ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠤᠬᠡᠳ ᠤᠨ ᠴᠡᠴᠡᠷᠯᠢᠭ
ᠨᠡᠶᠢᠲᠡᠯᠡᠭᠰᠡᠨ ᠴᠠᠭ᠄
2017/4/21
     ᠵᠡᠭᠦᠨ ᠦᠵᠦᠮᠦᠴᠢᠨ ᠬᠤᠰᠢᠭᠤᠨ ᠤ ᠦᠨᠳᠦᠰᠦᠳᠡᠨ ᠤ ᠭᠡᠤᠬᠡᠳ ᠤᠨ ᠴᠡᠴᠡᠷᠯᠢᠭ ᠪᠤᠯ 2012 ᠤᠨ ᠤ 9 ᠰᠠᠷ᠎ᠠ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠠᠴᠠ 1586 ᠲᠦᠮᠡᠨ ᠲᠦᠭᠦᠷᠢᠭ ᠤᠨ ᠪᠡᠯᠡ ᠤᠷᠤᠭᠤᠯᠵᠦ ᠪᠠᠶᠢᠭᠤᠯᠤᠭᠰᠠᠨ᠂ ᠪᠦᠬᠦᠯᠢ ᠡᠳᠦᠷ ᠤᠨ ᠲᠦᠷᠢᠮᠳᠦ ᠬᠡᠤᠬᠡᠳ ᠤᠨ ᠴᠡᠴᠡᠷᠯᠢᠭ ᠪᠤᠯᠤᠨ᠎ᠠ᠃ ᠤᠳᠤ 747ᠨᠡᠷ᠎ᠡ ᠬᠡᠤᠬᠡᠳ᠂108 ᠨᠡᠷ᠎ᠡ ᠪᠠᠭᠰᠢ ᠠᠵᠢᠯᠳᠠᠨ ᠲᠠᠢ᠂ ᠴᠡᠴᠡᠷᠯᠢᠭ ᠤᠨ ᠡᠵᠡᠯᠡᠬᠦ ᠶᠡᠷᠤᠩᠬᠡᠢ ᠲᠠᠯᠠᠪᠠᠢ 20807 ᠲᠡᠭᠰᠢ ᠲᠦᠷᠪᠡᠯᠵᠢᠨ ᠮᠧᠲᠷ ᠪᠠᠶᠢᠵᠦ᠂ 9200 ᠲᠡᠭᠰᠢ ᠳᠦᠷᠪᠡᠯᠵᠢᠨ ᠮᠧᠲᠷ ᠪᠦᠬᠦᠢ ᠠᠰᠠᠷᠠᠨ ᠬᠦᠮᠦᠵᠢᠭᠦᠯᠬᠦ ᠠᠰᠠᠷ ᠤᠨ ᠪᠠᠶᠢᠷᠢᠰᠢᠯᠠᠯᠳᠠ ᠨᠢ ᠲᠤᠬᠢᠷᠠᠮᠵᠢᠲᠠᠢ᠂ ᠲᠠᠩᠰᠤᠭ ᠲᠠᠭᠠᠯᠠᠮᠵᠢᠲᠠᠢ ᠬᠦᠳᠡᠯᠭᠡᠭᠡᠨ ᠤ ᠤᠷᠤᠨ ᠵᠠᠢ᠂ ᠡᠷᠬᠡ ᠲᠡᠭᠰᠢ ᠬᠠᠶᠢᠷ᠎ᠠ ᠬᠠᠯᠠᠮᠵᠢᠲᠠᠢ ᠬᠦᠮᠦᠨ ᠰᠤᠶᠤᠯ ᠤᠨ ᠠᠭᠤᠷ ᠠᠮᠢᠰᠬᠤᠯ ᠲᠠᠢ᠂ ᠤᠳᠤᠬᠢᠴᠢᠯᠠᠭᠰᠠᠨ ᠬᠠᠮᠢᠶᠠᠷᠤᠯᠳᠠ᠂ ᠤᠳᠤᠬᠢᠴᠢᠯᠠᠭᠰᠠᠨ ᠵᠢᠭᠠᠨ ᠰᠤᠷᠭᠠᠯᠳᠠ ᠶᠢ ᠨᠢᠭᠡᠳᠬᠡᠭᠰᠡᠨ ᠰᠢᠨ᠎ᠡ ᠮᠠᠶ᠋ᠢᠭ ᠤᠨ ᠴᠡᠴᠡᠷᠯᠢᠭ ᠪᠤᠯᠤᠨ᠎ᠠ      ᠮᠠᠨ ᠤ ᠴᠡᠴᠡᠷᠯᠢᠭ ᠨᠢ ᠨᠠᠮ ᠤᠨ ᠰᠤᠷᠭᠠᠨ ᠬᠦᠮᠦᠵᠢᠯ ᠤᠨ ᠴᠢᠭᠯᠡᠯᠳᠡ᠂ ᠲᠦᠷᠦ ᠶᠢᠨ ᠪᠤᠳᠤᠯᠭ᠎ᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ︽ᠴᠡᠴᠡᠷᠯᠢᠭ ᠤᠨ ᠠᠵᠢᠯ ᠤᠨ ᠲᠦᠷᠢᠮ ᠲᠤᠭᠲᠠᠭᠠᠯ︾ ᠢ ᠵᠢᠷᠤᠮᠯᠠᠨ᠂ ︽ᠬᠡᠤᠬᠡᠳ ᠤᠨ ᠴᠡᠴᠡᠷᠯᠢᠭ ᠤᠨ ᠰᠤᠷᠭᠠᠨ ᠬᠦᠮᠦᠵᠢᠯ ᠤᠨ ᠵᠢᠯᠤᠭᠤᠳᠬᠤ ᠬᠦᠲᠦᠯᠪᠦᠷᠢ︾᠂ ︽3-6 ᠨᠠᠰᠤᠨ ᠤ ᠬᠡᠤᠬᠡᠳ ᠤᠨ ᠰᠤᠷᠤᠯᠴᠠᠬᠤ ᠪᠠ ᠬᠦᠭᠵᠢᠯᠳᠡ ᠶᠢᠨ ᠵᠢᠯᠤᠭᠤᠳᠬᠤ ᠵᠦᠭᠯᠡᠭᠦᠷ︾ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ︽ᠬᠡᠤᠬᠡᠳ ᠲᠤ ᠤᠶᠢᠯᠡᠴᠢᠯᠡᠬᠦ᠂ ᠬᠡᠷ ᠤᠨ ᠠᠬᠠᠮᠠᠳ ᠲᠤ ᠤᠶᠢᠯᠡᠴᠢᠯᠡᠬᠦ᠂ ᠨᠡᠶᠢᠭᠡᠮ ᠳᠤ ᠤᠶᠢᠯᠡᠴᠢᠯᠡᠬᠦ︾ ᠪᠠᠷ ᠵᠤᠷᠢᠯᠳᠠ ᠪᠤᠯᠭᠠᠨ᠂ ︽ᠬᠡᠤᠬᠡᠳ ᠢᠶᠠᠷ ᠦᠨᠳᠦᠰᠤᠯᠠᠯ ᠪᠤᠯᠭᠠᠬᠤ︾ ᠰᠤᠷᠭᠠᠨ ᠬᠦᠮᠦᠵᠢᠯ ᠤᠨ ᠦᠵᠡᠯ ᠰᠠᠨᠠᠭ᠎ᠠ ᠪᠠᠷ ᠵᠢᠭᠠᠨ ᠰᠤᠷᠭᠠᠬᠤ ᠠᠷᠭ᠎ᠠ ᠮᠠᠶ᠋ᠢᠭ ᠢᠶᠠᠨ ᠲᠠᠰᠤᠷᠠᠯᠳᠠ ᠦᠭᠡᠢ ᠦᠭᠡᠷᠡᠴᠢᠯᠡᠨ ᠠᠮᠢᠳᠤᠯᠢᠭ ᠢᠶᠠᠷ ᠠᠰᠢᠭᠯᠠᠵᠦ᠂ ᠬᠡᠤᠬᠡᠳ ᠤᠨ ᠰᠡᠳᠬᠢᠬᠦᠢ ᠶᠢ ᠬᠦᠭᠵᠢᠭᠦᠯᠵᠦ᠂ ᠬᠡᠤᠬᠡᠳ ᠤᠨ ᠦᠪᠡᠷᠮᠢᠴᠡ ᠤᠨᠴᠠᠯᠢᠭ ᠢ ᠬᠦᠢᠴᠡᠳ ᠪᠠᠳᠠᠷᠠᠭᠤᠯᠵᠦ᠂ ᠲᠡᠭᠡᠳᠦ ᠱᠠᠳᠦᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠭᠡᠷ ᠤᠨ ᠠᠬᠠᠮᠠᠳ ᠤᠨ ᠦᠨᠳᠦᠷ ᠦᠨᠡᠯᠡᠯᠳᠡ ᠶᠢ ᠤᠯᠵᠦ ᠴᠢᠳᠠᠯ᠎ᠠ᠃      ᠴᠡᠴᠡᠷᠯᠢᠭ ᠪᠤᠯ ᠬᠡᠤᠬᠡᠳ ᠤᠨ ᠦᠰᠦᠨ ᠪᠤᠶᠢᠵᠢᠬᠤ ᠦᠯᠦᠭᠡᠢ ᠮᠦᠨ᠃ ᠴᠡᠪᠡᠷ ᠲᠤᠬᠢᠯᠢᠭ ᠲᠠᠭᠠᠯᠠᠮᠵᠢᠲᠠᠢ ᠠᠮᠢᠳᠦᠷᠠᠯ ᠰᠤᠷᠤᠯᠴᠠᠯᠭ᠎ᠠ ᠶᠢᠨ ᠤᠷᠴᠢᠨ ᠲᠤᠭᠤᠷᠢᠨ ᠨᠢ ᠬᠡᠤᠬᠡᠳ ᠤᠨ ᠦᠰᠦᠨ ᠪᠤᠶᠢᠵᠢᠯᠳᠠ ᠳᠤ ᠲᠤᠩ ᠶᠡᠭᠡ ᠨᠦᠯᠦᠭᠡ ᠦᠵᠡᠭᠦᠯᠳᠡᠭ ᠠᠴᠠ ᠮᠠᠨ ᠤ ᠴᠡᠴᠡᠷᠯᠢᠭ ᠨᠢ ᠴᠡᠴᠡᠷᠯᠢᠭ ᠤᠨ ᠰᠠᠭᠤᠷᠢ ᠪᠦᠲᠦᠭᠡᠨ ᠪᠠᠶᠢᠭᠤᠯᠤᠯᠳᠠ᠂ ᠲᠤᠨᠤᠭ ᠲᠦᠭᠦᠭᠡᠷᠤᠮᠵᠢ᠂ ᠤᠷᠴᠢᠨ ᠲᠤᠭᠤᠷᠢᠨ ᠤ ᠵᠠᠰᠠᠯ ᠴᠢᠮᠡᠭᠯᠡᠯ ᠢ ᠲᠤᠩ ᠴᠢᠬᠤᠯᠠᠴᠢᠯᠠᠨ᠂ ᠠᠩᠬᠢ ᠪᠦᠷᠢ ᠳᠤ ᠴᠠᠬᠢᠯᠭᠠᠨᠵᠢᠯᠠᠭᠰᠠᠨ ᠵᠢᠭᠠᠨ ᠰᠤᠷᠭᠠᠬᠤ ᠲᠤᠨᠤᠭ ᠲᠦᠭᠦᠭᠡᠷᠤᠮᠵᠢ᠂ ᠨᠠᠭᠠᠳᠦᠮ ᠲᠤᠭᠯᠠᠭᠠᠮ ᠤᠨ ᠵᠤᠶᠢᠯᠡᠰ ᠢ ᠪᠦᠷᠢᠨᠰᠢᠭᠦᠯᠦᠭᠰᠡᠨ ᠪᠠᠶᠢᠨ᠎ᠠ᠃ ᠴᠡᠴᠡᠷᠯᠢᠭ ᠠᠴᠠ ᠬᠡᠤᠬᠡᠳ ᠤᠨ ᠨᠠᠰᠤᠨ ᠤ ᠤᠨᠴᠠᠯᠢᠭ᠂ ᠰᠡᠳᠬᠢᠬᠦᠢ ᠶᠢᠨ ᠤᠨᠴᠠᠯᠢᠭ ᠲᠤ ᠲᠤᠬᠢᠷᠠᠭᠤᠯᠤᠨ᠂ ︽ᠲᠠᠩᠰᠤᠭ ᠠᠶᠠᠯᠭᠤᠨ— ᠳᠠᠭᠤᠤ ᠬᠦᠭᠵᠢᠮ ᠤᠨ ᠵᠢᠭᠠᠨ ᠰᠤᠷᠭᠠᠯᠲᠠ ᠳᠤᠮᠳᠠᠬᠢ ᠵᠢᠷᠤᠭᠲᠤ ᠨᠤᠲ ᠶᠢᠨ ᠠᠰᠢᠭᠯᠠᠯᠲᠠ︾᠂ ︽ᠰᠤᠯᠤᠩᠭᠠᠨ ᠵᠠᠩᠬᠢᠶ᠎ᠠ — ᠴᠡᠴᠡᠷᠯᠢᠭ ᠤᠨ ᠤᠷᠠᠯᠢᠭ ᠤᠨ ᠬᠦᠷᠢᠶᠡᠨ ᠤ ᠠᠵᠢᠯᠯᠠᠭ᠎ᠠ ᠳᠤ ᠭᠦᠷᠦᠮᠡᠯ ᠤᠨ ᠦᠵᠡᠭᠦᠯᠬᠦ ᠪᠤᠳᠠᠳᠠᠢ ᠦᠢᠯᠡᠳᠦᠯ ᠤᠨ ᠰᠤᠳᠤᠯᠭᠠᠨ︾  ᠂ ︽ᠤᠶᠤᠳᠠᠯ  ᠠᠴᠠ ᠦᠪᠯᠡᠬᠦ ᠤᠬᠠᠭᠠᠨ— ᠦᠢᠯᠡ ᠤᠶᠤᠳᠠᠯ ᠢᠶᠠᠷ ᠬᠡᠤᠬᠡᠳ ᠤᠨ ᠡᠭᠦᠳᠦᠨ ᠪᠦᠲᠦᠬᠡᠬᠦ ᠴᠢᠳᠠᠪᠤᠷᠢ ᠶᠢ ᠬᠦᠭᠵᠢᠬᠦᠯᠬᠦ ᠲᠤᠬᠠᠢ ᠰᠤᠳᠤᠯᠭᠠᠨ︾ ᠬᠡᠭᠦ ᠭᠤᠷᠪᠠᠨ ᠰᠡᠳᠦᠪ ᠢᠶᠠᠷ ᠴᠡᠴᠡᠷᠯᠢᠭ ᠤᠨ ᠬᠢᠴᠢᠶᠡᠯᠯᠡᠭᠡ ᠪᠠᠨ ᠨᠡᠭᠡᠭᠡᠨ᠂ ᠤᠷᠤᠭᠰᠢᠲᠠᠢ ᠰᠠᠶᠢᠬᠠᠨ ᠶᠠᠪᠤᠭᠳᠠᠵᠦ ᠪᠠᠶᠢᠨ᠎ᠠ᠃      ᠰᠤᠷᠭᠠᠨ ᠬᠦᠮᠦᠵᠢᠯ ᠤᠨ ᠦᠭᠡᠷᠡᠴᠢᠯᠡᠯᠳᠡ ᠶᠢᠨ ᠠᠮᠵᠢᠯᠳᠠ ᠪᠠ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ  ᠶᠢᠨ ᠲᠡᠭᠡᠭᠰᠢᠯᠡᠭᠦᠯᠦᠯᠳᠠ ᠶᠢᠨ ᠵᠠᠩᠬᠢᠯᠠᠭ᠎ᠠ ᠨᠢ ᠪᠠᠭᠰᠢ ᠳᠤ ᠪᠠᠶᠢᠳᠠᠭ᠃ ᠮᠠᠨ ᠤ ᠴᠡᠴᠡᠷᠯᠢᠭ ᠤᠨ ᠪᠠᠭᠰᠢ ᠶᠢᠨ ᠡᠩᠨᠡᠭᠡ ᠨᠢ ᠦᠵᠡᠯ ᠰᠠᠨᠠᠭ᠎ᠠ᠂ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠨᠠᠷ ᠴᠢᠨᠰᠠᠭ᠎ᠠ ᠪᠠᠷ ᠦᠨᠳᠦᠷ ᠪᠠᠶᠢᠵᠦ᠂ ᠬᠡᠤᠬᠡᠳ ᠤᠨ ᠰᠤᠷᠭᠠᠨ ᠬᠦᠮᠦᠵᠢᠯ ᠳᠤ ᠦᠭᠡᠷᠡᠴᠢᠯᠡᠯᠳᠡ ᠶᠢᠨ ᠦᠵᠡᠯ ᠰᠠᠨᠠᠭ᠎ᠠ ᠶᠢ ᠴᠢᠬᠤᠯᠴᠢᠯᠠᠨ᠂ ᠵᠤᠷᠢᠭᠲᠠᠢ ᠪᠠᠷ ᠬᠠᠶᠢᠨ ᠰᠦᠪᠡᠭᠴᠢᠯᠡᠨ᠂ ᠰᠤᠳᠤᠯᠭᠠᠨ ᠤ ᠦᠷ᠎ᠡ ᠪᠦᠲᠦᠮᠵᠢ ᠶᠢ ᠢᠳᠡᠪᠬᠢᠲᠠᠢ ᠬᠡᠷᠡᠭᠯᠡᠵᠦ᠂ ᠵᠢᠭᠠᠨ ᠰᠤᠷᠭᠠᠬᠤ ᠶᠠᠰᠦ ᠴᠢᠨᠠᠷ ᠢᠶᠠᠨ ᠲᠡᠭᠡᠭᠰᠢᠯᠡᠭᠦᠯᠦᠭᠰᠡᠨ ᠠᠴᠠ ︽ᠭᠡᠷ ᠤᠨ ᠠᠬᠠᠮᠠᠳ ᠬᠠᠨᠤᠮᠵᠢᠲᠠᠢ᠂ ᠬᠡᠤᠬᠡᠳ ᠪᠠᠶᠠᠷᠯᠠᠩᠭᠤᠢ︾ ᠪᠠᠶᠢᠬᠤ ᠶᠢ ᠪᠡᠶᠡᠯᠡᠭᠦᠯᠵᠦ ᠴᠢᠳᠠᠭᠰᠠᠨ ᠪᠠᠶᠢᠨ᠎ᠠ᠃      ᠬᠦᠭᠵᠢᠯᠳᠡ ᠲᠦᠷᠭᠡᠨ᠂ ᠦᠷᠢᠰᠤᠯᠳᠦᠭᠡᠨ ᠴᠢᠩᠭ᠎ᠠ᠂ ᠴᠡᠴᠡᠷᠯᠢᠭ ᠤᠨ ᠰᠤᠷᠭᠠᠨ ᠬᠦᠮᠦᠵᠢᠯ ᠤᠨ ᠱᠠᠭᠠᠷᠳᠠᠯᠭ᠎ᠠ ᠦᠨᠳᠦᠷ ᠡᠨ᠋ᠨ ᠰᠢᠨ᠎ᠠ ᠴᠠᠭ ᠲᠤ ᠵᠡᠭᠦᠨ ᠦᠵᠦᠮᠦᠴᠢᠨ ᠬᠤᠰᠢᠭᠤᠨ ᠤ ᠦᠨᠳᠦᠰᠦᠳᠡᠨ ᠤ ᠬᠡᠤᠬᠡᠳ  ᠤᠨ ᠴᠡᠴᠡᠷᠯᠢᠭ ᠨᠢ ᠰᠢᠨᠵᠢᠯᠡᠬᠦ ᠤᠬᠠᠭᠠᠨᠴᠢ ᠬᠠᠮᠢᠶᠠᠷᠤᠯᠳᠠ᠂ ᠰᠢᠯᠢᠳᠡᠭ ᠪᠠᠭᠰᠢ ᠶᠢᠨ ᠡᠩᠨᠡᠭᠡ᠂ ᠲᠡᠷᠢᠭᠦᠨ ᠤ ᠪᠠᠭᠠᠵᠢ ᠲᠦᠬᠦᠭᠡᠷᠤᠮᠵᠢ᠂ ᠤᠬᠢ ᠰᠢᠯᠢᠳᠡᠭ ᠰᠤᠷᠭᠠᠬᠤ ᠶᠢᠨ ᠴᠢᠨᠠᠷ ᠢ ᠨᠢᠭᠡᠨ ᠪᠡᠶ᠎ᠡ ᠳᠤ ᠰᠢᠩᠭᠡᠭᠡᠵᠦ᠂ ᠦᠪᠡᠷᠮᠢᠴᠡ ᠤᠨᠴᠠᠯᠢᠭ ᠲᠠᠢ᠂ ᠲᠦᠷᠢᠮᠴᠢ ᠴᠢᠨᠠᠷ ᠲᠠᠢ ᠦᠨᠳᠦᠰᠦᠳᠡᠨ ᠤ ᠤᠳᠤᠬᠢᠴᠢᠯᠠᠭᠰᠠᠨ ᠬᠡᠤᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠬᠤ ᠪᠠᠷ ᠴᠢᠷᠮᠠᠶᠢᠵᠦ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号