ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ
ᠨᠡᠶᠢᠲᠡᠯᠡᠭᠰᠡᠨ ᠴᠠᠭ᠄
2017/4/21
     ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠪᠤᠯ 1982 ᠤᠨ ᠳᠤ ᠪᠠᠶᠢᠭᠤᠯᠤᠭᠳᠠᠭᠰᠠᠨ᠂ ᠵᠡᠭᠦᠨ ᠦᠵᠦᠮᠦᠴᠢᠨ ᠬᠤᠰᠢᠭᠤᠨ ᠤ ᠠᠩᠬᠠᠳᠠᠭᠴᠢ ᠠᠯᠪᠠᠨ ᠠᠴᠠ ᠡᠷᠬᠢᠯᠡᠭᠰᠡᠨ᠂ ᠮᠤᠩᠭᠤᠯ ᠬᠢᠳᠠᠳ ᠬᠤᠤᠰ ᠬᠡᠯᠡ ᠪᠠᠷ ᠬᠢᠴᠢᠶᠡᠯᠯᠡᠭᠰᠡᠨ ᠪᠦᠬᠦᠯᠢ ᠡᠳᠦᠷ ᠤᠨ ᠳᠦᠷᠢᠮᠳᠦ ᠴᠡᠴᠡᠷᠯᠢᠭ ᠪᠤᠯᠤᠨ᠎ᠠ᠃      ᠴᠡᠴᠡᠷᠯᠢᠭ ᠪᠠᠶᠢᠭᠤᠯᠤᠭᠳᠠᠭᠰᠠᠨ ᠠᠴᠠ ᠨᠠᠰᠢ ᠨᠠᠮ ᠤᠨ ᠬᠤᠷᠢᠶ᠎ᠠ ᠵᠠᠰᠠᠭ ᠤᠨ ᠤᠷᠳᠤᠨ ᠪᠤᠯᠤᠨ ᠨᠠᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢᠯᠠᠯ ᠪᠠ ᠬᠦᠴᠦᠳᠠᠢ ᠳᠡᠮᠵᠢᠯᠭᠡ ᠳᠤᠤᠷ᠎ᠠ᠂ ᠬᠡᠳᠦᠨ ᠦᠶ᠎ᠡ ᠶᠢᠨ ᠴᠡᠴᠡᠷᠯᠢᠭ  ᠤᠨ ᠤᠳᠤᠷᠢᠳᠤᠯᠭ᠎ᠠ ᠪᠠ ᠪᠦᠬᠦ ᠪᠠᠭᠰᠢ ᠠᠵᠢᠯᠳᠠᠳ ᠤᠨ ᠬᠠᠮᠳᠤ ᠶᠢᠨ ᠴᠢᠷᠮᠠᠶᠢᠯᠭ᠎ᠠ ᠪᠠᠷ ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠨᠢ ᠠᠭᠠᠵᠢᠮ ᠠᠭᠠᠵᠢᠮ ᠢᠶᠠᠷ ᠬᠦᠴᠦᠷᠬᠡᠭᠵᠢᠨ ᠲᠤᠮᠤᠭᠠᠵᠢᠵᠦ᠂ ᠬᠠᠮᠢᠶᠠᠷᠤᠯᠳᠠ᠂ ᠠᠰᠠᠷᠠᠨ ᠬᠦᠮᠦᠵᠢᠭᠦᠯᠬᠦ᠂ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ᠂ ᠤᠳᠤᠬᠢᠴᠢᠯᠠᠭᠰᠠᠨ ᠪᠠᠷᠢᠮᠵᠢᠶᠠᠨ ᠳᠤ ᠨᠠᠶᠢᠴᠡᠭᠰᠡᠨ ᠴᠡᠴᠡᠷᠯᠢᠭ ᠪᠤᠯᠤᠭᠰᠠᠨ ᠪᠠᠶᠢᠨ᠎ᠠ᠃      2015 ᠤᠨ ᠤ 8 ᠰᠠᠷ᠎ᠠ ᠶᠢᠨ 20 ᠤ ᠡᠳᠦᠷ᠂ ᠮᠠᠨ ᠤ ᠴᠡᠴᠡᠷᠯᠢᠭ ᠨᠢ ᠤᠳᠤᠬᠢ ᠰᠢᠨ᠎ᠡ ᠰᠠᠭᠤᠷᠢᠰᠢᠯ  ᠳᠤ ᠪᠠᠨ ᠨᠡᠭᠦᠨ ᠤᠷᠤᠵᠦ᠂ ᠴᠡᠴᠡᠷᠯᠢᠭ ᠤᠨ ᠪᠦᠬᠦᠶᠢᠯᠡ ᠡᠵᠡᠯᠡᠬᠦ ᠲᠠᠯᠠᠪᠠᠢ ᠨᠢ 12220 ᠲᠡᠭᠰᠢ ᠳᠦᠷᠪᠡᠯᠵᠢᠨ ᠮᠧᠲᠷ᠂ ᠪᠠᠷᠢᠯᠭ᠎ᠠ ᠶᠢᠨ ᠡᠵᠡᠯᠡᠬᠦ ᠲᠠᠯᠠᠪᠠᠢ ᠨᠢ 5689.46 ᠲᠡᠭᠰᠢ ᠳᠦᠷᠪᠡᠯᠵᠢᠨ ᠮᠧᠲᠷ ᠪᠠᠶᠢᠵᠦ᠂ ᠤᠷᠴᠢᠨ ᠲᠤᠭᠤᠷᠢᠨ ᠲᠠᠭᠠᠯᠠᠮᠵᠢᠲᠠᠢ᠂ ᠬᠢᠴᠢᠶᠡᠯᠯᠡᠭᠡ ᠶᠢᠨ ᠲᠠᠩᠬᠢᠮ᠂ ᠤᠨᠲᠠᠯᠭ᠎ᠠ ᠶᠢᠨ ᠦᠷᠦᠭᠡ᠂ ᠲᠠᠮᠢᠷ ᠤᠨ ᠲᠠᠰᠤᠭ᠂ ᠵᠢᠷᠭᠢᠭᠡ ᠶᠢᠨ ᠲᠠᠰᠤᠭ᠂ ᠮᠤᠩᠭᠤᠯ ᠤᠯᠠᠮᠵᠢᠯᠠᠯᠳᠤ ᠵᠠᠩ ᠦᠢᠯᠡ ᠶᠢᠨ ᠲᠠᠰᠤᠭ᠂ ᠬᠡᠤᠬᠡᠯᠳᠠᠢ ᠲᠤᠭᠯᠠᠭᠠᠮ ᠤᠨ ᠦᠷᠦᠭᠡ ᠵᠡᠷᠭᠡ ᠤᠯᠠᠨ ᠬᠡᠷᠡᠭᠴᠡᠭᠡᠳᠦ ᠬᠦᠳᠡᠯᠭᠡᠭᠡᠨ ᠤ ᠲᠠᠰᠤᠭ ᠢ ᠪᠦᠷᠢᠯᠳᠦᠭᠦᠯᠵᠦ᠂ ᠤᠳᠤᠬᠠᠨ ᠳᠤ ᠮᠠᠨ ᠤ ᠴᠡᠴᠡᠷᠯᠢᠭ ᠨᠢ  456 ᠨᠡᠷ᠎ᠡ ᠬᠡᠤᠬᠡᠳ᠂ 12 ᠠᠩᠭᠢ ᠲᠠᠢ᠂ ᠡᠭᠦᠨ ᠳᠤ 6ᠮᠤᠩᠭᠤᠯ ᠢᠶᠠᠷ ᠬᠢᠴᠢᠶᠡᠯᠯᠡᠬᠦ ᠠᠩᠭᠢ᠂ 6 ᠬᠢᠳᠠᠳ ᠢᠶᠠᠷ ᠬᠢᠴᠢᠶᠡᠯᠯᠡᠬᠦ ᠠᠩᠭᠢ ᠲᠠᠢ᠂ 62 ᠨᠡᠷ᠎ᠡ ᠪᠠᠭᠰᠢ ᠠᠵᠢᠯᠳᠠᠨ ᠲᠠᠢ᠂ ᠪᠠᠭᠰᠢᠨᠠᠷ ᠨᠢ ᠳᠦᠷᠢᠮᠵᠢᠭᠰᠡᠨ ᠲᠤᠰᠬᠠᠢ ᠮᠡᠷᠭᠡᠵᠢᠯ ᠤᠨ ᠪᠤᠯᠪᠠᠰᠤᠷᠠᠯ ᠢ ᠬᠦᠷᠳᠡᠭᠰᠡᠨ ᠪᠦᠭᠡᠳ ᠰᠤᠷᠤᠯᠭ᠎ᠠ ᠶᠢᠨ ᠨᠠᠮᠲᠠᠷ ᠤᠨ ᠬᠢᠷᠢ ᠲᠡᠩᠴᠡᠭᠰᠡᠨ ᠨᠤᠷᠮ᠎ᠠ ᠨᠢ 100 % ᠳᠤ ᠬᠦᠷᠴᠡᠢ᠃      ᠤᠯᠠᠨ ᠵᠢᠯ ᠤᠨ ᠲᠤᠷᠰᠢ᠂ ᠮᠠᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠨᠢ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ︿︿ ᠬᠡᠤᠬᠡᠳ ᠤᠨ ᠴᠡᠴᠡᠷᠯᠢᠭ ᠤᠨ ᠰᠤᠷᠭᠠᠨ ᠬᠦᠮᠦᠵᠢᠯ ᠢ ᠵᠢᠯᠤᠭᠤᠳᠬᠤ ᠬᠦᠳᠦᠯᠪᠦᠷᠢ﹀﹀᠂ ︿︿ᠴᠡᠴᠡᠷᠯᠢᠭ ᠤᠨ ᠠᠵᠢᠯ  ᠤᠨ ᠳᠦᠷᠢᠮ﹀﹀ ᠵᠢᠴᠢ ︿︿3-6 ᠨᠠᠰᠤᠨ ᠤ ᠬᠡᠤᠬᠡᠳ ᠤᠨ ᠰᠤᠷᠬᠤᠢ ᠪᠠ ᠬᠦᠭᠵᠢᠬᠦᠢ ᠶᠢᠨ ᠵᠦᠭᠯᠡᠭᠦᠷ﹀﹀ ᠢ ᠵᠢᠷᠤᠮᠯᠠᠨ᠂ ︿︿ᠬᠡᠤᠬᠡᠳ ᠢ ᠪᠠᠶᠠᠷ ᠬᠦᠷ ᠲᠠᠢ ᠲᠤᠭᠯᠠᠭᠤᠯᠵᠦ᠂ ᠠᠮᠢᠳᠤᠷᠠᠯ ᠤᠨ ᠳᠤᠮᠳᠠ ᠬᠦᠭᠵᠢᠭᠡᠵᠦ᠂ ᠬᠦᠭᠵᠢᠯᠳᠡ ᠶᠢᠨ ᠳᠤᠮᠳᠠ ᠲᠤᠮᠤᠭᠠᠵᠢᠭᠤᠯᠤᠨ᠎ᠠ﹀﹀ ᠬᠡᠬᠦ ᠪᠠᠷ ᠵᠤᠷᠢᠯᠲᠠ ᠪᠤᠯᠭᠠᠵᠦ᠂ ︿︿ᠬᠡᠤᠬᠡᠳ ᠤᠨ ᠬᠤᠵᠢᠮ ᠤᠨ ᠰᠤᠷᠤᠯᠴᠠᠯᠭ᠎ᠠ ᠳᠤᠨᠢ ᠰᠠᠭᠤᠷᠢ ᠲᠠᠯᠪᠢᠨ ᠦᠭᠴᠦ᠂ ᠪᠠᠶ᠎ᠡ ᠮᠠᠬᠠᠪᠤᠳ᠂ ᠤᠶᠤᠨ ᠤᠬᠠᠭᠠᠨ᠂ ᠶᠤᠰᠤ ᠰᠤᠷᠳᠠᠬᠤᠨ᠂ ᠭᠤᠸ᠎ᠠ ᠰᠠᠶᠢᠬᠠᠨ ᠵᠡᠷᠭᠡ ᠪᠦᠬᠦ ᠲᠠᠯ᠎ᠠ ᠪᠠᠷ ᠵᠤᠬᠢᠴᠠᠩᠭᠤᠢ ᠬᠦᠭᠵᠢᠬᠦ ᠶᠢ ᠠᠬᠢᠭᠤᠯᠬᠤ﹀﹀ ᠪᠠᠷ ᠬᠠᠷᠠᠯᠲᠠ ᠪᠠᠨ ᠪᠤᠯᠭᠠᠵᠦ ᠢᠷᠡᠭᠰᠡᠨ ᠪᠦᠭᠡᠳ ᠠᠰᠠᠷᠠᠬᠤ ᠪᠤᠯᠤᠨ ᠬᠦᠮᠦᠵᠢᠭᠦᠯᠬᠦ ᠶᠢ ᠤᠶᠠᠯᠳᠤᠭᠤᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠰᠢᠰᠲ᠋ᠧᠮᠵᠢᠯᠡᠭᠰᠡᠨ᠂ ᠳᠦᠷᠢᠮᠵᠢᠭᠦᠨ ᠶᠠᠪᠤᠭᠳᠠᠭᠤᠯᠤᠭᠰᠠᠨ ᠠᠴᠠ ᠬᠡᠤᠬᠡᠳ ᠤᠨ ᠪᠡᠶ᠎ᠡ ᠰᠡᠳᠬᠢᠴᠡ ᠡᠷᠡᠭᠦᠯ ᠢᠶᠠᠷ ᠬᠦᠭᠵᠢᠬᠦ ᠶᠢ ᠠᠬᠢᠭᠤᠯᠵᠦ᠂ ᠮᠦᠨᠴᠦ ᠮᠠᠨ ᠤ ᠴᠡᠴᠡᠷᠯᠢᠭ ᠤᠨ ᠡᠯ᠎ᠡ ᠠᠵᠢᠯ  ᠮᠠᠰᠢ ᠤᠷᠤᠭᠰᠢᠲᠠᠢ ᠶᠠᠪᠤᠭᠳᠠᠵᠦ ᠪᠠᠶᠢᠨ᠎ᠠ᠃      1995 ᠤᠨ ᠤ 5 ᠰᠠᠷ᠎ᠠ ᠳᠤ᠂ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠩᠬᠢᠮ ᠠᠴᠠ ᠤᠯᠭᠤᠭᠰᠠᠨ᠂ ︿︿ᠨᠢᠭᠡᠳᠦᠭᠡᠷ ᠲᠡᠰ ᠤᠨ  ᠬᠦᠬᠡᠭᠴᠢᠨ ᠴᠡᠴᠡᠷᠯᠢᠭ﹀﹀᠂ 2003 ᠤᠨ ᠤ 10 ᠰᠠᠷ᠎ᠠ ᠳᠤ᠂ ᠦᠪᠦᠷ ᠮᠤᠩᠭᠤᠯ ᠤᠨ ᠪᠤᠯᠪᠠᠰᠤᠨ ᠤ ᠵᠦᠪᠯᠡᠯ ᠠᠴᠠ ᠤᠯᠭᠤᠭᠰᠠᠨ ︿︿ᠤᠷᠤᠨ ᠤ ᠲᠡᠰ ᠤᠨ ᠪᠤᠯᠪᠠᠰᠤᠨ ᠨᠢᠭᠡᠴᠡ﹀﹀ ᠂ 2009 ᠤᠨ ᠳᠤ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠩᠬᠢᠮ ᠠᠴᠠ ᠤᠯᠭᠤᠭᠰᠠᠨ᠂ ︿︿ᠤᠷᠤᠨ  ᠤ ᠲᠡᠰ ᠤᠨ ᠵᠢᠱᠢᠶ᠎ᠡ ᠦᠵᠡᠭᠦᠯᠬᠦ ᠴᠡᠴᠡᠷᠯᠢᠭ﹀﹀ ᠭᠡᠬᠦ ᠰᠠᠶᠢᠬᠠᠨ ᠢᠷᠠᠭᠤ ᠠᠯᠳᠠᠷ ᠢ ᠬᠦᠷᠳᠡᠭᠰᠡᠨ ᠮᠦᠷᠳᠡᠭᠡᠨ ᠤᠷᠢᠳ ᠬᠤᠵᠢᠳ ︿︿ᠨᠤᠭᠤᠭᠠᠷᠠᠭᠤᠯᠤᠯᠳᠠ ᠶᠢᠨ ᠴᠡᠴᠡᠷᠯᠢᠭ﹀﹀᠂ ︿︿ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠱᠢᠶᠡᠴᠢ ᠰᠠᠭᠤᠷᠢᠨ ᠭᠠᠵᠠᠷ﹀﹀᠂ ︿︿ᠤᠷᠤᠨ ᠤ ᠲᠡᠰ ᠤᠨ ᠰᠢᠯᠢᠳᠡᠭ ᠴᠡᠴᠡᠷᠯᠢᠭ﹀﹀ ᠵᠡᠷᠭᠡ 30  ᠭᠠᠷᠤᠢ ᠢᠷᠡᠭᠤ ᠠᠯᠳᠠᠷ ᠢ ᠬᠦᠷᠳᠡᠭᠰᠡᠨ ᠶᠤᠮ᠃      ᠢᠷᠡᠭᠡᠳᠦᠢ ᠪᠠᠨ ᠪᠠᠷᠠᠯᠠᠬᠤᠶ᠎ᠠ᠂ ᠮᠠᠷᠭᠠᠰᠢ ᠨᠡᠩ ᠭᠡᠭᠡᠨ ᠰᠠᠷᠠᠭᠤᠯ᠂ ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠨᠢ ᠴᠠᠭ ᠦᠶ᠎ᠡ ᠪᠠᠨ ᠲᠠᠭᠠᠨ ᠤᠷᠤᠭᠰᠢᠯᠠᠵᠦ᠂ ᠨᠠᠶᠢᠭᠡᠮ ᠤᠨ ᠬᠦᠭᠵᠢᠯᠲᠡ ᠳᠤ ᠵᠤᠬᠢᠴᠠᠯᠳᠤᠭᠰᠠᠨ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠯᠢᠶᠡᠭᠰᠡᠨ᠂ ᠰᠢᠨ᠎ᠡ ᠰᠤᠷᠭᠠᠨ ᠬᠦᠮᠦᠵᠢᠯ ᠤᠨ  ᠤᠶᠢᠯᠠᠭᠠᠯᠲᠠ ᠪᠠᠷ ᠳᠠᠰᠤᠷᠠᠯᠲᠠ ᠦᠭᠡᠢ ᠤᠶᠤᠨ ᠢᠶᠠᠨ ᠵᠡᠪᠰᠡᠭᠯᠡᠭᠰᠡᠨ ᠰᠢᠯᠢᠳᠡᠭ ᠪᠠᠭᠰᠢᠨᠠᠷ ᠤᠨ ᠡᠩᠨᠡᠭᠡ ᠶᠢ ᠪᠠᠶᠢᠭᠤᠯᠵᠦ᠂ ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠤᠤᠱᠯᠠᠭᠤᠯᠤᠭᠰᠠᠨ  ᠡᠶ᠎ᠡ ᠨᠠᠶᠢᠷᠠᠮᠳᠠᠭᠤ ᠦᠨᠳᠦᠰᠦᠳᠡᠨ ᠤ ᠤᠨᠴᠠᠯᠢᠭ ᠪᠦᠬᠦᠢ ᠰᠢᠨ᠎ᠡ ᠬᠡᠯᠪᠠᠷᠢ ᠶᠢᠨ ᠬᠡᠤᠬᠡᠳ ᠤᠨ ᠴᠡᠴᠡᠷᠯᠢᠭ ᠢ ᠪᠦᠳᠦᠭᠡᠨ ᠪᠠᠶᠢᠭᠤᠯᠵᠦ᠂ ᠵᠡᠭᠦᠨ ᠦᠵᠦᠮᠦᠴᠢᠨ ᠬᠤᠰᠢᠭᠤᠨ ᠤ ᠰᠤᠷᠭᠠᠨ ᠬᠦᠮᠦᠵᠢᠯ ᠤᠨ  ᠦᠢᠯᠡᠰ ᠲᠤ ᠭᠡᠷᠡᠯ ᠰᠠᠴᠤᠷᠠᠩᠭᠤᠢ ᠬᠠᠭᠤᠳᠠᠰᠤ ᠶᠢ ᠲᠡᠮᠳᠡᠭᠯᠡᠬᠦ ᠪᠠᠷ ᠮᠡᠷᠡᠶᠢᠨ ᠴᠢᠷᠮᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号