ ᠵᠤᠬᠢᠴᠠᠩᠭᠤᠢ ᠬᠦᠭᠵᠢᠬᠦ ᠶᠢ ᠠᠬᠢᠭᠤᠯᠬᠤ﹀﹀ ᠪᠠᠷ ᠬᠠᠷᠠᠯᠲᠠ ᠪᠠᠨ | ᠪᠤᠯᠭᠠᠵᠦ ᠢᠷᠡᠭᠰᠡᠨ ᠪᠦᠭᠡᠳ ᠠᠰᠠᠷᠠᠬᠤ ᠪᠤᠯᠤᠨ ᠬᠦᠮᠦᠵᠢᠭᠦᠯᠬᠦ ᠶᠢ ᠤᠶᠠᠯᠳᠤᠭᠤᠯᠵᠦ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠦᠮᠦᠵᠢᠯ ᠢ ᠰᠢᠰᠲ᠋ᠧᠮᠵᠢᠯᠡᠭᠰᠡᠨ᠂ ᠳᠦᠷᠢᠮᠵᠢᠭᠦᠨ ᠶᠠᠪᠤᠭᠳᠠᠭᠤᠯᠤᠭᠰᠠᠨ ᠠᠴᠠ ᠬᠡᠤᠬᠡᠳ ᠤᠨ | ᠪᠡᠶ᠎ᠡ ᠰᠡᠳᠬᠢᠴᠡ ᠡᠷᠡᠭᠦᠯ ᠢᠶᠠᠷ ᠬᠦᠭᠵᠢᠬᠦ ᠶᠢ ᠠᠬᠢᠭᠤᠯᠵᠦ᠂ ᠮᠦᠨᠴᠦ ᠮᠠᠨ ᠤ ᠴᠡᠴᠡᠷᠯᠢᠭ ᠤᠨ ᠡᠯ᠎ᠡ ᠠᠵᠢᠯ ᠮᠠᠰᠢ | ᠤᠷᠤᠭᠰᠢᠲᠠᠢ ᠶᠠᠪᠤᠭᠳᠠᠵᠦ ᠪᠠᠶᠢᠨ᠎ᠠ᠃ | 1995 ᠤᠨ ᠤ 5 ᠰᠠᠷ᠎ᠠ ᠳᠤ᠂ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠩᠬᠢᠮ ᠠᠴᠠ | ᠤᠯᠭᠤᠭᠰᠠᠨ᠂ ︿︿ᠨᠢᠭᠡᠳᠦᠭᠡᠷ ᠲᠡᠰ ᠤᠨ ᠬᠦᠬᠡᠭᠴᠢᠨ ᠴᠡᠴᠡᠷᠯᠢᠭ﹀﹀᠂ 2003 ᠤᠨ ᠤ 10 ᠰᠠᠷ᠎ᠠ ᠳᠤ᠂ | ᠦᠪᠦᠷ ᠮᠤᠩᠭᠤᠯ ᠤᠨ ᠪᠤᠯᠪᠠᠰᠤᠨ ᠤ ᠵᠦᠪᠯᠡᠯ ᠠᠴᠠ ᠤᠯᠭᠤᠭᠰᠠᠨ ︿︿ᠤᠷᠤᠨ ᠤ ᠲᠡᠰ ᠤᠨ ᠪᠤᠯᠪᠠᠰᠤᠨ ᠨᠢᠭᠡᠴᠡ﹀﹀ | ᠂ 2009 ᠤᠨ ᠳᠤ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠩᠬᠢᠮ ᠠᠴᠠ ᠤᠯᠭᠤᠭᠰᠠᠨ᠂ ︿︿ᠤᠷᠤᠨ | ᠤ ᠲᠡᠰ ᠤᠨ ᠵᠢᠱᠢᠶ᠎ᠡ ᠦᠵᠡᠭᠦᠯᠬᠦ ᠴᠡᠴᠡᠷᠯᠢᠭ﹀﹀ ᠭᠡᠬᠦ ᠰᠠᠶᠢᠬᠠᠨ ᠢᠷᠠᠭᠤ ᠠᠯᠳᠠᠷ ᠢ ᠬᠦᠷᠳᠡᠭᠰᠡᠨ ᠮᠦᠷᠳᠡᠭᠡᠨ | ᠤᠷᠢᠳ ᠬᠤᠵᠢᠳ ︿︿ᠨᠤᠭᠤᠭᠠᠷᠠᠭᠤᠯᠤᠯᠳᠠ ᠶᠢᠨ ᠴᠡᠴᠡᠷᠯᠢᠭ﹀﹀᠂ ︿︿ᠭᠡᠷ ᠪᠦᠯᠢ ᠶᠢᠨ ᠰᠤᠷᠭᠠᠨ ᠬᠦᠮᠦᠵᠢᠯ ᠤᠨ | ᠵᠢᠱᠢᠶᠡᠴᠢ ᠰᠠᠭᠤᠷᠢᠨ ᠭᠠᠵᠠᠷ﹀﹀᠂ ︿︿ᠤᠷᠤᠨ ᠤ ᠲᠡᠰ ᠤᠨ ᠰᠢᠯᠢᠳᠡᠭ ᠴᠡᠴᠡᠷᠯᠢᠭ﹀﹀ ᠵᠡᠷᠭᠡ 30 ᠭᠠᠷᠤᠢ ᠢᠷᠡᠭᠤ | ᠠᠯᠳᠠᠷ ᠢ ᠬᠦᠷᠳᠡᠭᠰᠡᠨ ᠶᠤᠮ᠃ | ᠢᠷᠡᠭᠡᠳᠦᠢ ᠪᠠᠨ ᠪᠠᠷᠠᠯᠠᠬᠤᠶ᠎ᠠ᠂ ᠮᠠᠷᠭᠠᠰᠢ ᠨᠡᠩ ᠭᠡᠭᠡᠨ ᠰᠠᠷᠠᠭᠤᠯ᠂ ᠵᠡᠭᠦᠨ ᠦᠵᠦᠮᠦᠴᠢᠨ ᠬᠤᠰᠢᠭᠤᠨ ᠤ | ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠨᠢ ᠴᠠᠭ ᠦᠶ᠎ᠡ ᠪᠠᠨ ᠲᠠᠭᠠᠨ ᠤᠷᠤᠭᠰᠢᠯᠠᠵᠦ᠂ ᠨᠠᠶᠢᠭᠡᠮ ᠤᠨ | ᠬᠦᠭᠵᠢᠯᠲᠡ ᠳᠤ ᠵᠤᠬᠢᠴᠠᠯᠳᠤᠭᠰᠠᠨ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠯᠢᠶᠡᠭᠰᠡᠨ᠂ ᠰᠢᠨ᠎ᠡ ᠰᠤᠷᠭᠠᠨ | ᠬᠦᠮᠦᠵᠢᠯ ᠤᠨ ᠤᠶᠢᠯᠠᠭᠠᠯᠲᠠ ᠪᠠᠷ ᠳᠠᠰᠤᠷᠠᠯᠲᠠ ᠦᠭᠡᠢ ᠤᠶᠤᠨ ᠢᠶᠠᠨ ᠵᠡᠪᠰᠡᠭᠯᠡᠭᠰᠡᠨ ᠰᠢᠯᠢᠳᠡᠭ ᠪᠠᠭᠰᠢᠨᠠᠷ ᠤᠨ | ᠡᠩᠨᠡᠭᠡ ᠶᠢ ᠪᠠᠶᠢᠭᠤᠯᠵᠦ᠂ ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠤᠤᠱᠯᠠᠭᠤᠯᠤᠭᠰᠠᠨ ᠡᠶ᠎ᠡ | ᠨᠠᠶᠢᠷᠠᠮᠳᠠᠭᠤ ᠦᠨᠳᠦᠰᠦᠳᠡᠨ ᠤ ᠤᠨᠴᠠᠯᠢᠭ ᠪᠦᠬᠦᠢ ᠰᠢᠨ᠎ᠡ ᠬᠡᠯᠪᠠᠷᠢ ᠶᠢᠨ ᠬᠡᠤᠬᠡᠳ ᠤᠨ ᠴᠡᠴᠡᠷᠯᠢᠭ ᠢ ᠪᠦᠳᠦᠭᠡᠨ | ᠪᠠᠶᠢᠭᠤᠯᠵᠦ᠂ ᠵᠡᠭᠦᠨ ᠦᠵᠦᠮᠦᠴᠢᠨ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠲᠤ ᠭᠡᠷᠡᠯ ᠰᠠᠴᠤᠷᠠᠩᠭᠤᠢ | ᠬᠠᠭᠤᠳᠠᠰᠤ ᠶᠢ ᠲᠡᠮᠳᠡᠭᠯᠡᠬᠦ ᠪᠠᠷ ᠮᠡᠷᠡᠶᠢᠨ ᠴᠢᠷᠮᠠᠶᠢᠨ᠎ᠠ᠃ | | | | | | | | | | | | |