ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠨᠢᠭᠡᠳᠣᠭᠡᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2017/4/21
     ᠮᠠᠨ ᠤ ᠰᠣᠷᠭᠠᠭᠤᠯᠢ ᠨᠢ 1952 ᠣᠨ ᠤ 10 ᠰᠠᠷ᠎ᠠ ᠳᠤ ᠪᠠᠶᠢᠭᠤᠯᠣᠭᠳᠠᠭᠰᠨᠨ ᠣᠣᠯ ᠤᠨ ᠦᠵᠣᠮᠣᠴᠢᠨ ᠵᠡᠭᠦᠨ ᠬᠤᠯᠪᠣᠭᠠᠳᠣ ᠬᠤᠰᠢᠭᠤᠨ ᠤ ︽ᠲᠣᠯᠣᠣᠳᠠ ᠰᠣᠷᠭᠠᠭᠤᠯᠢ︾᠎ ᠶᠢᠨ ᠭᠤᠯᠣᠮᠳᠠ ᠶᠢ ᠰᠠᠭᠢᠵᠣ ᠪᠠᠶᠢᠭ᠎ᠠ ᠮᠣᠩᠭᠤᠯ ᠪᠠᠭ᠎ᠠ ᠰᠣᠷᠭᠠᠭᠤᠯᠢ ᠪᠣᠯᠣᠨ᠎ᠠ᠃ ᠰᠣᠷᠭᠠᠭᠤᠯᠢ ᠶᠢᠨ ᠭᠦᠷᠢᠶᠠᠨ ᠤ ᠡᠵᠡᠯᠡᠭᠦ ᠲᠠᠯᠠᠪᠠᠢ 45528 m2 ᠪᠠᠶᠢᠵᠣ᠂ ᠪᠠᠷᠢᠯᠭ᠎ᠠ ᠶᠢᠨ ᠲᠠᠯᠠᠪᠠᠢ 8190 m2  ᠪᠣᠢ᠃ 27 ᠠᠩᠭᠢ᠂ 1136 ᠰᠣᠷᠣᠭᠴᠢ ᠲᠠᠢ᠂ 80 ᠪᠠᠭᠰᠢ ᠲᠠᠢ᠃      ᠮᠠᠨ ᠤ ᠰᠣᠷᠭᠠᠭᠤᠯᠢ ᠨᠢ 1990 ᠣᠨ ᠤ 9 ᠰᠠᠷ᠎ᠠ ᠠᠴᠠ ᠣᠯᠢᠶᠠᠰᠣᠳᠠᠢ ᠪᠠᠯᠭᠠᠰᠣᠨ ᠳᠠᠬᠢ ᠮᠣᠩᠭᠤᠯ ᠎ ᠢᠶᠠᠷ ᠭᠢᠴᠢᠶᠡᠯᠯᠡᠵᠣ ᠪᠦᠭᠦᠢ ᠶᠢᠰᠣᠨ ᠵᠢᠯ ᠤᠨ ᠲᠦᠷᠢᠮᠳᠣ ᠠᠯᠪᠠᠨ ᠵᠢᠷᠣᠮ ᠤᠨ ᠰᠣᠷᠭᠠᠨ ᠭᠦᠮᠣᠵᠢᠯ ᠤᠨ ᠡᠭᠦᠷᠭᠡ ᠶᠢ ᠡᠭᠦᠷᠭᠡᠯᠡᠵᠣ ᠪᠠᠶᠢᠭᠰᠨᠨ ᠠᠴᠠ ᠪᠠᠨ1998 ᠣᠨ ᠳᠤ ᠠᠩᠬ᠎ᠠ ᠲᠣᠮᠳᠠᠳᠣ ᠨᠢ ᠬᠤᠰᠢᠭᠤ ᠮᠣᠩᠭᠤᠯ ᠲᠣᠮᠳᠠᠳᠣ ᠰᠣᠷᠭᠠᠭᠤᠯᠢ ᠳᠤ ᠰᠢᠯᠵᠢᠨ ᠣᠴᠢᠵᠣ  ᠂ 1999 ᠣᠨ ᠳᠤ ᠬᠤᠰᠢᠭᠤ ᠵᠠᠰᠠᠭ ᠤᠨ ᠣᠷᠳᠣᠨ ᠠᠴᠠ ︽ᠵᠡᠭᠦᠨ ᠦᠵᠣᠮᠣᠴᠢᠨ ᠬᠤᠰᠢᠭᠤᠨ ᠤ ᠮᠣᠩᠭᠤᠯ ᠦᠨᠳᠣᠰᠣᠳᠠᠨ ᠤ ᠲᠣᠷᠰᠢᠯᠳᠠ ᠶᠢᠨ ᠪᠠᠭ᠎ᠠ ᠰᠣᠷᠭᠠᠭᠤᠯᠢ︾ ᠭᠡᠵᠣ ᠦᠭᠡᠷᠡᠴᠢᠯᠡᠨ ᠨᠡᠷᠡᠶᠢᠳᠦᠵᠣ᠂ 2008 ᠣᠨ ᠤ 9 ᠰᠠᠷ᠎ᠠ ᠳᠤ ᠣᠳᠣᠭᠢ ᠰᠠᠭᠤᠷᠢᠰᠢᠯ ᠳᠤ ᠪᠠᠨ ᠰᠢᠯᠵᠢᠨ ᠢᠷᠡᠪᠡ᠃  2016.10 ᠰᠠᠷ᠎ᠠ ᠳᠤ  ᠵᠡᠭᠦᠨ ᠦᠵᠣᠮᠣᠴᠢᠨ ᠬᠤᠰᠢᠭᠤᠨ ᠤ ᠮᠣᠩᠭᠤᠯ ᠦᠨᠳᠣᠰᠣᠳᠠᠨ ᠤ  ᠨᠢᠭᠡᠳᠣᠭᠡᠷ ᠪᠠᠭ᠎ᠠ ᠰᠣᠷᠭᠠᠭᠤᠯᠢ ᠭᠡᠵᠣ ᠨᠡᠷ᠎ᠡ ᠪᠠᠨ ᠦᠭᠡᠷᠡᠴᠢᠯᠡᠪᠡ᠃      ᠮᠠᠨ ᠤ ᠰᠤᠷᠭᠠᠭᠤᠯᠢ ᠨᠢ 2008 ᠤᠨ ᠠᠴᠠ ᠡᠬᠢᠯᠡᠨ ᠰᠤᠷᠭᠠᠭᠤᠯᠢ ᠶᠢᠨ ᠲᠧᠯᠸᠢᠰ ᠦᠷᠳᠡᠭᠡ ᠶᠢ ᠪᠠᠶᠢᠭᠤᠯᠵᠤ᠂ ᠤᠳᠤ ᠪᠤᠯᠬᠤ ᠳᠤ ᠪᠠᠭᠠᠵᠢ ᠳᠥᠬᠦᠬᠡᠷᠥᠮᠵᠢ ᠪᠦᠷᠢᠨ ᠳᠥᠬᠦᠷ᠂ ᠲᠧᠯᠸᠢᠰ ᠦᠷᠳᠡᠭᠡ ᠶᠢᠨ ᠪᠠᠶᠢᠭᠤᠯᠤᠮᠵᠢ ᠲᠦᠷᠢᠮᠵᠢᠭᠦᠨ  ᠂ ᠠᠵᠢᠯ ᠤᠨ ᠬᠤᠪᠢᠶᠠᠷᠢ ᠲᠤᠳᠤᠷᠬᠠᠢ᠂ ᠨᠠᠶᠢᠷᠠᠭᠤᠯᠤᠭᠴᠢ᠂ ᠬᠦᠳᠦᠯᠥᠭᠴᠢ᠂ ᠰᠤᠷᠪᠤᠯᠵᠢᠯᠠᠭᠴᠢ᠂ ᠰᠡᠬᠦᠳᠡᠷᠯᠡᠭᠴᠢ ᠶᠢᠨ ᠡᠩᠨᠡᠭᠡ ᠪᠤᠵᠠᠭᠠᠶᠢᠷᠠᠵᠤ᠂  ᠡᠯ᠎ᠡ ᠵᠦᠢᠯ ᠤᠨ ᠠᠵᠢᠯᠯᠠᠭ᠎ᠠ ᠨᠢ ᠨᠡᠯᠢᠶᠡᠳ ᠳᠥᠷᠢᠮᠵᠢᠭᠰᠡᠨ ᠰᠤᠷᠭᠠᠭᠤᠯᠢ ᠶᠢᠨ ᠲᠧᠯᠸᠢᠰ ᠦᠷᠳᠡᠭᠡ ᠪᠤᠯᠵᠤ᠂ ᠰᠤᠷᠤᠭᠴᠢᠳ ᠲᠤ ᠪᠡᠶ᠎ᠡ ᠪᠠᠨ ᠢᠯᠡᠷᠡᠬᠦᠯᠬᠦ ᠳᠠᠪᠴᠠᠩ ᠢ ᠤᠯᠭᠤᠨ ᠦᠭᠴᠦ᠂ ᠶᠤᠰᠤ ᠰᠤᠷᠳᠠᠬᠤᠨ᠂ ᠰᠤᠷᠤᠯᠭ᠎ᠠ ᠬᠢᠴᠢᠶᠡᠯ᠂ ᠰᠠᠬᠢᠯᠭ᠎ᠠ ᠪᠠᠲᠤ᠂ ᠠᠮᠤᠷ ᠳᠥᠪᠰᠢᠨ᠂ ᠠᠷᠢᠭᠤᠨ ᠴᠡᠪᠡᠷ᠂ ᠤᠷᠮ᠎ᠠ ᠪᠠᠬ᠎ᠠ᠂ ᠢᠳᠡᠬᠡᠯ ᠵᠤᠷᠢᠭ ᠁ ᠵᠡᠷᠭᠡ ᠤᠯᠠᠨ ᠳᠠᠯ᠎ᠠ ᠶᠢᠨ ᠬᠦᠮᠦᠵᠢᠯ ᠤᠯᠭᠤᠭᠰᠠᠨ ᠢᠶᠠᠷ ᠪᠠᠷᠠᠬᠤ ᠦᠬᠡᠢ ᠮᠠᠨ ᠤ  ᠦᠢᠯᠡᠳᠦᠭᠰᠡᠨ ᠤᠯᠠᠨ ᠫᠷᠦᠭᠷᠡᠮ ᠢᠶᠠᠨ ᠬᠤᠰᠢᠭᠤ ᠲᠧᠯᠸᠢᠰ ᠬᠤᠷᠢᠶᠠᠨ ᠎ ᠤ ᠤᠳᠤᠨ ᠰᠤᠪᠠᠭ ᠤᠨ  ︽ᠦᠵᠦᠮ ᠤᠨ ᠨᠠᠬᠢᠶ᠎ᠠ  ︾ ᠳᠡᠯᠬᠡᠴᠡ ᠳᠤ ᠬᠠᠩᠭᠠᠨ ᠦᠭᠴᠤ᠂ ᠪᠦᠬᠦ ᠬᠤᠰᠢᠭᠤᠨ ᠳᠤ  ᠨᠡᠪᠲᠡᠷᠡᠭᠦᠯᠵᠦ  ᠂ ᠮᠠᠨ ᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠰᠤᠷᠳᠠᠯ ᠤᠬᠠᠭᠤᠯᠭ᠎ᠠ ᠶᠢᠨ ᠠᠵᠢᠯ ᠢᠶᠠᠨ ᠦᠨᠡᠨᠬᠦ ᠰᠠᠶᠢᠨ ᠬᠢᠵᠦ᠂ ᠳᠤᠩ ᠦᠨᠳᠦᠷ ᠨᠡᠶᠢᠬᠡᠮ ᠤᠨ ᠦᠷ᠎ᠡ ᠠᠰᠢᠭ ᠢ ᠤᠯᠤᠭᠰᠠᠨ ᠪᠠᠶᠢᠨ᠎ᠠ᠃     ᠰᠤᠷᠭᠠᠭᠤᠯᠢ ᠶᠢᠨ ᠲᠧᠯᠸᠢᠰ ᠦᠷᠳᠡᠭᠡ ᠪᠠᠶᠢᠭᠤᠯᠤᠭᠳᠠᠭᠰᠠᠨ 6 ᠵᠢᠯ ᠤᠨ ᠳᠤᠷᠰᠢ ᠭᠠᠷᠠᠭ ᠪᠦᠷᠢ ᠶᠢᠨ ᠬᠤᠶᠠᠷ ᠪᠠ ᠳᠥᠷᠪᠡᠨ ᠳᠤ ᠳᠤᠭᠳᠠᠮᠠᠯ ᠬᠤᠭᠤᠴᠠᠭ᠎ᠠ ᠲᠠᠢ ᠨᠡᠪᠳᠡᠷᠡᠭᠦᠯᠬᠡ ᠬᠢᠵᠦ᠂ ᠰᠤᠷᠭᠠᠭᠤᠯᠢ ᠶᠢᠨ ᠰᠤᠷᠤᠯᠭ᠎ᠠ ᠠᠮᠢᠳᠤᠷᠠᠯ ᠎ ᠤᠨ ᠳᠤᠮᠳᠠᠬᠢ ᠰᠤᠨᠢᠨ ᠮᠡᠳᠡᠭᠡ ᠶᠢ ᠳᠠᠨᠢᠯᠴᠠᠭᠤᠯᠬᠤ ᠠᠴᠠ ︽ᠤᠯᠠᠭᠠᠨ ᠪᠦᠴᠡᠳᠡᠨ ᠤ ᠭᠠᠷᠠᠭ ᠤᠨ ᠰᠤᠨᠢᠨ︾᠂ ᠰᠤᠷᠤᠭᠴᠢ ᠶᠢᠨ ᠦᠢᠯᠡ ᠠᠵᠢᠯᠯᠠᠭ᠎ᠠ ᠶᠢ  ᠲᠦᠷᠢᠮᠵᠢᠭᠦᠯᠵᠦ᠂ ᠶᠤᠰᠤ ᠰᠤᠷᠳᠠᠬᠤᠨ ᠢ ᠴᠢᠩᠭᠠᠳᠬᠠᠨ ᠰᠤᠷᠳᠠᠯᠴᠢᠯᠠᠬᠤ ᠎ ᠠᠴᠠ ︽ᠳᠤᠰ ᠭᠠᠷᠠᠭ ᠤᠨ ᠵᠢᠱᠢᠶᠡᠴᠢ ᠪᠠᠭᠠᠴᠤᠳ︾᠂ ᠪᠠᠭᠰᠢ ᠰᠤᠷᠤᠭᠴᠢ ᠶᠢᠨ ᠬᠠᠷᠢᠯᠴᠠᠭᠠᠨ ᠤ ᠬᠦᠬᠦᠷᠬᠡ ᠪᠤᠯᠤᠭᠰᠠᠨ ︽ᠪᠢ ᠪᠠᠭᠰᠢ ᠠᠴᠠ ᠠᠰᠠᠭᠤᠶ᠎ᠠ  ︾᠂ ᠠᠩᠭᠢ ᠶᠢᠨ ᠡᠷᠬᠢᠯᠡᠭᠴᠢ᠂ ᠬᠡᠷ ᠤᠨ ᠠᠬᠠᠮᠠᠳ ᠤᠨ ᠬᠤᠷᠰᠢᠨ ᠬᠠᠮᠳᠤᠷᠠᠯᠴᠠᠭ᠎ᠠ ᠶᠢ ᠨᠢᠭᠳᠠᠷᠠᠭᠤᠯᠬᠤ ︽ᠬᠡᠷ ᠤᠨ ᠠᠬᠠᠮᠠᠳ ᠲᠤ ᠦᠭᠬᠦ ᠵᠥᠪᠯᠡᠯᠬᠡ︾ ᠵᠡᠷᠬᠡ ᠤᠯᠠᠨ ᠫᠷᠦᠭᠷᠡᠮ ᠪᠠᠶᠢᠬᠤ ᠠᠴᠠ ᠭᠠᠳᠠᠨ᠎ᠠ᠂ ᠵᠢᠭᠠᠨ ᠰᠤᠷᠭᠠᠬᠤ᠂ ᠶᠤᠰᠤ ᠰᠤᠷᠳᠠᠬᠤᠨ᠂ ᠬᠤᠰᠢᠭᠤᠴᠢ ᠠᠩᠭᠢ᠂ ᠡᠯ᠎ᠡ ᠤᠨ ᠤ ᠳᠤᠭᠤᠶᠢᠯᠠᠩ ᠤᠨ ᠡᠯ᠎ᠡ ᠵᠦᠢᠯ ᠤᠨ ᠤᠳᠬ᠎ᠠ ᠠᠭᠤᠯᠭ᠎ᠠ ᠲᠠᠢ ᠦᠢᠯᠡ ᠠᠵᠢᠯᠯᠠᠭᠠᠨ ᠤ ᠠᠬᠤᠢ ᠨᠡᠪᠳᠡᠷᠡᠬᠦᠯᠬᠡ ᠬᠢᠬᠦ ᠎ ᠶᠢᠨ ᠬᠠᠮᠳᠤ ᠦᠢᠯᠡᠳᠦᠭᠰᠡᠨ ᠫᠷᠦᠭᠷᠡᠮ ᠢᠶᠠᠨ ᠬᠤᠰᠢᠭᠤ ᠲᠧᠯᠸᠢᠰ ᠬᠤᠷᠢᠶ᠎ᠠ ᠶᠢᠨ ︽ᠦᠵᠦᠮ ᠤᠨ ᠨᠠᠬᠢᠶ᠎ᠠ︾ ᠳᠡᠯᠬᠡᠴᠡ ᠪᠠᠷ ᠳᠠᠮᠵᠢᠨ ᠳᠤᠰᠬᠠᠢ ᠨᠡᠪᠳᠡᠷᠡᠬᠦᠯᠬᠡ ᠬᠢᠵᠦ᠂  ᠬᠡᠦᠬᠡᠳ ᠤᠳ ᠲᠤ ᠪᠠᠨ ᠪᠡᠶ᠎ᠡ ᠪᠠᠨ ᠢᠯᠡᠷᠡᠬᠦᠯᠬᠦ ᠳᠠᠪᠴᠠᠩ ᠪᠠ ᠤᠯᠠᠨ ᠳᠠᠯ᠎ᠠ ᠶᠢᠨ ᠬᠦᠮᠦᠵᠢᠯ ᠤᠯᠭᠤᠭᠰᠠᠨ ᠢᠶᠠᠷ ᠪᠠᠷᠠᠬᠤ ᠦᠬᠡᠢ ᠨᠡᠶᠢᠬᠡᠮ᠂ ᠬᠡᠷ ᠤᠨ ᠠᠬᠠᠮᠠᠳ ᠤᠨ ᠰᠤᠷᠭᠠᠭᠤᠯᠢ ᠶᠢᠨ ᠳᠤᠬᠠᠢ ᠤᠶᠢᠯᠠᠭᠠᠯᠳᠠ ᠶᠢ ᠬᠦᠨᠵᠡᠬᠡᠶᠢᠷᠡᠬᠦᠯᠵᠦ᠂  ᠬᠡᠤᠬᠡᠳ ᠬᠦᠮᠦᠵᠢᠭᠦᠯᠬᠦ ᠶᠠᠪᠤᠴᠠ ᠳᠤ ᠬᠦᠴᠦᠲᠦ ᠳᠡᠮᠵᠢᠯᠬᠡ ᠶᠢ ᠬᠦᠷᠳᠡᠭᠰᠡᠨ ᠪᠠᠶᠢᠨ᠎ᠠ᠃      ᠳᠤᠬᠠᠶᠢᠯᠠᠪᠠᠯ᠂2014 ᠣᠨ ᠳᠤ ᠬᠤᠶᠠᠷ ᠤᠨ ᠤ ᠳᠤᠭᠤᠶᠢᠯᠠᠩ ᠤᠨ ︽︿ᠤᠶᠠᠩᠭᠠᠯᠢᠭ ᠰᠠᠶᠢᠬᠠᠨ ᠮᠢᠨᠦ ᠮᠤᠩᠭᠤᠯ ᠬᠡᠯᠡ﹀ ᠤᠩᠰᠢᠯᠭ᠎ᠠ ᠶᠢᠨ ᠤᠷᠤᠯᠳᠤᠭᠠᠨ︾᠂ ᠭᠤᠷᠪᠠ ᠤᠨ ᠤ ᠳᠤᠭᠤᠶᠢᠯᠠᠩ ᠤᠨ ︽︿ᠵᠢᠷᠤᠭᠳᠤ ᠶᠢᠷᠳᠢᠨᠴᠦ ᠪᠠᠷ ᠠᠶᠠᠯᠠᠶ᠎ᠠ﹀ ᠵᠢᠷᠤᠭ ᠦᠵᠡᠵᠦ ᠦᠯᠢᠬᠡᠷ ᠶᠠᠷᠢᠬᠤ ᠤᠷᠤᠯᠳᠤᠭᠠᠨ︾᠂ ᠳᠥᠷᠪᠡ ᠤᠨ ᠤ ᠳᠤᠭᠤᠶᠢᠯᠠᠩ ᠎ ᠤᠨ ︽︿ᠰᠢᠯᠦᠭ ᠪᠦᠵᠢᠭᠰᠡᠨ ᠬᠠᠪᠤᠷ﹀ ᠰᠢᠯᠦᠭ ᠤᠨ ᠤᠷᠤᠯᠳᠤᠭᠠᠨ︾᠂ ᠳᠠᠪᠤ ᠤᠨ ᠤ ᠳᠤᠭᠤᠶᠢᠯᠠᠩ ᠤᠨ ︽︿ᠦᠷᠬᠡᠨ ᠮᠡᠳᠡᠯᠬᠡ᠂ ᠳᠡᠯᠬᠡᠷ ᠬᠠᠷᠠᠭ᠎ᠠ﹀ ᠠᠮᠤᠷ ᠳᠥᠪᠰᠢᠨ ᠤ ᠮᠡᠳᠡᠯᠬᠡ ᠶᠢᠨ ᠤᠷᠤᠯᠳᠤᠭᠠᠨ︾᠂ ᠵᠢᠷᠭᠤᠭ᠎ᠠ ᠤᠨ ᠤ ᠳᠤᠭᠤᠶᠢᠯᠠᠩ ᠤᠨ ︽︿ᠰᠤᠨᠤᠰᠤᠭᠠᠴᠢ︕  ᠮᠢᠨᠦ ᠪᠤᠳᠤᠯ︕﹀  ᠶᠠᠷᠢᠶ᠎ᠠ ᠢᠯᠡᠳᠬᠡᠯ ᠤᠨ ᠤᠷᠤᠯᠳᠤᠭᠠᠨ︾᠂ ︽ᠳᠡᠬᠦᠰᠬᠦ ᠤᠨ ᠤ ᠬᠠᠷᠢᠭᠤ ᠮᠡᠳᠡᠬᠦᠯᠦᠯᠳᠡ ᠶᠢᠨ ᠳᠤᠭᠯᠠᠯᠳᠠ︾᠂ ︽6.1᠎ ᠤ ᠪᠠᠭᠠᠴᠤᠳ ᠤᠨ ᠪᠠᠶᠠᠷ ᠢ ᠪᠡᠯᠬᠡᠯᠡᠬᠦ ᠵᠢᠴᠢ ᠬᠠᠪᠤᠷ ᠤᠨ ᠤᠯᠠᠷᠢᠯ ᠤᠨ ᠬᠦᠨᠳᠦ ᠬᠦᠩᠭᠡᠨ ᠪᠡᠶ᠎ᠡ ᠳᠠᠮᠢᠷ ᠤᠨ ᠤᠷᠤᠯᠳᠤᠭᠠᠨ︾᠂ ︽︿ᠳᠤᠷᠭᠠᠨ ᠵᠢᠯᠤᠭᠤ﹀ ᠪᠠᠭᠰᠢ ᠶᠢᠨ ᠬᠢᠴᠢᠶᠡᠯ ᠤᠨ ᠪᠠᠷᠢᠮᠵᠢᠶ᠎ᠡ ᠶᠢᠨ ᠮᠡᠳᠡᠯᠬᠡ ᠶᠢᠨ ᠤᠷᠤᠯᠳᠤᠭᠠᠨ︾᠎ ᠢ ᠡᠷᠬᠢᠯᠡᠨ ᠬᠢᠵᠦ᠂ ᠳᠤᠰᠬᠠᠢ ᠫᠷᠦᠭᠷᠡᠮ ᠦᠢᠯᠡᠳᠦᠨ ᠨᠡᠪᠳᠡᠷᠡᠬᠦᠯᠬᠡ ᠬᠢᠭᠰᠡᠨ ᠪᠠᠶᠢᠨ᠎ᠠ᠃      ᠪᠠᠰᠠ ᠰᠤᠷᠭᠠᠭᠤᠯᠢ ᠶᠢᠨ ᠲᠧᠯᠸᠢᠰ ᠦᠷᠲᠡᠭᠡ ᠳᠤ ᠪᠠᠨ ︽ᠮᠢᠨᠤ ᠵᠤᠬᠢᠶᠠᠯ ᠢ ᠰᠤᠨᠢᠷᠬᠠᠨ᠎ᠠ ᠤᠤ︖︾ ᠲᠤᠰᠬᠠᠢ ᠫᠷᠦᠭᠷᠡᠮ ᠲᠤᠬᠢᠷᠠᠭᠤᠯᠵᠤ᠂ ᠰᠤᠷᠤᠭᠴᠢᠳ ᠦᠪᠡᠷ ᠤᠨ ᠵᠤᠬᠢᠶᠠᠯ ᠪᠦᠲᠦᠭᠡᠯ ᠢᠶᠠᠨ ᠤᠩᠰᠢᠨ ᠨᠡᠪᠲᠡᠷᠡᠭᠦᠯᠬᠦ ᠎ ᠪᠠᠷ ᠲᠠᠮᠵᠢᠨ ᠵᠤᠬᠢᠶᠠᠨ ᠪᠢᠴᠢᠬᠦ ᠵᠢᠴᠢ ᠬᠡᠯᠡ ᠪᠢᠴᠢᠭ ᠢᠶᠠᠨ ᠰᠠᠶᠢᠨ ᠰᠤᠷᠬᠤ ᠤᠷᠮ᠎ᠠ ᠵᠤᠷᠢᠭ ᠶᠢ ᠨᠢ ᠬᠦᠪᠴᠢᠯᠡᠵᠦ᠂ ᠰᠤᠷᠤᠭᠴᠢᠳ ᠵᠤᠬᠢᠶᠠᠯ ᠪᠢᠴᠢᠬᠦ ᠲᠤᠷ᠎ᠠ ᠪᠠᠭ᠋ᠠᠲᠠᠢ ᠪᠤᠯᠤᠭᠰᠡᠨ ᠪᠦᠭᠡᠳ ᠪᠢᠴᠢᠵᠦ ᠨᠠᠶᠢᠷᠠᠭᠤᠯᠬᠤ ᠴᠢᠳᠠᠪᠤᠷᠢ ᠨᠢ ᠲᠡᠭᠡᠭᠰᠢᠯᠡᠵᠤ᠂ ᠰᠠᠷ᠎ᠠ ᠪᠦᠷᠢ ᠶᠢᠨ ︽ᠪᠠᠭᠠᠴᠤᠳ ᠤᠨ ᠰᠤᠨᠢᠨ︾᠎ ᠳᠤ ᠡᠬᠡ ᠪᠢᠴᠢᠭ ᠦᠭᠴᠤ  ᠨᠡᠶᠢᠲᠡᠯᠡᠭᠦᠯᠬᠦ ᠰᠠᠶᠢᠬᠠᠨ ᠵᠤᠷᠰᠢᠯ ᠲᠠᠢ ᠪᠤᠯᠤᠭᠰᠠᠨ ᠪᠦᠭᠡᠳ 2013 ᠤᠨ ᠳᠤ  ︽︿ᠤᠯᠢᠶᠠᠰᠤᠲᠠᠢ ᠶᠢᠨ ᠤᠴᠢ  ﹀ ᠰᠤᠷᠤᠭᠴᠢ ᠎ ᠶᠢᠨ ᠵᠤᠬᠢᠶᠠᠯ ᠤᠨ ᠲᠡᠭᠦᠪᠦᠷᠢ︾᠂  2014 ᠣᠨ ᠳᠤ ︽︿ᠦᠵᠦᠭ ᠤᠨ ᠬᠤᠷᠸ᠎ᠠ  ﹀ ᠰᠤᠷᠤᠭᠴᠢ ᠶᠢᠨ ᠵᠤᠬᠢᠶᠠᠯ ᠎ ᠤᠨ ᠲᠡᠭᠦᠪᠦᠷᠢ︾᠎ ᠶᠢ  ᠭᠡᠪᠯᠡᠭᠦᠯᠦᠭᠰᠨᠨ ᠪᠠᠶᠢᠨ᠎ᠠ᠃      ᠭᠡᠷ ᠤᠨ ᠠᠬᠠᠮᠠᠳ ᠤᠨ ᠨᠡᠭᠡᠭᠡᠯᠲᠡᠲᠦ ᠭᠠᠷᠠᠭ ᠤᠨ ᠠᠵᠢᠯᠯᠠᠭ᠎ᠠ ᠦᠷᠨᠢᠭᠦᠯᠵᠦ᠂ ᠬᠡᠤᠬᠡᠳ ᠤᠨ ᠬᠢᠨᠢ ᠰᠤᠷᠤᠯᠭ᠎ᠠ ᠠᠮᠢᠳᠤᠷᠠᠯ ᠤᠨ ᠪᠠᠶᠢᠳᠠᠯ ᠢ ᠤᠶᠢᠯᠠᠭᠠᠭᠤᠯᠬᠤ ᠶᠢᠨ ᠬᠠᠮᠲᠤ ᠰᠤᠷᠭᠠᠭᠤᠯᠢ ᠡᠷᠬᠢᠯᠡᠵᠦ ᠪᠠᠶᠢᠬᠤ ᠲᠠᠯ᠎ᠠ ᠪᠠᠷ ᠰᠠᠨᠠᠯ ᠲᠤᠷᠠᠳᠤᠯᠭ᠎ᠠ ᠶᠢ ᠨᠢ ᠬᠦᠯᠢᠶᠠᠨ ᠠᠪᠴᠤ  ᠰᠤᠷᠭᠠᠭᠤᠯᠢ ᠪᠠᠨ ᠨᠡᠩ ᠰᠠᠶᠢᠨ ᠡᠷᠬᠢᠯᠡᠵᠤ᠂ ᠬᠡᠤᠬᠡᠳ ᠢᠶᠠᠨ ᠨᠡᠩ ᠰᠢᠯᠢᠳᠡᠭ ᠬᠦᠮᠦᠵᠢᠭᠦᠯᠬᠦ ᠶᠢ ᠵᠤᠷᠢᠨ᠎ᠠ  ᠃ ᠨᠡᠭᠡᠭᠡᠯᠲᠡᠲᠤ ᠭᠠᠷᠠᠭ ᠤᠨ ᠠᠵᠢᠯᠯᠠᠭ᠎ᠠ ᠳᠤ ᠪᠠᠨ ᠪᠠᠰᠠ ᠪᠠᠭᠰᠢ ᠠᠴᠠ ᠰᠤᠷᠤᠭᠴᠢᠳ ᠲᠤ ᠪᠠᠨ ᠲᠤᠰᠬᠠᠢ ᠰᠢᠯᠭᠠᠯᠲᠠ ᠬᠢᠵᠤ᠂ ᠡᠴᠢᠭᠡ ᠡᠬᠡᠴᠤᠤᠯ ᠨᠢᠭᠡ ᠨᠢᠭᠡ ᠶᠢᠨ ᠬᠠᠷᠭᠠᠯᠵᠠᠯ ᠲᠠᠢ ᠪᠠᠷ ᠬᠡᠤᠬᠡᠳ ᠤᠨ ᠢᠶᠠᠨ ᠰᠢᠯᠭᠠᠯᠲᠠ ᠬᠢᠬᠦ ᠶᠢ ᠬᠢᠨᠠᠬᠤ ᠠᠵᠢᠯᠯᠠᠭ᠎ᠠ ᠶᠢ ᠲᠤᠷᠰᠢᠨ ᠬᠢᠵᠤ᠂ ᠬᠡᠤᠬᠡᠳ ᠤᠨ ᠰᠤᠷᠤᠯᠭ᠎ᠠ ᠬᠢᠴᠢᠶᠡᠯ ᠤᠨ ᠪᠠᠶᠢᠳᠠᠯ ᠢ ᠨᠡᠩ ᠭᠦᠨᠵᠡᠭᠡᠢ  ᠤᠶᠢᠯᠠᠭᠠᠵᠤ᠂ ᠪᠠᠭᠰᠢ᠂ ᠭᠡᠷ ᠤᠨ ᠠᠬᠠᠮᠠᠳ ᠤᠨ ᠬᠤᠷᠰᠢᠨ ᠬᠠᠮᠳᠤᠷᠴᠠᠯᠭ᠎ᠠ ᠶᠢ ᠨᠢᠭᠲᠠᠷᠠᠭᠤᠯᠵᠤ᠂ ᠰᠤᠷᠤᠭᠴᠢ ᠶᠢᠨ ᠰᠤᠷᠤᠯᠭ᠎ᠠ ᠶᠢᠨ ᠬᠢᠷᠢ ᠪᠦᠳᠦᠮᠵᠢ ᠶᠢ ᠲᠡᠭᠡᠭᠰᠢᠯᠡᠭᠦᠯᠣᠨ᠎ᠠ᠃      ᠪᠠᠭᠰᠢ᠂ ᠬᠡᠷ ᠤᠨ ᠠᠬᠠᠮᠠᠳ᠂ ᠬᠡᠥᠬᠡᠳ ᠤᠨ ᠬᠠᠮᠳᠤᠷᠠᠭᠰᠠᠨ ᠤᠷᠠᠨ ᠰᠠᠶᠢᠬᠠᠨ ᠤ ᠳᠤᠭᠯᠠᠯᠳᠠ ᠪᠠ ᠳᠠᠮᠢᠷ ᠎ ᠤᠨ ᠤᠷᠤᠯᠳᠤᠭᠠᠨ ᠡᠷᠬᠢᠯᠡᠨ ᠬᠢᠬᠦ᠂ ᠬᠡᠷ ᠤᠨ ᠠᠬᠠᠮᠠᠳ ᠢ ᠤᠷᠢᠵᠤ᠂ ᠡᠯ᠎ᠡ ᠵᠦᠢᠯ ᠤᠨ ᠠᠵᠢᠯᠯᠠᠭᠠᠨ ᠤ ᠬᠢᠨᠠᠭᠴᠢ ᠪᠤᠯᠭᠠᠬᠤ᠂ ᠠᠩᠭᠢ ᠶᠢᠨ ᠡᠷᠬᠢᠯᠡᠭᠴᠢ ᠭᠡᠷ ᠤᠨ ᠰᠤᠷᠪᠤᠯᠵᠢᠯᠭ᠎ᠠ ᠬᠢᠬᠦ᠂ ᠤᠯᠠᠭᠤᠯᠠ ᠭᠡᠷ ᠲᠦᠷᠢᠶᠡᠰᠦᠯᠡᠵᠦ  ᠰᠠᠭᠤᠵᠤ ᠪᠠᠶᠢᠭ᠎ᠠ ᠰᠤᠷᠤᠭᠴᠢ ᠶᠢᠨ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠢᠳᠡᠬᠡᠨ ᠤᠮᠳᠠᠭᠠᠨ ᠤ ᠠᠮᠤᠷ ᠳᠥᠪᠰᠢᠨ᠂ ᠵᠠᠮ ᠬᠠᠷᠢᠯᠴᠠᠭᠠᠨ ᠤ ᠠᠮᠤᠷ ᠳᠥᠪᠰᠢᠨ ᠵᠡᠷᠬᠡ ᠬᠢᠴᠢᠶᠡᠯ ᠤᠷᠤᠭᠤᠯᠬᠤ ᠠᠵᠢᠯᠯᠠᠭ᠎ᠠ ᠶᠢ ᠡᠷᠬᠢᠯᠡᠨ ᠬᠢᠵᠦ᠂ ᠠᠩᠭᠢ ᠎ ᠶᠢᠨ ᠡᠷᠬᠢᠯᠡᠭᠴᠢ᠂ ᠬᠢᠴᠢᠶᠡᠯ ᠤᠨ ᠪᠠᠭᠰᠢ᠂ ᠬᠡᠷ ᠤᠨ ᠠᠬᠠᠮᠠᠳ ᠤᠨ ᠬᠠᠷᠢᠴᠠᠭ᠎ᠠ ᠶᠢ ᠨᠢᠬᠳᠠᠷᠠᠭᠤᠯᠣᠨ᠎ᠠ᠃      ᠮᠠᠨ ᠤ ᠰᠤᠷᠭᠠᠭᠤᠯᠢ ᠨᠢ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ︽ᠳᠠᠮᠢᠷ᠂ ᠤᠷᠠᠯᠢᠭ᠂ ᠡᠷᠡᠬᠦᠯ ᠬᠠᠮᠠᠭᠠᠯᠠᠯ ᠤᠨ ᠠᠵᠢᠯ ᠤᠨ ︿ᠭᠤᠷᠪᠠ ᠶᠢ ᠦᠨᠳᠦᠷᠵᠢᠬᠦᠯᠵᠦ᠂ ᠭᠤᠷᠪᠠ ᠶᠢ ᠳᠥᠷᠢᠮᠵᠢᠬᠦᠯᠬᠦ  ﹀︾ ᠵᠤᠷᠢᠭ ᠰᠠᠨᠠᠭ᠎ᠠ ᠶᠤᠰᠤᠭᠠᠷ᠂  ︽2 +1 ᠢᠨᠵᠧᠨᠧᠷᠢᠭ  ︾᠎ ᠢ ᠡᠷᠡᠰ ᠬᠡᠷᠡᠭᠵᠢᠬᠦᠯᠵᠦ᠂ ᠰᠤᠷᠤᠭᠴᠢ ᠪᠦᠷᠢ 2 ᠲᠦᠷᠦᠯ  ᠎ ᠠᠴᠠ ᠲᠡᠭᠡᠭᠰᠢ ᠳᠠᠮᠢᠷ ᠤᠨ ᠪᠤᠯᠪᠠᠰᠤᠷᠠᠯ ᠤᠨ ᠬᠦᠳᠡᠯᠬᠡᠬᠡᠨ  ᠪᠠ  1 ᠵᠦᠢᠯ ᠤᠨ ᠤᠷᠠᠯᠢᠭ ᠤᠨ ᠮᠡᠷᠬᠡᠵᠢᠯ ᠡᠵᠡᠮᠰᠢᠬᠦ ᠶᠢ ᠪᠡᠶᠡᠯᠡᠬᠦᠯᠪᠡ᠃ ᠨᠠᠷᠠᠨ ᠬᠡᠷᠡᠯᠳᠦ ᠪᠡᠶ᠎ᠡ ᠳᠠᠮᠢᠷ ᠤᠨ ᠬᠦᠳᠡᠯᠬᠡᠬᠡᠨ ᠢ ᠢᠳᠡᠪᠬᠢᠳᠡᠢ ᠦᠷᠨᠢᠬᠦᠯᠵᠦ᠂ ᠡᠷᠡᠬᠦᠯ ᠪᠡᠶ᠎ᠡ᠂ ᠰᠠᠷᠠᠭᠤᠯ ᠰᠡᠳᠬᠢᠴᠡ ᠲᠠᠢ ᠪᠠᠶᠢᠬᠤ ᠶᠢ ᠬᠦᠨᠳᠦᠳᠬᠡᠨ  ᠠᠳᠬᠤᠪᠠ᠃      ᠵᠠᠪᠰᠠᠷᠯᠠᠭ᠎ᠠ ᠶᠢᠨ ᠳᠠᠮᠢᠷ ᠤᠨ ᠬᠦᠳᠡᠯᠬᠡᠬᠡᠨ ᠢ  ᠪᠠᠶᠠᠯᠢᠭᠵᠢᠭᠤᠯᠵᠤ᠂ ᠦᠨᠳᠦᠰᠦᠳᠡᠨ ᠤ ᠴᠤᠭ ᠵᠢᠪᠬᠤᠭ᠎ᠠ ᠶᠢ ᠬᠦᠮᠦᠵᠢᠬᠦᠯᠬᠦ ᠵᠤᠷᠢᠯᠭ᠎ᠠ ᠪᠠᠷ ᠮᠤᠩᠭᠤᠯ ᠦᠨᠳᠦᠰᠦᠳᠡᠨ ᠤ ᠡᠷ᠎ᠡ ᠶᠢᠨ ᠭᠤᠷᠪᠠᠨ ᠨᠠᠭᠠᠳᠤᠮ ᠢᠶᠠᠷ ᠰᠡᠳᠥᠪᠯᠡᠭᠰᠡᠨ᠂ ︽ᠠᠵᠢᠨᠠᠢ ᠬᠦᠯᠦᠭ ᠤᠨ ᠦᠤᠷᠰᠡᠭᠡ  ︾ ᠬᠡᠬᠦ ᠪᠦᠵᠢᠭ ᠢ ᠨᠠᠶᠢᠷᠠᠭᠤᠯᠤᠨ  ᠵᠤᠬᠢᠶᠠᠨ᠂ ᠪᠦᠬᠦ ᠰᠤᠷᠤᠭᠴᠢᠳ ᠲᠤ ᠪᠠᠨ ᠰᠤᠷᠭᠠᠵᠤ᠂ ᠵᠠᠪᠰᠠᠷᠯᠠᠭ᠎ᠠ ᠶᠢᠨ ᠳᠠᠮᠢᠷ ᠪᠤᠯᠭᠠᠨ ᠬᠢᠨ᠎ᠠ᠃      ᠮᠠᠨ ᠤ ᠰᠤᠷᠭᠠᠭᠤᠯᠢ ᠨᠢ ᠡᠯ᠎ᠡ ᠵᠦᠢᠯ ᠤᠨ ᠬᠦᠳᠡᠯᠬᠡᠬᠡᠨ ᠤ ᠳᠠᠰᠤᠭ ᠤᠨ ᠪᠥᠳᠥᠬᠡᠨ ᠪᠠᠶᠢᠭᠤᠯᠤᠯᠳᠠ ᠶᠢ ᠴᠢᠩᠭᠠᠳᠬᠠᠵᠤ᠂ ᠳᠤᠷ᠎ᠠ ᠰᠤᠨᠢᠷᠬᠠᠯᠳᠤ ᠪᠠᠭ ᠤᠨ ᠠᠵᠢᠯᠯᠠᠭ᠎ᠠ ᠶᠢ ᠴᠢᠩᠭᠠᠳᠬᠠᠨ ᠠᠳᠬᠤᠵᠤ᠂ ︽ᠬᠤᠰᠢᠭᠤᠴᠢ ᠠᠩᠭᠢ ᠶᠢᠨ ᠬᠦᠳᠡᠯᠬᠡᠬᠡᠨ ᠤ ᠳᠠᠰᠤᠭ︾᠂ ︽ᠪᠥᠵᠢᠭ ᠤᠨ ᠪᠤᠯᠪᠠᠰᠤᠷᠠᠯ ᠤᠨ ᠦᠷᠦᠬᠡ︾᠂  ︽ᠰᠢᠳᠠᠷ᠎ᠠ ᠶᠢᠨ ᠪᠤᠯᠪᠠᠰᠤᠷᠠᠯ ᠤᠨ ᠦᠷᠦᠬᠡ︾᠂  ︽ᠪᠦᠬᠡ ᠶᠢᠨ ᠪᠤᠯᠪᠠᠰᠤᠷᠠᠯ ᠤᠨ ᠦᠷᠦᠬᠡ︾᠂  ︽ᠤᠷᠳᠤ ᠶᠢᠨ ᠳᠠᠭᠤᠤ ᠶᠢᠨ ᠦᠷᠦᠬᠡ︾᠂ ︽ᠤᠶᠠᠩᠭ᠎ᠠ ᠳᠠᠭᠤᠤ ᠶᠢᠨ ᠦᠷᠦᠬᠡ︾᠂ ︽ᠪᠠᠶᠠᠰᠤᠯᠳᠤ ᠦᠷᠦᠬᠡ︾  ᠂  ︽ᠬᠦᠭᠵᠢᠮ ᠤᠨ ᠪᠤᠯᠪᠠᠰᠤᠷᠠᠯ ᠤᠨ ᠦᠷᠦᠬᠡ︾᠂  ︽ᠤᠷᠠᠨ ᠵᠢᠷᠤᠭ ᠤᠨ ᠦᠷᠦᠬᠡ︾᠂  ︽ᠪᠠᠭᠰᠢ ᠠᠵᠢᠯᠳᠠᠨ ᠤ ᠬᠦᠳᠡᠯᠬᠡᠬᠡᠨ ᠤ ᠳᠠᠰᠤᠭ︾᠂ ︽ᠵᠠᠩ ᠦᠢᠯᠡ ᠶᠢᠨ  ᠦᠷᠦᠭᠡ︾᠂  ︽ᠳᠠᠮᠢᠷ ᠤᠨ ᠤᠷᠳᠤᠨ︾᠂᠂᠂᠂ ᠵᠡᠷᠬᠡ ᠬᠦᠳᠡᠯᠬᠡᠬᠡᠨ ᠤ ᠳᠠᠰᠤᠭ ᠪᠦᠷᠢᠨ  ᠂  ᠬᠠᠮᠢᠶᠠᠷᠤᠯᠳᠠ ᠳᠥᠷᠢᠮᠵᠢᠬᠦᠨ ᠪᠠᠶᠢᠵᠤ  ᠂ ︽ᠪᠦᠵᠢᠭ ᠤᠨ ᠠᠩᠭᠢ︾᠂  ︽ᠰᠢᠳᠠᠷ᠎ᠠ ᠶᠢᠨ ᠠᠩᠭᠢ︾᠂ ︽ᠤᠷᠳᠤ ᠶᠢᠨ ᠳᠠᠭᠤᠤ ᠶᠢᠨ ᠠᠩᠭᠢ︾᠂ ︽ᠪᠦᠬᠡ ᠶᠢᠨ ᠠᠩᠭᠢ︾᠂ ︽ᠨᠠᠶᠢᠷᠠᠯ ᠬᠦᠭᠵᠢᠮ ᠤᠨ ᠠᠩᠭᠢ︾᠂ ︽ᠨᠠᠶᠢᠷᠠᠯ ᠲᠠᠭᠤᠤ ᠶᠢᠨ ᠠᠩᠭᠢ︾᠂ ︽ᠤᠷᠠᠨ ᠵᠢᠷᠤᠭ ᠤᠨ ᠠᠩᠭᠢ︾᠂ ︽ᠰᠠᠭᠰᠤᠨ ᠪᠥᠮᠪᠦᠭᠡ ᠶᠢᠨ ᠠᠩᠭᠢ︾᠂ ︽ᠬᠦᠯ ᠪᠥᠮᠪᠦᠭᠡ ᠶᠢᠨ ᠠᠩᠭᠢ︾᠂ ︽ᠫᠢᠩᠫᠠᠩ ᠪᠦᠮᠪᠦᠭᠡ ᠶᠢᠨ ᠠᠩᠭᠢ  ︾᠂ ︽ᠬᠦᠨᠳᠦ ᠬᠥᠩᠭᠡᠨ ᠪᠡᠶ᠎ᠡ ᠳᠠᠮᠢᠷ ᠤᠨ ᠠᠩᠭᠢ︾᠂ ︽ᠮᠤᠷᠢᠨ ᠬᠤᠭᠤᠷ ᠤᠨ  ᠠᠩᠭᠢ︾᠂ ︽ᠶᠠᠲᠤᠭ᠎ᠠ ᠶᠢᠨ ᠠᠩᠭᠢ︾᠂ ︽ᠬᠤᠪᠢᠰ ᠤᠨ ᠠᠩᠭᠢ︾᠂ ︽ᠲᠦᠷᠪᠡᠨ ᠤᠲᠠᠰᠤᠲᠤ ᠬᠤᠭᠤᠷ ᠤᠨ ᠠᠩᠭᠢ︾᠂ ︽ᠱᠠᠨᠵᠠ ᠶᠢᠨ ᠠᠩᠭᠢ︾᠂ ︽ᠦᠰᠦᠨ ᠪᠢᠷ ᠤᠨ ᠠᠩᠭᠢ︾᠂ ︽ᠳᠤᠤᠷ ᠪᠥᠮᠪᠦᠭᠡ ᠶᠢᠨ ᠠᠩᠭᠢ︾  ᠎ ᠲᠠᠢ ᠪᠠᠶᠢᠵᠤ᠂ ᠳᠤᠷ᠎ᠠ ᠰᠤᠨᠢᠷᠬᠠᠯᠳᠤ ᠪᠠᠭ ᠎ ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠤᠷᠮ᠎ᠠ ᠪᠠᠬ᠎ᠠ  ᠎ ᠶᠢ ᠭᠦᠭᠵᠢᠶᠡᠨ᠂ ᠠᠮᠵᠢᠯᠳᠠ ᠣᠯᠬᠤ ᠶᠢᠨ ᠪᠠᠶᠠᠰᠣᠯ ᠎ ᠢ ᠡᠳ᠋ᠯᠡᠭᠦᠯᠵᠣ᠂ ᠠᠪᠢᠶᠠᠰ ᠪᠢᠯᠢᠭ ᠨᠢ ᠨᠡᠭᠡᠭᠡᠭᠳᠡᠨ᠎ᠠ᠃      2011 ᠤᠨ ᠳᠤ ᠪᠤᠯᠤᠭᠰᠠᠨ《 ᠪᠦᠬᠦ ᠬᠤᠰᠢᠭᠤᠨ ᠤ ᠲᠤᠮᠳᠠ ᠪᠠᠭ᠎ᠠ ᠰᠤᠷᠭᠠᠭᠤᠯᠢ  ᠎ ᠶᠢᠨ ᠳᠥᠷᠪᠡᠳᠥᠬᠡᠷ ᠬᠤᠭᠤᠴᠠᠭᠠᠨ ᠤ ᠬᠦᠨᠳᠦ ᠬᠥᠩᠭᠡᠨ ᠪᠡᠶ᠎ᠡ ᠳᠠᠮᠢᠷ ᠤᠨ ᠤᠷᠤᠯᠳᠤᠭᠠᠨ》᠎ ᠳᠤ ᠪᠠᠭ᠎ᠠ ᠰᠤᠷᠭᠠᠭᠤᠯᠢ ᠶᠢᠨ ᠳᠤᠭᠤᠶᠢᠯᠠᠩ ᠎ ᠳᠤ ᠪᠠᠨ ᠳᠡᠳ᠋ᠯᠡᠵᠦ᠂ 2012 ᠤᠨ ᠳᠤ ᠪᠤᠯᠤᠭᠰᠠᠨ《 ᠪᠦᠬᠦ ᠬᠤᠰᠢᠭᠤᠨ ᠤ  ᠲᠤᠮᠳᠠ ᠪᠠᠭ᠎ᠠ ᠰᠤᠷᠭᠠᠭᠤᠯᠢ ᠶᠢᠨ ᠳᠠᠪᠤᠳᠤᠭᠠᠷ ᠬᠤᠭᠤᠴᠠᠭᠠᠨ ᠤ ᠬᠦᠨᠳᠦ ᠬᠥᠩᠭᠡᠨ ᠪᠡᠶ᠎ᠡ ᠳᠠᠮᠢᠷ ᠤᠨ ᠤᠷᠤᠯᠳᠤᠭᠠᠨ》᠎ ᠳᠤ ᠪᠠᠭ᠎ᠠ ᠰᠤᠷᠭᠠᠭᠤᠯᠢ ᠶᠢᠨ ᠳᠤᠭᠤᠶᠢᠯᠠᠩ ᠳᠤ ᠪᠠᠨ ᠳᠡᠷᠢᠬᠦᠯᠡᠵᠦ᠂ ᠠᠯᠳᠠᠨ ᠬᠤᠨᠳᠠᠭ᠎ᠠ ᠳᠤᠰᠤᠭᠰᠠᠨ ᠶᠤᠮ᠃      2012 ᠤᠨ ᠳᠤ ᠪᠤᠯᠤᠭᠰᠠᠨ ᠪᠦᠬᠦ ᠬᠤᠰᠢᠭᠤᠨ ᠤ  ᠳᠠᠪᠤᠳᠤᠭᠠᠷ ᠬᠤᠭᠤᠴᠠᠭᠠᠨ ᠤᠷᠠᠯᠢᠭ ᠤᠨ ᠴᠤᠭᠯᠠᠭᠠᠨ ᠳᠤ ᠮᠠᠨ ᠰᠤᠷᠭᠠᠭᠤᠯᠢ ᠶᠢᠨ ᠨᠠᠶᠢᠷᠠᠯ ᠬᠦᠭᠵᠢᠮ《 ᠴᠤᠭᠯᠢᠭ ᠵᠢᠭᠠᠯ》᠂ ᠳᠠᠭᠤᠤ《 ᠶᠤᠤᠬᠤᠷ 》 ᠎ ᠨᠢ ᠪᠠᠭ᠎ᠠ ᠰᠤᠷᠭᠠᠭᠤᠯᠢ ᠶᠢᠨ ᠳᠤᠭᠤᠶᠢᠯᠠᠩ ᠳᠤ ᠪᠠᠨ ᠳᠡᠷᠢᠬᠦᠯᠡᠵᠦ᠂ ᠪᠦᠵᠢᠭ‌ᠡᠵᠢ ᠮᠢᠨᠢ》᠂ ᠳᠠᠭᠤᠤ《 ᠰᠡᠷᠪᠡᠬᠡᠷ ᠬᠠᠳᠠᠨ ᠤ ᠵᠡᠷᠬᠡᠯᠬᠡᠨ》᠎ ᠨᠢ ᠳᠡᠳ᠋ᠯᠡᠭᠰᠡᠨ ᠪᠠᠶᠢᠨ᠎ᠠ᠃ 2014 ᠤᠨ ᠤ  ᠵᠢᠷᠭᠤᠳᠤᠭᠠᠷ ᠰᠠᠷ᠎ᠠ ᠳᠤ ᠪᠤᠯᠤᠭᠰᠠᠨ ᠪᠦᠬᠦ ᠬᠤᠰᠢᠭᠤᠨ ᠤ ᠲᠤᠮᠲᠠ ᠪᠠᠭ᠎ᠠ ᠰᠤᠷᠭᠠᠭᠤᠯᠢ ᠶᠢᠨ ᠵᠢᠷᠭᠤᠳᠤᠭᠠᠷ ᠤᠳᠠᠭᠠᠨ ᠤ ᠤᠷᠠᠯᠢᠭ ᠤᠨ ᠴᠤᠭᠯᠠᠭᠠᠨ ᠳᠤ ᠪᠥᠵᠢᠭ《 ᠰᠥᠬᠡ ᠶᠢᠨ ᠰᠠᠷᠠᠯ》᠎ ᠨᠢ ᠪᠠᠭ᠎ᠠ ᠰᠤᠷᠭᠠᠭᠤᠯᠢ ᠶᠢᠨ ᠪᠦᠵᠢᠭ ᠶᠢᠨ ᠲᠤᠭᠤᠶᠢᠯᠠᠩ ᠳᠤ ᠲᠡᠷᠢᠭᠦᠯᠡᠭᠰᠡᠨ ᠪᠦᠭᠡᠳ ᠲᠤᠰ ᠤᠳᠠᠭᠠᠨ ᠤ ᠤᠷᠠᠯᠢᠭ ᠤᠨ ᠴᠤᠭᠯᠠᠭᠠᠨ ᠤ  ᠴᠤᠷᠢ ᠶᠢᠨ ᠭᠠᠭᠴᠠ《 ᠰᠢᠯᠢᠳᠡᠭ  ᠵᠤᠬᠢᠶᠠᠨ ᠪᠦᠳᠦᠭᠡᠯ ᠤᠨ ᠱᠠᠩᠨᠠᠯ》᠎ ᠢ  ᠬᠦᠷᠲᠡᠵᠦ᠂ ᠬᠦᠭᠵᠢᠮ 《 ᠲᠡᠭᠦᠯᠢᠨᠡᠮ 》 ᠪᠠᠭ᠎ᠠ ᠰᠤᠷᠭᠠᠭᠤᠯᠢ ᠶᠢᠨ ᠬᠦᠭᠵᠢᠮ ᠎ ᠤᠨ ᠳᠤᠭᠤᠶᠢᠯᠠᠩ ᠳᠤ ᠪᠠᠨ ᠳᠡᠷᠢᠬᠦᠯᠡᠵᠦ᠂ ᠳᠠᠭᠤᠤ《 ᠰᠢᠯᠢ ᠶᠢᠨ ᠭᠤᠤᠯ》᠎ ᠨᠢ ᠳᠡᠳ᠋ᠯᠡᠭᠰᠡᠨ ᠰᠢᠯᠢᠳᠡᠭ ᠪᠦᠳᠦᠮᠵᠢ ᠶᠢ ᠤᠯᠤᠭᠰᠠᠨ ᠶᠤᠮ᠃      ᠮᠠᠨ ᠤ ᠰᠤᠷᠭᠠᠭᠤᠯᠢ ᠨᠢ 2013 ᠤᠨ ᠳᠤ《 ᠤᠷᠤᠨ ᠳᠡᠰ ᠤᠨ ᠪᠡᠶ᠎ᠡ ᠳᠠᠮᠢᠷ ᠤᠨ ᠤᠯᠠᠮᠵᠢᠯᠠᠯᠳᠤ ᠳᠥᠷᠥᠯ ᠤᠨ ᠰᠤᠷᠭᠠᠭᠤᠯᠢ》᠂ 2011 ᠤᠨ ᠤ10 ᠰᠠᠷ᠎ᠠ ᠳᠤ ᠤᠯᠤᠰ ᠤᠨ ᠰᠤᠷᠭᠠᠨ ᠬᠦᠮᠦᠵᠢᠯ ᠤᠨ ᠶᠠᠮᠤᠨ  ᠎ ᠤ《 ᠪᠦᠬᠦ ᠤᠯᠤᠰ ᠤᠨ ᠰᠤᠷᠭᠠᠭᠤᠯᠢ  ᠎ ᠶᠢᠨ ᠤᠷᠠᠯᠢᠭ ᠤᠨ ᠰᠤᠷᠭᠠᠨ ᠬᠦᠮᠦᠵᠢᠯ  ᠎ ᠤᠨ ᠲᠡᠷᠢᠭᠦᠨ ᠤ ᠨᠢᠭᠡᠴᠡ 》 ᠎ ᠪᠠᠷ ᠦᠨᠡᠯᠡᠭᠳᠡᠭᠰᠡᠨ ᠪᠠᠶᠢᠨ᠎ᠠ᠃      ᠮᠠᠨ ᠤ ︽ᠰᠣᠷᠭᠠᠭᠤᠯᠢ ᠶᠢᠨ ︽︿ᠠᠵᠢᠨᠠᠢ﹀  ᠭᠦᠯ ᠪᠦᠮᠪᠦᠭᠡ ᠶᠢᠨ ᠠᠩᠭᠢ︾᠎ ᠨᠢ2014 ᠣᠨ ᠳᠤ ᠪᠣᠯᠣᠭᠰᠨᠨ ︽ᠲᠣᠮᠳᠠᠳᠣ ᠣᠯᠣᠰ ᠤᠨ ᠠᠷᠠᠣᠨ ᠤᠨ ᠭᠦᠯ ᠪᠦᠮᠪᠦᠭᠡ ᠶᠢᠨ ᠸᠠᠩ ᠤᠨ ᠲᠡᠮᠡᠴᠡᠭᠡᠨ︾᠎ ᠳᠤ ᠠᠶᠢᠮᠠᠭ᠂ ᠣᠷᠣᠨ ᠳᠤ ᠪᠠᠨ ᠲᠡᠷᠢᠭᠦᠯᠡᠵᠣ᠂ ᠣᠮᠠᠷᠠᠳᠣ ᠶᠢᠨ ᠬᠤᠪᠢᠶᠠᠷᠢ ᠲᠠᠯᠠᠪᠠᠢ ᠶᠢᠨ ᠣᠷᠯᠳᠣᠭᠠᠨ ᠳᠤ ᠭᠤᠷᠪᠠᠳᠣᠭᠠᠷ ᠲᠡᠰ ᠎ ᠲᠤ ᠣᠷᠣᠭᠰᠨᠨ ᠢᠷᠠᠭᠤ ᠠᠯᠳᠠᠷ ᠲᠠᠢ ᠪᠢᠯᠠ᠃ ᠡᠨᠡᠭᠦ ᠠᠯᠳᠠᠷ ᠢᠶᠠᠨ ᠦᠷᠭᠦᠯᠵᠢᠯᠡᠨ ᠪᠠᠳᠠᠷᠠᠭᠤᠯᠵᠣ᠂ ᠰᠣᠷᠣᠭᠴᠢ ᠎ ᠶᠢᠨ ᠭᠦᠯ ᠪᠦᠮᠪᠦᠭᠡ ᠶᠢᠨ ᠪᠣᠯᠪᠠᠰᠣᠷᠠᠯ ᠢᠶᠠᠨ ᠰᠢᠰᠲ᠋ᠧᠮ ᠲᠠᠢ ᠭᠢᠵᠣ᠂ ᠰᠣᠷᠭᠠᠭᠤᠯᠢ ᠶᠢᠨ ᠢᠶᠠᠨ ︽ᠨᠡᠷᠡᠳᠣ ᠲᠡᠮᠳᠡᠭ ︾ ᠪᠣᠯᠭᠠᠨ ᠭᠦᠭᠵᠢᠭᠦᠯᠣᠨ᠎ᠡ᠃      ᠪᠢᠳᠡ ᠴᠠᠭ ᠦᠶ᠎ᠡ ᠶᠢᠨ ᠦᠨᠳᠦᠷᠴᠡ ᠳᠤ ᠵᠤᠭᠰᠤᠵᠤ᠂ ᠠᠬ᠎ᠠ ᠳᠡᠭᠦᠦ ᠰᠤᠷᠭᠠᠭᠤᠯᠢ ᠠᠴᠠ ᠲᠠᠭᠠᠨ ᠰᠤᠷᠤᠯᠴᠠᠵᠤ᠂ ᠰᠤᠷᠭᠠᠨ ᠬᠦᠮᠦᠵᠢᠯ ᠤᠨ ᠦᠭᠡᠷᠨᠴᠢᠯᠡᠯᠲᠡ ᠶᠢᠨ ᠡᠮᠦᠨ᠎ᠡ ᠡᠩᠨᠡᠭᠡ ᠳᠤ ᠤᠷᠤᠨ᠂ ᠠᠵᠠ ᠲᠤᠬᠢᠶᠠᠯ ᠢ ᠴᠢᠩᠭ᠎ᠠ ᠠᠳᠬᠤᠨ᠂ ᠦᠷᠢᠰᠦᠯᠳᠦᠭᠡᠨ ᠮᠦᠷᠦᠶᠢᠴᠡᠭᠡᠨ  ᠎ ᠢ ᠵᠤᠷᠢᠭᠲᠠᠢ ᠤᠭᠲᠤᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠲᠤ ᠦᠨᠡᠨᠴᠢ ᠪᠠᠷ  ᠵᠢᠳᠬᠦᠵᠦ᠂ ᠭᠡᠷᠡᠯ ᠰᠠᠴᠤᠷᠠᠩᠭᠤᠢ ᠲᠡᠥᠬᠡᠨ ᠬᠠᠭᠤᠳᠠᠰᠦ ᠶᠢ ᠪᠢᠴᠢᠭᠯᠡᠬᠦ ᠪᠠᠷ ᠢᠲᠡᠭᠡᠯ ᠲᠡᠭᠦᠯᠳᠡᠷ ᠴᠢᠷᠮᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号