ᠵᠡᠬᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2017/4/21
     ᠵᠡᠬᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠨᠢ 2005 ᠤᠨ ᠳᠤ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠲᠠᠯ᠎ᠠ ᠪᠠᠷ ᠬᠢ ᠲᠤᠬᠢᠷᠠᠭᠤᠯᠤᠯᠲᠠ ᠪᠠᠷ ᠤᠤᠯ ᠤᠨ ᠭᠤᠷᠪᠠᠨ ᠰᠠᠭᠤᠷᠢ ᠳᠡᠭᠡᠲᠦ ᠳᠤᠮᠳᠠᠳᠤ ᠰᠤᠷᠭᠠᠭᠤᠯᠢ ᠶᠢ ᠨᠢᠳᠡᠳᠭᠡᠭᠰᠡᠨ᠂ ᠮᠤᠩᠭᠤᠯ᠂ ᠬᠢᠲᠠᠳ ᠡᠩ ᠤᠨ ᠳᠡᠭᠡᠲᠦ ᠳᠤᠮᠳᠠᠳᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠠ ᠲᠤᠮᠤᠴᠤᠤᠯ ᠤᠨ ᠰᠤᠷᠭᠠᠨ ᠬᠦᠮᠦᠵᠢᠯ ᠢ ᠬᠠᠮᠲᠤᠳᠬᠠᠭᠰᠠᠨ ᠦᠨᠳᠦᠰᠦᠲᠡᠨ ᠤ ᠤᠨᠴᠠᠯᠢᠭ ᠳᠤᠪᠤᠶᠢᠮ᠎ᠠ ᠶᠡᠷᠦᠩᠬᠡᠶᠢᠯᠡᠭᠰᠡᠨ ᠴᠢᠨᠠᠷ ᠲᠠᠢ ᠳᠡᠭᠡᠲᠦ ᠳᠤᠮᠳᠠᠳᠤ ᠰᠤᠷᠭᠠᠭᠤᠯᠢ ᠪᠤᠯᠤᠭᠰᠠᠨ ᠪᠠᠶᠢᠨ᠎ᠠ᠃ ᠰᠤᠷᠭᠠᠭᠤᠯᠢ ᠶᠢᠨ ᠡᠵᠡᠯᠡᠵᠦ ᠪᠠᠶᠢᠭ᠎ᠠ ᠲᠠᠯᠠᠪᠠᠢ ᠨᠢ 168115.00 ᠲᠡᠭᠰᠢ ᠳᠦᠷᠪᠡᠯᠵᠢᠨ ᠮᠧᠲᠷ ᠪᠠᠶᠢᠵᠤ᠂ ᠪᠦᠲᠦᠭᠡᠨ ᠪᠠᠶᠢᠭᠤᠯᠤᠭᠰᠠᠨ ᠲᠠᠯᠠᠪᠠᠢ 28100.45 ᠲᠡᠭᠰᠢ ᠳᠦᠷᠪᠡᠯᠵᠢᠨ ᠮᠧᠲᠷ᠂ ᠲᠤᠭᠲᠠᠮᠠᠯ ᠬᠦᠷᠦᠩᠬᠡ ᠶᠢᠨ ᠶᠡᠷᠦᠩᠬᠡᠢ ᠦᠷᠲᠡᠭ 4500.00 ᠲᠦᠮᠡᠨ ᠲᠦᠭᠦᠷᠢᠭ᠂ 22 ᠲᠤᠰᠬᠠᠢ ᠲᠠᠳᠤᠯᠭ᠎ᠠ ᠪᠤᠯᠪᠠᠰᠤᠷᠠᠯ ᠤᠨ ᠬᠢᠴᠢᠶᠡᠯ ᠤᠨ ᠦᠷᠦᠬᠡ᠂ 31 ᠵᠢᠭᠠᠨ ᠰᠤᠷᠭᠠᠯᠲᠠ ᠶᠢᠨ ᠠᠩᠬᠢ ᠲᠠᠢ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ 129 ᠨᠡᠷᠡᠰ ᠪᠠᠶᠢᠵᠤ᠂ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ 1166 ᠨᠡᠷᠡᠰ ᠪᠤᠢ᠃      ᠮᠠᠨ ᠤ ᠰᠤᠷᠭᠠᠭᠤᠯᠢ ᠨᠢ ᠤᠷᠢᠳ ᠬᠤᠵᠢᠳ ︽ᠦᠪᠡᠷᠲᠡᠭᠡᠨ ᠵᠠᠰᠠᠬᠤ ᠤᠷᠤᠨ ᠤ ᠭᠤᠤᠯᠳᠠᠯᠭᠠᠲᠤ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ︾᠂ ︽ᠦᠪᠡᠷᠲᠡᠭᠡᠨ ᠵᠠᠰᠠᠬᠤ ᠤᠷᠤᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠠᠵᠢᠯ ᠤᠨ ᠲᠡᠷᠢᠬᠦᠨ ᠤ ᠬᠠᠮᠲᠤ ᠨᠢᠭᠡᠴᠡ︾᠂ ︽ᠦᠪᠡᠷᠲᠡᠭᠡᠨ ᠵᠠᠰᠠᠬᠤ ᠤᠷᠤᠨ ᠤ ᠤᠴᠢ ᠶᠢᠨ ᠭᠠᠯ ᠳᠠᠭᠤᠷᠢᠶᠠᠯ ᠰᠤᠷᠭᠠᠭᠤᠯᠢ︾᠂ ︽ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠨᠦᠬᠦᠷᠰᠡᠭ ᠰᠤᠷᠭᠠᠭᠤᠯᠢ︾᠂ ︽ᠤᠯᠤᠰ ᠤᠨ ᠳᠡᠰ ᠤᠨ ᠬᠤᠸᠠᠩ ᠶᠠᠨ ᠫᠸᠢ ᠨᠡᠷᠡᠮᠵᠢᠲᠦ ᠰᠢᠯᠢᠳᠡᠭ ᠠᠵᠢᠯ ᠮᠡᠷᠭᠡᠵᠢᠯ ᠤᠨ ᠰᠤᠷᠭᠠᠭᠤᠯᠢ︾᠂ ︽ᠠᠶᠢᠮᠠᠭ ᠳᠡᠰ ᠤᠨ ᠬᠠᠮᠢᠶᠠᠷᠤᠯᠲᠠ ᠶᠢᠨ ᠲᠡᠷᠢᠬᠦᠨ ᠤ ᠰᠤᠷᠭᠠᠭᠤᠯᠢ︾᠂ ︽ᠠᠶᠢᠮᠠᠭ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠬᠦᠨ ᠤ ᠬᠠᠮᠲᠤ ᠨᠢᠭᠡᠴᠡ︾᠎ ᠪᠠᠷ ᠦᠨᠡᠯᠡᠭᠳᠡᠪᠡ᠃      ᠤᠯᠠᠨ ᠵᠢᠯ ᠤᠨ ᠳᠤᠷᠰᠢ ᠮᠠᠨ ᠤ ᠰᠤᠷᠭᠠᠭᠤᠯᠢ ᠦᠨᠳᠦᠰᠦᠲᠡᠨ ᠤ ᠪᠦᠯᠬᠦᠮᠳᠡᠯ ᠨᠢᠭᠲᠠᠷᠠᠯ ᠢ ᠤᠨᠴᠠᠯᠠᠨ ᠠᠩᠬᠠᠷᠴᠤ᠂ ᠦᠨᠳᠦᠰᠦᠲᠡᠨ ᠤ ᠪᠦᠯᠬᠦᠮᠳᠡᠯ ᠨᠢᠭᠲᠠᠷᠠᠯ ᠢ ᠨᠡᠶᠢᠭᠡᠮ ᠤᠨ ᠠᠮᠤᠷ ᠳᠤᠭᠲᠠᠭᠤᠨ ᠤ ᠰᠠᠭᠤᠷᠢ᠂ ᠰᠤᠷᠭᠠᠭᠤᠯᠢ ᠶᠢᠨ ᠬᠦᠭᠵᠢᠯᠲᠡ ᠳᠠᠪᠰᠢᠯᠲᠠ ᠶᠢᠨ ᠴᠢᠬᠤᠯᠠ  ᠡᠯᠧᠮᠧᠨ᠋ᠲ ᠭᠡᠵᠦ ᠦᠵᠡᠵᠦ᠂ ᠰᠤᠷᠭᠠᠭᠤᠯᠢ ᠶᠢᠨ ᠵᠶ᠋ᠡᠨ‌ᠡᠳᠦᠷ ᠳᠤᠲᠤᠮ ᠤᠨ ᠬᠡᠷᠡᠭ ᠪᠤᠯᠭᠠᠨ ᠵᠦᠪᠯᠡᠵᠦ᠂ ᠵᠢᠭᠠᠨ ᠰᠤᠷᠭᠠᠯᠲᠠ ᠶᠢᠨ ᠶᠠᠪᠤᠴᠠ ᠳᠤᠮᠳᠠ ᠎ ᠪᠠᠨ ᠲᠤᠤᠱᠯᠠᠭᠤᠯᠤᠨ᠂ ᠨᠠᠮ ᠤᠨ ᠦᠨᠳᠦᠰᠦᠲᠡᠨ ᠤ ᠳᠤᠬᠠᠢ ᠲᠦᠷᠦ ᠶᠢᠨ ᠪᠤᠳᠤᠯᠭ᠎ᠠ ᠶᠢ ᠡᠷᠡᠰ ᠬᠦᠷᠢᠶᠡᠯᠡᠵᠦ᠂ ᠦᠨᠳᠦᠰᠦᠲᠡᠨ ‍ᠦ‌‍ᠪᠦ᠋ᠯᠬᠦᠮᠳᠡᠯ ᠤᠨ ᠳᠤᠬᠠᠢ ᠰᠤᠷᠭᠠᠨ ᠬᠦᠮᠦᠵᠢᠯ᠂ ᠦᠨᠳᠦᠰᠦᠲᠡᠨ ᠤ ᠦᠵᠡᠯ ᠤᠬᠠᠮᠰᠠᠷ ᠤᠨ ᠳᠤᠬᠠᠢ ᠰᠤᠷᠭᠠᠨ ᠬᠦᠮᠦᠵᠢᠯ᠂ ᠨᠡᠶᠢᠭᠡᠮ ᠵᠢᠷᠦᠮᠲᠦ ᠦᠷᠲᠡᠭ ᠤᠨ ᠦᠵᠡᠯᠲᠡ ᠶᠢᠨ ᠰᠤᠷᠭᠠᠨ ᠬᠦᠮᠦᠵᠢᠯ ᠢ ᠵᠢᠭᠠᠨ ᠰᠤᠷᠭᠠᠯᠲᠠ ᠶᠢᠨ ᠳᠤᠮᠲᠠ ᠪᠠᠨ ᠲᠤᠤᠱᠯᠠᠭᠤᠯᠵᠤ᠂ ᠨᠠᠮ ᠠᠷᠠᠳ᠂ ᠪᠠᠭᠰᠢ ᠰᠤᠷᠤᠭᠴᠢ᠂ ᠬᠢᠲᠠᠳ ᠮᠤᠩᠭᠤᠯ ᠨᠠᠶᠢᠷᠰᠠᠭ ᠶᠠᠪᠤᠯᠴᠠᠵᠤ᠂ ᠡᠶ᠎ᠡ ᠵᠤᠬᠢᠴᠠᠩᠭᠤᠢ ᠰᠤᠷᠭᠠᠭᠤᠯᠢ ᠶᠢᠨ ᠬᠦᠷᠢᠶ᠎ᠡ᠂ ᠡᠪ ᠨᠠᠶᠢᠷᠠᠮᠳᠠᠭᠤ ᠠᠮᠢᠳᠤᠷᠠᠯ ᠤᠨ ᠤᠷᠴᠢᠨ ᠢ ᠪᠤᠢ ᠪᠤᠯᠭᠠᠬᠤ ᠶᠢᠨ ᠬᠠᠮᠲᠤ ᠦᠪᠡᠷ ᠤᠨ ᠪᠡᠶ᠎ᠡ ᠶᠢᠨ ᠦᠰᠦᠨ ᠪᠤᠶᠢᠵᠢᠯᠲᠠ ᠪᠠ ᠪᠠᠭᠰᠢ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠪᠠᠷ ᠴᠢᠷᠮᠠᠶᠢᠭᠰᠠᠭᠠᠷ ᠢᠷᠡᠭᠰᠡᠨ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号