ᠵᠡᠭᠦᠨ ᠦᠵᠦᠮᠦᠴᠢᠨ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2017/4/21
     ᠵᠡᠭᠦᠨ ᠦᠵᠦᠮᠦᠴᠢᠨ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ ᠪᠣᠯ1965 ᠣᠨ ᠳᠤ ᠪᠠᠶᠢᠭᠤᠯᠤᠭᠳᠠᠭᠰᠠᠨ ᠴᠤᠯᠤ ᠮᠣᠩᠭᠤᠯ ᠢᠶᠠᠷ ᠬᠢᠴᠢᠶᠡᠯᠯᠡᠵᠦ ᠪᠦᠬᠦᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠣᠯᠬᠤ ᠶᠤᠮ᠃ ᠰᠤᠷᠭᠠᠭᠤᠯᠢ ᠶᠢᠨ ᠡᠵᠡᠯᠡᠵᠦ ᠪᠦᠬᠦᠢ ᠶᠡᠷᠦᠩᠬᠡᠢ ᠲᠠᠯᠠᠪᠠᠢ ᠨᠢ110400 ᠺᠦᠸᠡᠳ᠋ ᠮᠧᠲᠷ ᠪᠠᠶᠢᠵᠦ᠂ ᠬᠤᠶᠠᠷ ᠰᠠᠭᠤᠷᠢ ᠵᠢᠭᠠᠨ ᠰᠤᠷᠭᠠᠬᠤ ᠠᠰᠠᠷ᠂ ᠨᠢᠭᠡ ᠪᠠᠶᠢᠷᠢ ᠶᠢᠨ ᠠᠰᠠᠷ᠂ ᠨᠢᠭᠡ ᠰᠠᠭᠤᠷᠢ ᠬᠤᠭᠤᠯᠠᠨ ᠭᠡᠷ᠂ ᠨᠢᠭᠡ ᠰᠠᠭᠤᠷᠢ ᠲᠠᠮᠢᠷ ᠤᠨ ᠣᠷᠳᠤᠨ ᠲᠠᠢ᠃ ᠺᠣᠮᠫᠢᠦ᠋ᠲ᠋ᠧᠷ ᠤᠨ ᠦᠷᠦᠭᠡ᠂ ᠬᠡᠯᠡ ᠠᠪᠢᠶᠠᠯᠠᠭ᠎ᠠ ᠶᠢᠨ ᠲᠠᠰᠤᠭ  ᠪᠣᠯᠣᠨ ᠣᠯᠠᠨ ᠵᠠᠭᠤᠴᠢᠲᠦ ᠬᠢᠴᠢᠶᠡᠯᠡᠯᠭᠡ ᠶᠢᠨ ᠦᠷᠦᠭᠡ᠂ ᠠᠯᠤᠰ ᠡᠵᠡᠮᠰᠢᠯᠲᠦ ᠰᠤᠷᠭᠠᠨ ᠬᠥᠮᠦᠵᠢᠯ ᠤᠨ ᠡᠬᠢ ᠰᠣᠷᠪᠤᠯᠵᠢ ᠶᠢ ᠬᠦᠯᠢᠶᠡᠨ ᠠᠪᠬᠤ ᠥᠷᠦᠭᠡ ᠵᠡᠷᠭᠡ ᠣᠳᠣᠬᠢᠴᠢᠯᠠᠭᠰᠠᠨ ᠵᠢᠭᠠᠨ ᠰᠤᠷᠭᠠᠬᠤ ᠲᠣᠨᠤᠭ ᠲᠥᠬᠦᠭᠡᠷᠦᠮᠵᠢ ᠪᠠ ᠵᠢᠷᠭᠤᠭᠠᠨ ᠲᠠᠰᠤᠭ ︵ᠬᠢᠮᠢ ᠹᠢᠽᠢᠺ ᠠᠮᠢᠳᠤ ᠪᠣᠳᠠᠰ ᠤᠨ ᠲᠣᠷᠰᠢᠯᠲᠠ ᠶᠢᠨ ᠲᠠᠰᠤᠭ︶ ᠢᠵᠢ ᠪᠦᠷᠢᠨ ᠰᠤᠷᠭᠠᠭᠤᠯᠢ ᠪᠣᠯᠣᠨ᠎ᠠ᠃ ᠣᠳᠤ27 ᠠᠩᠭᠢ᠂1140 ᠰᠤᠷᠤᠭᠴᠢ᠂125 ᠪᠠᠭᠰᠢ ᠠᠵᠢᠯᠳᠠᠨ ᠲᠠᠢ  ᠃ ᠡᠭᠦᠨ ᠳᠤ ᠪᠠᠶᠢᠷᠢ ᠶᠢᠨ ᠰᠤᠷᠤᠭᠴᠢ514᠂ ᠲᠤᠰᠬᠠᠢ ᠬᠢᠴᠢᠶᠡᠯ ᠤᠨ ᠪᠠᠭᠰᠢ105᠂ ᠳᠤᠮᠳᠠᠳᠤ ᠰᠤᠷᠭᠠᠭᠤᠯᠢ ᠶᠢᠨ ᠳᠡᠭᠡᠲᠦ ᠳᠡᠰ ᠤᠨ ᠪᠠᠭᠰᠢ40᠂ ᠨᠢᠭᠡᠳᠦᠭᠡᠷ ᠳᠡᠰ ᠤᠨ ᠪᠠᠭᠰᠢ50᠂ ᠪᠠᠭᠰᠢ ᠶᠢᠨ ᠰᠤᠷᠤᠯᠭ᠎ᠠ ᠶᠢᠨ ᠨᠠᠮᠳᠠᠷ ᠤᠨ ᠬᠢᠷᠢ ᠲᠡᠩᠴᠡᠯᠲᠡ ᠶᠢᠨ ᠨᠤᠷᠮ᠎ᠠ100%᠎ ᠳᠤ ᠬᠦᠷᠴᠦ᠂ ᠪᠠᠭᠰᠢ ᠶᠢᠨ ᠬᠦᠴᠦᠨ ᠪᠦᠷᠢᠨ᠂ ᠰᠤᠷᠭᠠᠭᠤᠯᠢ ᠶᠢᠨ ᠬᠦᠷᠢᠶᠡᠨ ᠤ ᠨᠣᠭᠤᠭᠠᠷᠠᠭᠤᠯᠤᠯᠲᠠ᠂ ᠬᠠᠳᠠᠭᠤᠷᠠᠭᠤᠯᠤᠯᠲᠠ᠂ ᠭᠡᠷᠡᠯᠳᠦᠭᠦᠯᠦᠯᠲᠡ  ᠪᠠ ᠭᠤᠶᠣᠵᠢᠭᠤᠯᠤᠯᠲᠠ ᠪᠠᠷᠢᠮᠵᠢᠶᠠᠨ ᠳᠤ ᠬᠦᠷᠴᠦ᠂ ᠣᠷᠴᠢᠨ ᠲᠣᠭᠤᠷᠢᠨ ᠭᠤᠶᠤ ᠭᠡᠭᠡᠨᠴᠢᠷ᠂ ᠦᠨᠳᠦᠰᠤᠨ ᠪᠦᠲᠦᠭᠡᠨ ᠪᠠᠶᠢᠭᠤᠯᠤᠯᠲᠠ ᠪᠣᠯᠣᠨ ᠰᠤᠷᠭᠠᠭᠤᠯᠢ ᠡᠷᠬᠢᠯᠡᠬᠦ ᠨᠦᠬᠦᠴᠡᠯ ᠢᠶᠠᠷ ᠰᠠᠶᠢᠨ ᠬᠢᠯᠢ ᠬᠢᠵᠠᠭᠠᠷ ᠣᠷᠤᠨ ᠤ ᠮᠣᠩᠭᠤᠯ ᠳᠤᠮᠳᠠᠳᠤ ᠰᠤᠷᠭᠠᠭᠤᠯᠢ ᠪᠣᠯᠤᠨ᠎ᠠ᠃      ᠮᠠᠨ ᠤ ᠰᠤᠷᠭᠠᠭᠤᠯᠢ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ᠂ ᠲᠦᠷᠦ ᠶᠢᠨ ᠪᠣᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ《 ᠶᠠᠰᠤᠯᠢᠭ ᠵᠢᠭᠠᠬᠤ᠂ ᠬᠠᠳᠠᠭᠤᠵᠢᠯᠲᠠᠢ ᠰᠤᠷᠤᠯᠴᠠᠬᠤ᠂ ᠤᠷᠤᠭᠰᠢ ᠳᠠᠪᠰᠢᠬᠤ᠂ ᠴᠢᠳᠠᠪᠦᠷᠢᠲᠠᠨ ᠪᠣᠯᠬᠤ》᠎ ᠪᠠᠷ ᠰᠤᠷᠭᠠᠭᠤᠯᠢ ᠶᠢᠨ ᠬᠢᠴᠢᠶᠡᠭᠡᠰᠦ ᠪᠣᠯᠭᠠᠨ ᠵᠣᠷᠰᠢᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠢᠭᠠᠨ ᠰᠤᠷᠭᠠᠬᠤ ᠶᠠᠰᠦ ᠴᠢᠨᠠᠷ ᠢᠶᠠᠨ ᠴᠢᠷᠮᠠᠶᠢᠨ ᠳᠡᠭᠡᠭᠰᠢᠯᠡᠭᠦᠯᠬᠦ ᠶᠢᠨ ᠬᠠᠮᠲᠤ ᠰᠢᠨ᠎ᠡ ᠬᠢᠴᠢᠶᠡᠯ ᠤᠨ ᠥᠭᠡᠷᠡᠴᠢᠯᠡᠯᠲᠡ ᠳᠤ ᠢᠳᠡᠪᠬᠢᠲᠠᠢ ᠣᠷᠤᠯᠴᠠᠨ᠂ ᠵᠢᠭᠠᠬᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠨᠡᠴᠢᠯᠡᠨ ᠰᠢᠯᠢᠳᠡᠭᠵᠢᠭᠦᠯᠵᠦ᠂ ᠰᠤᠷᠤᠯᠴᠠᠬᠤ ᠬᠡᠯᠪᠡᠷᠢ ᠶᠢᠨ ᠰᠤᠷᠭᠠᠭᠤᠯᠢ᠂ ᠰᠤᠳᠤᠯᠬᠤ ᠬᠡᠯᠪᠡᠷᠢ ᠶᠢᠨ ᠪᠠᠭᠰᠢ ᠶᠢᠨ ᠡᠩᠨᠡᠭᠡ ᠶᠢ ᠴᠢᠷᠮᠠᠶᠢᠨ ᠪᠦᠲᠦᠭᠡᠨ ᠪᠠᠶᠢᠭᠤᠯᠵᠤ᠂ ᠰᠤᠷᠤᠭᠴᠢᠳ ᠢᠶᠠᠨ ᠴᠠᠭ ᠦᠶ᠎ᠡ ᠲᠠᠢ  ᠵᠡᠷᠭᠡᠴᠡᠨ ᠤᠷᠤᠭᠰᠢᠯᠠᠵᠤ᠂ ᠦᠷᠢᠰᠦᠯᠳᠦᠭᠡᠨ ᠤ ᠰᠡᠷᠡᠮᠵᠢ ᠲᠠᠢ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠲᠠᠢ ᠰᠢᠨ᠎ᠡ ᠨᠢᠭᠡᠨ ᠦᠶ᠎ᠡ ᠶᠢᠨ ᠵᠠᠯᠭᠠᠮᠵᠢᠯᠠᠭᠴᠢ ᠪᠣᠯᠭᠠᠨ ᠬᠥᠮᠦᠵᠢᠭᠦᠯᠵᠦ ᠰᠤᠷᠭᠠᠭᠤᠯᠢ ᠪᠠᠨ ᠦᠨᠳᠦᠰᠦᠲᠡᠨ ᠤ ᠣᠨᠴᠠᠯᠢᠭ ᠪᠠ ᠭᠠᠵᠠᠷ ᠣᠷᠤᠨ ᠤ ᠣᠨᠴᠠᠯᠢᠭ ᠲᠠᠢ᠂ ᠴᠠᠭ ᠦᠶ᠎ᠡ ᠲᠠᠢ ᠲᠣᠬᠢᠷᠠᠭᠰᠠᠨ ᠡᠶ᠎ᠡ ᠵᠣᠬᠢᠴᠠᠯᠲᠤ ᠰᠤᠷᠭᠠᠭᠤᠯᠢ ᠪᠣᠯᠭᠠᠨ ᠪᠦᠲᠦᠭᠡᠨ ᠪᠠᠶᠢᠭᠤᠯᠤᠨ᠎ᠠ᠃       ᠤᠷᠢᠳ ᠬᠤᠵᠢᠳ ᠤᠯᠤᠰ ᠤᠨ ᠳᠡᠰ ᠤᠨ ᠠᠵᠢᠯᠴᠢ ᠠᠷᠪᠢᠴᠢ ᠪᠠᠷ ᠰᠤᠷᠭᠠᠭᠤᠯᠢ ᠡᠷᠬᠢᠯᠡᠭᠰᠡᠨ ᠲᠡᠷᠢᠭᠦᠨ ᠤ ᠨᠢᠭᠡᠴᠡ᠂ ᠣᠷᠤᠨ ᠳᠡᠰ ᠤᠨ ᠴᠠᠬᠢᠯᠭᠠᠨᠵᠢᠭᠰᠠᠨ ᠰᠤᠷᠭᠠᠨ ᠬᠥᠮᠦᠵᠢᠯ ᠤᠨ ᠰᠢᠯᠢᠳᠡᠭ ᠰᠤᠷᠭᠠᠭᠤᠯᠢ᠂ ᠦᠨᠳᠦᠰᠦᠲᠡᠨ ᠤ ᠪᠠᠷᠢᠮᠵᠢᠶᠠᠲᠤ ᠰᠤᠷᠭᠠᠭᠤᠯᠢ᠂ ᠣᠳᠤ ᠦᠶ᠎ᠡ ᠶᠢᠨ ᠰᠤᠷᠭᠠᠨ ᠬᠥᠮᠦᠵᠢᠯ ᠤᠨ ᠮᠡᠷᠭᠡᠵᠢᠯ ᠤᠨ ᠰᠢᠯᠢᠳᠡᠭ ᠰᠤᠷᠭᠠᠭᠤᠯᠢ᠂ ᠦᠨᠳᠦᠰᠦᠲᠡᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠣᠳᠤᠯᠤᠯ ᠤᠨ ᠲᠣᠷᠰᠢᠯᠲᠠ ᠶᠢᠨ ᠬᠡᠪ ᠳᠦᠷᠢᠮᠲᠦ ᠰᠤᠷᠭᠠᠭᠤᠯᠢ᠂ ᠠᠶᠢᠮᠠᠭ ᠳᠡᠰ ᠤᠨ ᠪᠣᠯᠪᠠᠰᠤᠨ ᠨᠢᠭᠡᠴᠡ᠂ ᠴᠡᠴᠡᠷᠯᠢᠭᠵᠢᠭᠰᠡᠨ ᠰᠤᠷᠭᠠᠭᠤᠯᠢ᠂ ᠡᠮᠡᠭᠲᠠᠶᠢᠴᠦᠳ ᠤᠨ ᠪᠣᠯᠪᠠᠰᠤᠨ ᠵᠢᠱᠢᠶ᠎ᠠ ᠦᠵᠡᠭᠦᠯᠬᠦ ᠳᠠᠭᠤᠷᠢᠶᠠᠯ ᠨᠢᠭᠡᠴᠡ᠂ ᠪᠠᠭᠰᠢ ᠠᠵᠢᠯᠳᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠪᠦᠳᠦᠭᠡᠨ ᠪᠠᠶᠢᠭᠤᠯᠤᠯᠲᠠ ᠶᠢᠨ ᠲᠡᠷᠢᠭᠦᠨ ᠤ  ᠰᠤᠷᠭᠠᠭᠤᠯᠢ᠂ ᠣᠷᠴᠢᠨ ᠠᠬᠤᠢ ᠶᠢᠨ ᠪᠠᠷᠢᠮᠵᠢᠶᠠᠲᠦ ᠰᠤᠷᠭᠠᠭᠤᠯᠢ᠂ ᠰᠤᠷᠭᠠᠭᠤᠯᠢ ᠡᠷᠬᠢᠯᠡᠬᠦ ᠨᠦᠬᠦᠴᠡᠯ ᠪᠠᠷᠢᠮᠵᠢᠶᠠᠲᠦ ᠰᠤᠷᠭᠠᠭᠤᠯᠢ᠂ ᠬᠤᠰᠢᠭᠤ ᠳᠡᠰ ᠤᠨ ᠵᠢᠭᠠᠨ ᠰᠤᠷᠭᠠᠬᠤ ᠦᠷ᠎ᠡ ᠪᠦᠲᠦᠮᠵᠢ ᠲᠣᠪᠤᠶᠢᠮ᠎ᠠ ᠨᠢᠭᠡᠴᠡ᠂ ᠵᠢᠭᠠᠨ ᠰᠤᠷᠭᠠᠬᠤ ᠠᠮᠵᠢᠯᠲᠠ ᠳᠣᠪᠤᠶᠢᠮ᠎ᠠ ᠨᠢᠭᠡᠴᠡ ᠵᠡᠷᠭᠡ ᠢᠷᠠᠭᠤ ᠠᠯᠳᠠᠷ ᠢ ᠬᠦᠷᠲᠡᠵᠡᠢ᠃      ᠮᠠᠨ ᠤ ᠰᠤᠷᠭᠠᠭᠤᠯᠢ ᠨᠢ  ᠰᠢᠨ᠎ᠡ ᠬᠢᠴᠢᠶᠡᠯ ᠤᠨ ᠥᠭᠡᠷᠡᠴᠢᠯᠡᠯᠲᠡ ᠶᠢ ᠠᠬᠢᠨ ᠨᠢᠭᠡ ᠠᠯᠬᠤᠮ ᠲᠦᠯᠬᠢᠨ ᠠᠬᠢᠭᠤᠯᠬᠤ ᠶᠢᠨ ᠬᠠᠮᠲᠦ ᠬᠢᠯᠢ ᠳᠤ ᠪᠠᠶᠢᠷᠢᠯᠠᠨ  ᠮᠣᠩᠭᠤᠯ ᠤᠯᠤᠰ ᠲᠠᠢ ᠡᠯ᠎ᠡ ᠲᠠᠯ᠎ᠠ ᠶᠢᠨ ᠬᠠᠷᠢᠯᠴᠠᠭ᠎ᠠ ᠨᠢᠭᠳᠠᠷᠠᠵᠤ ᠪᠦᠬᠦᠢ ᠠᠰᠢᠭᠳᠠᠢ ᠭᠠᠵᠠᠷ ᠵᠦᠢ ᠶᠢᠨ ᠨᠦᠭᠦᠴᠡᠯ ᠢᠶᠠᠨ ᠭᠦᠢᠴᠡᠳ ᠠᠰᠢᠭᠯᠠᠵᠤ᠂ ᠰᠤᠷᠭᠠᠭᠤᠯᠢ ᠠᠴᠠ ᠥᠪᠡᠰᠦᠪᠡᠨ ᠰᠤᠷᠬᠤ ᠪᠢᠴᠢᠭ ᠨᠠᠶᠢᠷᠠᠭᠤᠯᠵᠦ ᠬᠡᠪᠯᠡᠭᠦᠯᠦᠨ ᠪᠦᠬᠦ ᠰᠤᠷᠭᠠᠭᠤᠯᠢ ᠶᠢᠨ ᠬᠡᠪᠴᠢᠶᠡᠨ ᠳᠤ  ᠦᠨᠳᠦᠰᠦᠲᠡᠨ ᠤ  ᠤᠯᠠᠯᠵᠢᠯᠠᠯᠲᠤ ᠵᠠᠩ ᠦᠢᠯᠡ ᠶᠢᠨ ᠬᠢᠴᠢᠶᠡᠯ ᠢ ᠨᠡᠬᠡᠬᠡᠵᠦ᠂ ᠪᠦᠬᠡ ᠶᠢᠨ ᠠᠩᠭᠢ᠂ ᠮᠣᠩᠭᠤᠯ ᠰᠢᠲᠠᠷ᠎ᠠ ᠶᠢᠨ ᠠᠩᠭᠢ᠂ ᠰᠤᠷ ᠬᠠᠷᠪᠤᠯᠲᠠ ᠶᠢᠨ ᠠᠩᠭᠢ᠂ ᠤᠷᠳᠤ ᠶᠢᠨ ᠳᠠᠭᠤᠤ ᠶᠢᠨ ᠠᠩᠭᠢ᠂ ᠮᠣᠷᠢᠨ ᠬᠤᠭᠤᠷ ᠤᠨ ᠠᠩᠭᠢ᠂ ᠪᠦᠵᠢᠭ ᠤᠨ ᠠᠩᠭᠢ᠂ ᠦᠰᠦᠨ ᠪᠢᠷ ᠤᠨ ᠠᠩᠭᠢ᠂ ᠭᠡᠷᠡᠯ ᠵᠢᠷᠤᠭ ᠤᠨ ᠠᠩᠭᠢ᠂  ᠬᠥᠯ ᠪᠥᠮᠪᠦᠭᠡ ᠶᠢᠨ ᠠᠩᠭᠢ  ᠪᠠ ᠤᠷᠠᠨ ᠵᠢᠷᠤᠭ ᠤᠨ ᠠᠩᠭᠢ ᠶᠢ ᠡᠷᠬᠢᠯᠡᠨ᠂ ᠣᠨᠴᠠᠭᠠᠢ ᠴᠢᠳᠠᠪᠦᠷᠢ ᠲᠠᠢ ᠰᠤᠷᠤᠭᠴᠢ ᠶᠢ ᠬᠥᠮᠦᠵᠢᠭᠦᠯᠬᠦ ᠬᠢᠴᠢᠶᠡᠯ ᠤᠨ ᠭᠠᠳᠠᠨᠠᠬᠢ ᠬᠥᠳᠡᠯᠭᠡᠭᠡᠨ ᠢ ᠵᠣᠷᠰᠢᠯ ᠤᠨ ᠴᠢᠨᠠᠷᠲᠠᠢ ᠡᠷᠬᠢᠯᠡᠨ ᠶᠠᠪᠤᠭᠳᠠᠭᠤᠯᠵᠤ᠂ ᠰᠤᠷᠤᠭᠴᠢᠳ ᠤᠨ ᠪᠦᠬᠦ ᠲᠠᠯ᠎ᠠ ᠪᠠᠷ ᠬᠥᠭᠵᠢᠬᠦ ᠳᠤ ᠠᠰᠢᠭᠲᠠᠢ ᠨᠦᠬᠦᠴᠡᠯ ᠪᠣᠯᠤᠮᠵᠢ ᠪᠠ ᠣᠷᠴᠢᠨ ᠲᠣᠭᠤᠷᠢᠨ ᠢ ᠪᠦᠷᠢᠳᠦᠭᠦᠯᠦᠨ ᠥᠭᠴᠦ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号