ᠦᠪᠡᠷᠲᠡᠭᠡᠨ ᠵᠠᠰᠠᠬᠤ ᠤᠷᠤᠨ ᠤ ᠭᠠᠯ ᠰᠡᠷᠭᠡᠶᠢᠯᠡᠬᠦ ᠵᠢᠯᠤᠭᠤᠳᠬᠤ ᠭᠡᠯᠲᠡᠰ ᠤᠨ ᠳᠡᠳ᠋ ᠶᠡᠷᠤᠩᠬᠡᠢ ᠵᠢᠯᠤᠭᠤᠳᠤᠭᠴᠢ ᠸᠠᠩ ᠽᠠᠢ ᠸᠠᠩ ᠮᠠᠨ ᠤ ᠬᠤᠰᠢᠭᠤᠨ ᠳᠤ ᠢᠷᠡᠵᠦ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2017/4/25
     4 ᠰᠠᠷ᠎ᠠ ᠶᠢᠨ 12᠎ ᠠᠴᠠ 13᠎ ᠤ ᠡᠳᠦᠷ ᠬᠦᠷᠲᠡᠯ᠎ᠠ᠂ ᠦᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠲᠢᠩᠬᠢᠮ ᠤᠨ ᠨᠠᠮ ᠤᠨ ᠳᠤᠭᠤᠶᠢᠯᠠᠩ ᠤᠨ ᠭᠡᠰᠢᠭᠦᠨ᠂ ᠭᠠᠯ ᠰᠡᠷᠭᠡᠶᠢᠯᠡᠬᠦ ᠵᠢᠯᠤᠭᠤᠳᠬᠤ ᠭᠡᠯᠲᠡᠰ ᠤᠨ ᠳᠡᠳ᠋ ᠶᠡᠷᠤᠩᠬᠡᠢ ᠵᠢᠯᠤᠭᠤᠳᠤᠭᠴᠢ ᠸᠠᠩ ᠽᠠᠢ ᠸᠠᠩ  ᠂ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ ᠤᠨ ᠡᠷᠬᠢᠯᠡᠭᠴᠢ ᠯᠢ ᠭᠦᠸᠧ  ᠵᠢᠶᠦ᠋ᠨ᠂ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠠᠷᠤᠭ᠎ᠠ ᠠᠯᠳᠠᠷᠲᠤ᠂ ᠠᠶᠢᠮᠠᠭ ᠤᠨ ᠭᠠᠯ ᠰᠡᠷᠭᠡᠶᠢᠯᠡᠬᠦ ᠠᠯᠪᠠᠨ ᠭᠡᠷ ᠤᠨ ᠡᠷᠬᠢᠯᠡᠭᠴᠢ ᠪᠠᠢ ᠸᠧᠨ ᠹᠦ᠋᠂ ᠠᠶᠢᠮᠠᠭ ᠤᠨ ᠤᠢ ᠰᠢᠭᠤᠢ ᠶᠢᠨ ᠲᠤᠪᠴᠢᠶᠠᠨ ᠳᠠᠷᠤᠭ᠎ᠠ ᠵᠠᠩ ᠪᠤᠤ ᠸᠧᠨ ᠨᠠᠷ ᠬᠤᠰᠢᠭᠤ ᠨᠠᠮ ᠤᠨ ᠬᠤᠷᠢᠶᠠᠨ ᠤ ᠱᠦᠵᠢ ᠬᠡᠰᠢᠭᠪᠦ᠋ᠷᠢᠨ᠂ ᠬᠤᠰᠢᠭᠤ ᠳᠠᠷᠤᠭ᠎ᠠ ᠪᠦᠬᠡᠴᠢᠯᠠᠭᠤ᠂ ᠵᠤᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ ᠬᠠᠰᠪᠠᠭᠠᠲᠤᠷ ᠵᠡᠷᠭᠡ ᠤᠳᠤᠷᠢᠳᠤᠯᠭ᠎ᠠ ᠲᠠᠢ ᠬᠠᠮᠲᠤ ᠬᠤᠰᠢᠭᠤ ᠭᠠᠯ ᠰᠡᠷᠭᠡᠶᠢᠯᠡᠬᠦ ᠵᠢᠯᠤᠭᠤᠳᠬᠤ ᠭᠠᠵᠠᠷ ᠬᠦᠷᠴᠦ ᠲᠠᠯ᠎ᠠ ᠨᠤᠲᠤᠭ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠤᠭᠰᠠᠨ ᠪᠠᠶᠢᠨ᠎ᠠ  ᠃      ᠸᠠᠩ ᠽᠠᠢ ᠸᠠᠩ ᠲᠢᠩᠬᠢᠮ ᠤᠨ ᠲᠠᠷᠤᠭ᠎ᠠ ᠠᠴᠠ  ᠄ ᠣᠳᠣ ᠪᠤᠯ ᠶᠠᠭ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠬᠤᠰᠢᠭᠤ ᠭᠠᠯ ᠰᠡᠷᠭᠡᠶᠢᠯᠡᠬᠦ ᠵᠢᠯᠤᠭᠤᠳᠬᠤ ᠭᠡᠯᠲᠡᠰ ᠨᠢ ᠤᠳᠤᠬᠠᠨ ᠤ ᠭᠠᠯ ᠰᠡᠷᠭᠡᠶᠢᠯᠡᠬᠦ ᠠᠵᠢᠯ ᠤᠨ ᠬᠦᠨᠳᠦ ᠴᠢᠬᠤᠯᠠ ᠴᠢᠨᠠᠷ ᠢ ᠭᠦᠢᠴᠡᠳ ᠲᠠᠨᠢᠵᠤ᠂  ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠂ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠵᠤ᠂ ᠭᠠᠯ  ᠲᠦᠢᠮᠡᠷ ᠡᠭᠦᠰᠬᠦ ᠨᠤᠷᠮ᠎ᠠ ᠪᠠ ᠬᠤᠬᠢᠷᠠᠯ ᠢ ᠬᠠᠮᠤᠭ ᠪᠠᠭ᠎ᠠ ᠬᠡᠮᠵᠢᠶᠡᠨ ᠳᠤ ᠬᠦᠷᠲᠡᠯ᠎ᠠ ᠪᠠᠭᠠᠰᠬᠠᠬᠤ ᠬᠡᠷᠡᠭᠲᠡᠢ ᠭᠡᠵᠤ ᠵᠢᠭᠠᠪᠤᠷᠢᠯᠠᠭᠰᠠ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠭᠠᠯ ᠰᠡᠷᠭᠡᠶᠢᠯᠡᠬᠦ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号