ᠤᠷᠢᠶᠠᠩᠬᠠᠨ ᠤ᠂ ᠶᠤᠨᠳᠤᠨ | | | ᠤᠯᠠᠮᠵᠢᠯᠠᠯᠳᠤ ᠨᠠᠶᠢᠳᠠ ᠶᠢᠨ ᠭᠠᠯ ᠲᠠᠬᠢᠯᠭ᠎ᠠ ᠶᠢᠨ ᠲᠤᠬᠠᠢ ᠰᠢᠨᠵᠢᠯᠡᠨ ᠦᠭᠦᠯᠡᠬᠦ ᠨᠢ | | ᠨᠢᠭᠡ ᠭᠠᠯ ᠲᠠᠬᠢᠯᠭ᠎ᠠ ᠶᠢᠨ ᠶᠡᠷᠦᠩᠬᠡᠢ ᠤᠶᠢᠯᠠᠭᠠᠭᠳᠠᠬᠤᠨ | ᠭᠠᠯ ᠲᠠᠬᠢᠯᠭ᠎ᠠ ᠪᠤᠯ ᠬᠦᠮᠦᠨ ᠲᠦᠷᠦᠯᠬᠢᠳᠡᠨ ᠠᠯᠢ ᠡᠷᠳᠡ ᠠᠴᠠ ᠰᠢᠳᠦᠨ ᠪᠢᠰᠢᠷᠡᠵᠦ᠂ ᠢᠮᠠᠭᠳᠠ | ᠠᠰᠢᠭᠯᠠᠭᠰᠠᠭᠠᠷ ᠢᠷᠡᠭᠰᠡᠨ ᠢᠵᠠᠭᠤᠷ ᠰᠢᠳᠦᠯᠭᠡ ᠲᠠᠬᠢᠯᠭ᠎ᠠ ᠶᠢᠨ ᠨᠢᠭᠡ ᠪᠤᠯᠤᠨ᠎ᠠ᠃ ᠲᠡᠤᠬᠡ ᠲᠡᠮᠳᠡᠭᠯᠡᠯ ᠢ | ᠦᠨᠳᠦᠰᠦᠯᠡᠪᠡᠯ ᠮᠤᠩᠭᠤᠯᠴᠦᠳ ᠤᠨ ᠡᠪᠦᠭᠡ ᠲᠡᠭᠡᠳᠦᠰ ᠴᠤ ᠭᠠᠯ ᠢ ᠡᠷᠳᠡ ᠢᠵᠠᠭᠤᠷ ᠠᠴᠠ ᠲᠠᠨᠢᠨ ᠠᠰᠢᠭᠯᠠᠵᠦ᠂ | ᠪᠢᠰᠢᠷᠡᠨ ᠰᠢᠳᠦᠵᠦ ᠡᠬᠢᠯᠡᠭᠰᠡᠨ ᠢᠶᠠᠷ ᠭᠠᠯ ᠢ ᠲᠦᠢᠯ ᠤᠨ ᠡᠷᠬᠢᠮ ᠲᠡᠭᠡᠳᠦ ᠷᠢᠳᠢ ᠰᠢᠳᠢ ᠲᠠᠢ ᠶᠠᠭᠤᠮ᠎ᠠ ᠪᠠᠷ | ᠦᠵᠡᠵᠦ᠂ ᠠᠷᠢᠭᠤᠨ ᠴᠢᠨᠠᠷ ᠲᠠᠢ᠂ ᠢᠯᠴᠢ ᠪᠠ ᠭᠡᠷᠡᠯ ᠢ ᠠᠪᠴᠢᠷᠠᠭᠴᠢ ᠰᠠᠬᠢᠭᠤᠰᠤ ᠪᠤᠯᠭᠠᠵᠦ ᠪᠠᠶᠢᠵᠠᠢ᠃ | ᠮᠤᠩᠭᠤᠯᠴᠦᠳ ᠭᠠᠯ ᠭᠤᠯᠤᠮᠳᠠ ᠪᠠᠨ ᠠᠶᠢᠯ ᠡᠷᠦᠬᠡ ᠶᠢᠨ ᠰᠦᠷ ᠰᠦᠯᠳᠡ ᠪᠠᠷ ᠦᠵᠡᠳᠡᠭ ᠢᠶᠠᠷ ᠦᠯᠦ ᠪᠠᠷᠠᠮ | ᠡᠷᠦᠬᠡ ᠶᠢᠨ ᠡᠵᠡᠨ ᠤ ᠦᠷ᠎ᠡ ᠬᠤᠶᠢᠴᠢᠰ ᠢᠶᠠᠨ ︽ᠭᠤᠯᠤᠮᠳᠠ ᠶᠢᠨ ᠡᠵᠡᠨ︾ ᠪᠤᠯᠭᠠᠳᠠᠭ ᠤᠴᠢᠷ ᠠᠴᠠ ᠦᠨᠳᠦᠰᠦ | ᠵᠠᠯᠭᠠᠮᠵᠢᠯᠠᠬᠤ ᠦᠷ᠎ᠡ ᠬᠡᠤᠬᠡᠳ ᠦᠭᠡᠢ ᠪᠤᠯ ︽ᠭᠠᠯ ᠭᠤᠯᠤᠮᠳᠠ ᠲᠠᠰᠤᠷᠠᠬᠤ ᠶᠤᠮ ᠪᠠᠶᠢᠨ᠎ᠠ︾ ᠭᠡᠵᠦ ᠰᠠᠨᠠᠭ᠎ᠠ | ᠵᠤᠪᠠᠳᠠᠭ᠃ ᠡᠶᠢᠮᠦ ᠠᠴᠠ ᠮᠤᠩᠭᠤᠯᠴᠦᠳ ᠠᠽᠢᠶ᠎ᠠ ᠶᠢᠨ ᠠᠯᠢ ᠴᠤ ᠶᠠᠰᠤᠳᠠᠨ ᠠᠴᠠ ᠤᠨᠴᠤᠭᠤᠢ ᠭᠠᠯ | ᠭᠤᠯᠤᠮᠳᠠ ᠪᠠᠨ ᠡᠷᠬᠢᠮᠯᠡᠨ ᠬᠦᠨᠳᠦᠳᠭᠡᠵᠦ ᠰᠢᠳᠦᠵᠦ ᠲᠠᠬᠢᠭᠰᠠᠭᠠᠷ ᠢᠷᠡᠵᠡᠢ᠃ ᠮᠤᠩᠭᠤᠯᠴᠦᠳ ᠤᠨ ᠭᠠᠯ | ᠲᠠᠬᠢᠯᠭ᠎ᠠ ᠶᠢᠨ ᠶᠤᠰᠤᠨ 13 ᠳ᠋ᠤᠭᠠᠷ ᠵᠠᠭᠤᠨ ᠤ ᠦᠶ᠎ᠡ ᠳᠤ ᠪᠤᠢ ᠪᠤᠯᠵᠠᠢ᠃ | ᠮᠤᠩᠭᠤᠯᠴᠤᠳ ᠤᠨ ᠭᠠᠯ ᠳᠠᠬᠢᠯᠭ᠎ᠠ ᠪᠤᠯ ᠮᠤᠩᠭᠤᠯ ᠤᠨ ᠢᠵᠠᠭᠤᠷ ᠱᠠᠰᠢᠨ ᠪᠤᠯᠬᠤ ᠪᠦᠭᠡ ᠮᠦᠷᠭᠦᠯ ᠤᠨ | ᠲᠡᠭᠷᠢ ᠭᠠᠵᠠᠷ ᠭᠠᠯ ᠵᠡᠷᠭᠡ ᠭᠤᠷᠪᠠᠨ ᠭᠤᠤᠯ ᠰᠢᠳᠦᠯᠭᠡ ᠠᠴᠠ ᠡᠭᠦᠰᠴᠦ ᠤᠯᠠᠷᠢᠵᠦ ᠢᠷᠡᠭᠰᠡᠨ ᠡᠷᠳᠡᠨ ᠤ ᠵᠠᠩ | ᠦᠢᠯᠡ ᠶᠢᠨ ᠨᠢᠭᠡ ᠵᠦᠢᠯ ᠤᠨ ᠬᠡᠯᠪᠡᠷᠢ ᠪᠤᠯᠤᠨ᠎ᠠ᠂ ᠲᠡᠭᠡᠪᠡᠯ ᠡᠷᠳᠡ ᠦᠶ᠎ᠡ ᠭᠠᠯ ᠢ ᠳᠡᠭᠡᠳᠦᠯᠡᠳᠡᠭ ᠤᠨ ᠤᠴᠢᠷ ᠪᠤᠯ | ᠭᠠᠯ ᠨᠢ ᠱᠠᠯᠳᠠᠩ ᠨᠢᠴᠦᠭᠦᠨ ᠪᠠᠶᠢᠭᠰᠠᠨ ᠲᠡᠷᠡ ᠦᠶ᠎ᠡ ᠶᠢᠨ ᠬᠦᠮᠦᠰ ᠲᠤ ᠲᠤᠯᠠᠭᠠᠯᠠᠨ ᠢᠯᠴᠢ ᠬᠦᠷᠭᠡᠵᠦ᠂ | ᠦᠷᠡᠵᠢᠨ ᠲᠦᠯᠵᠢᠬᠦ᠂ ᠬᠤᠭᠤᠯᠠ ᠢᠳᠡᠰᠢ ᠶᠢ ᠨᠢ ᠪᠤᠯᠭᠤᠬᠤ᠂ ᠬᠦᠢᠳᠡᠨ ᠨᠦᠢᠳᠡᠨ ᠠᠴᠠ ᠭᠡᠳᠦᠯᠭᠡᠬᠦ ᠵᠡᠷᠭᠡ | ᠠᠮᠢᠳᠤᠷᠠᠯ ᠤᠨ ᠰᠠᠯᠵᠦ ᠪᠤᠯᠤᠰᠢ ᠦᠭᠡᠢ ᠦᠨᠳᠤᠰᠦᠨ ᠬᠡᠷᠡᠭᠴᠡᠭᠡ ᠶᠢ ᠬᠠᠩᠭᠠᠨ ᠢᠪᠡᠭᠡᠳᠡᠭ ᠢᠶᠠᠷ ᠬᠦᠨᠳᠦᠳᠭᠡᠭᠳᠡᠨ | ᠦᠵᠡᠭᠳᠡᠬᠦ ᠪᠤᠯᠵᠦ᠂ ᠠᠭᠠᠵᠢᠮ ᠳᠠᠭᠠᠨ ᠰᠠᠬᠢᠭᠤᠯᠰᠤᠨᠴᠢᠯᠠᠨ ᠲᠡᠭᠷᠢ ᠠᠴᠠ ᠭᠠᠯ ᠤᠨ ᠬᠠᠭᠠᠨ ᠢᠷᠡᠵᠦ ᠢᠪᠡᠭᠡᠨ | ᠲᠡᠳᠭᠦᠵᠦ ᠪᠠᠶᠢᠬᠤ ᠤᠶᠤᠨ ᠰᠠᠨᠠᠭᠠᠨ ᠤ ᠬᠦᠴᠦᠨ ᠪᠤᠯᠤᠨ ᠪᠦᠷᠢᠯᠳᠦᠭᠡᠳ᠂ ︿︿ᠭᠠᠯᠠᠶᠢᠬᠠᠨ ᠡᠬᠡ﹀﹀ ᠪᠤᠶᠤ ︿︿ | ᠭᠠᠯᠢᠬᠠᠨ ᠡᠬᠡ﹀﹀ ᠪᠤᠯᠤᠨ ᠰᠢᠳᠦᠭᠳᠡᠭᠰᠡᠨ ᠪᠠᠶᠢᠨ᠎ᠠ᠂ ᠵᠡᠷᠢᠮ ᠭᠠᠯ ᠤᠨ ᠰᠠᠩ ᠤᠨ ᠰᠤᠳᠤᠷ ᠲᠤ ︿︿ᠴᠠᠭᠠᠳᠠᠢ | ᠪᠦᠭᠡ ᠶᠢᠨ ᠴᠠᠬᠢᠭᠰᠠᠨ \ ᠴᠡᠩᠭᠡᠨ ᠢᠳᠤᠭᠠᠨ ᠤ ᠦᠯᠢᠶᠡᠭᠰᠡᠨ \ ᠲᠤᠷᠭᠠᠨ ᠴᠢᠷᠠᠶᠢᠳᠦ \ ᠲᠤᠰᠤᠨ ᠠᠮᠢᠳᠦ \ | ᠦᠷᠭᠡᠨ ᠴᠢᠷᠠᠶᠢᠳᠦ \ ᠦᠭᠡᠬᠦᠨ ᠠᠮᠢᠳᠦ \ ᠭᠠᠯ ᠭᠠᠯᠠᠶᠢᠬᠠᠨ ᠡᠬᠡ ᠳᠡᠭᠡᠨ﹀﹀ ᠭᠡᠵᠦ ᠳᠠᠮᠳᠡᠭᠯᠡᠵᠦ ᠪᠠᠶᠢᠳᠠᠭ᠂ ᠪᠦᠭᠡ | ᠬᠤᠨᠳᠤᠨ ᠨᠠᠷ ᠤᠨ ᠠᠮᠠ ᠪᠠᠷ ᠤᠯᠠᠮᠵᠢᠯᠠᠳᠠᠭ ᠡᠨᠡᠬᠦ ᠰᠢᠳᠦᠯᠭᠡ ᠨᠢ ᠪᠠᠷᠤᠭ ᠡᠬᠡᠴᠢᠯᠡᠯ ᠤᠨ ᠨᠡᠶᠢᠭᠡᠮ ᠤᠨ ᠦᠶ᠎ᠡ ᠳᠤ | ᠪᠤᠢ ᠪᠤᠯᠤᠭᠰᠠᠨ ᠰᠢᠭ᠋ ᠠᠵᠢᠭᠯᠠᠭᠳᠠᠬᠤ ᠪᠦᠭᠡᠳ ᠬᠦᠮᠦᠰ ᠭᠠᠯ ᠤᠨ ᠦᠩᠰᠢᠭ ᠲᠤᠯᠠᠭᠠᠨ ᠢᠯᠴᠢ ᠪᠠᠨ ᠡᠬᠡ ᠶᠢᠨ | ᠬᠡᠪᠡᠯᠢ ᠪᠠᠷ ᠵᠦᠢᠷᠯᠡᠨ ︿︿ᠭᠠᠯ ᠤᠨ ᠬᠠᠭᠠᠨ ᠡᠬᠡ﹀﹀᠂ ︿︿ᠤᠳᠬᠤᠨ ᠭᠠᠯᠠᠶᠢᠬᠠᠨ ᠡᠬᠡ﹀﹀ ᠪᠤᠯᠭᠠᠨ ᠰᠢᠳᠦᠭᠰᠡᠨ | ᠪᠠᠶᠢᠵᠦ ᠳᠠᠭᠠᠷᠠᠨ᠎ᠠ᠃ ᠡᠶᠢᠮᠦ ᠪᠠᠷ ᠭᠠᠯ ᠤᠨ ᠪᠤᠷᠬᠠᠨ ᠨᠢ ᠡᠮᠡᠭᠳᠡᠢ ᠬᠦᠮᠦᠨ ᠤ ᠪᠦᠷᠢᠯᠸ᠎ᠠ ᠪᠠᠷ ᠬᠦᠷᠦᠭᠯᠡᠭᠳᠡᠨ | ᠳᠠᠬᠢᠭᠳᠠᠵᠦ ᠪᠠᠶᠢᠳᠠᠭ ᠶᠤᠮ᠃ ᠡᠨᠡ ᠪᠤᠯ ᠭᠠᠯ ᠲᠠᠬᠢᠯᠭ᠎ᠠ ᠶᠢᠨ ᠡᠷᠳᠡᠨ ᠤ ᠡᠭᠦᠰᠦᠯ ᠦᠶ᠎ᠡ ᠪᠤᠯᠤᠨ᠎ᠠ᠃ | ᠤᠷᠴᠢᠨ ᠦᠶ᠎ᠡ ᠳᠤ ᠲᠠᠷᠤᠢ 13 ᠳ᠋ᠤᠭᠠᠷ ᠵᠠᠭᠤᠨ ᠤ ᠮᠤᠩᠭᠤᠯ ᠤᠨ ᠶᠡᠭᠡ ᠨᠢᠭᠡᠳᠦᠯ ᠤᠨ ᠦᠶ᠎ᠡ ᠳᠤ ᠪᠤᠭᠳᠠ | ᠴᠢᠩᠭᠢᠰ ᠬᠠᠭᠠᠨ ᠮᠤᠩᠭᠤᠯ ᠦᠨᠳᠦᠰᠦᠳᠡᠨ ᠤ ᠪᠦᠷᠢᠯᠳᠦᠯ ᠢ ᠡᠭᠦᠰᠭᠡᠨ ᠴᠤᠭᠴᠠᠯᠠᠵᠦ ᠬᠦᠴᠦᠷᠬᠡᠭᠵᠢᠭᠦᠯᠦᠨ | ᠪᠠᠶᠢᠭᠤᠯᠤᠭᠰᠠᠨ ᠢᠶᠠᠷ ᠮᠤᠩᠭᠤᠯ ᠤᠨ ᠶᠡᠭᠡ ᠭᠠᠯ ᠭᠤᠯᠤᠮᠳᠠ ᠶᠢ ᠲᠡᠷᠡ ︿︿ᠴᠠᠬᠢᠨ﹀﹀ ᠲᠦᠷᠡᠯᠵᠡᠭᠦᠯᠦᠭᠰᠡᠨ ᠠᠭᠤᠤ | ᠬᠦᠮᠦᠨ ᠪᠤᠯᠤᠭᠰᠠᠨ ᠶᠤᠮ᠂ ᠡᠶᠢᠮᠦ ᠠᠴᠠ ᠮᠤᠩᠭᠤᠯᠴᠤᠳ ᠤᠨ ᠡᠯ᠎ᠡ ᠵᠦᠢᠯ ᠤᠨ ︿︿ᠭᠠᠯ ᠤᠨ ᠳᠠᠬᠢᠯᠭ᠎ᠠ ᠶᠢᠨ ᠰᠠᠩ﹀ | ﹀ ᠤᠳ ᠲᠤ ᠤᠯᠠᠩᠬᠢ ᠳᠠᠭᠠᠨ ︿︿ᠰᠤᠳᠦ ᠪᠤᠭᠳᠠ ᠶᠢᠨ ᠴᠠᠬᠢᠭᠰᠠᠨ᠂ ᠰᠤᠳᠠᠢ ᠬᠠᠳᠤᠨ ᠡᠬᠡ ᠶᠢᠨ ᠦᠯᠢᠶᠡᠭᠰᠡᠨ﹀﹀᠂ | ︿︿ᠡᠵᠡᠨ ᠪᠤᠭᠳᠠ ᠶᠢᠨ ᠴᠠᠬᠢᠭᠰᠠᠨ᠂ ᠡᠰᠢ ᠬᠠᠳᠤᠨ ᠤ ᠬᠠᠳᠠᠭᠠᠯᠠᠭᠰᠠᠨ﹀﹀ ᠭᠡᠵᠦ ᠭᠠᠷᠳᠠᠭ ᠨᠢ ᠴᠢᠩᠭᠢᠰ ᠬᠠᠭᠠᠨ | ᠪᠤᠶᠤ ᠪᠦᠷᠳᠡ ᠬᠠᠳᠤᠨ ᠮᠤᠩᠭᠤᠯ ᠤᠨ ᠭᠠᠯ ᠳᠠᠬᠢᠯᠭ᠎ᠠ ᠶᠢᠨ ᠡᠵᠡᠨ ᠪᠤᠯᠤᠭᠰᠠᠨ ᠢ ᠲᠡᠤᠬᠡ ᠶᠤᠰᠤᠭᠠᠷ ᠬᠠᠷᠠᠭᠤᠯᠵᠦ | ᠪᠠᠶᠢᠨ᠎ᠠ᠃ ᠲᠡᠭᠡᠷᠡᠬᠢ ᠰᠤᠳᠤᠯᠭᠠᠨ ᠠᠴᠠ ᠨᠡᠭᠦᠳᠡᠯᠴᠢᠳ ᠤᠨ ᠭᠠᠯ ᠲᠠᠬᠢᠯᠭ᠎ᠠ ᠶᠢᠨ ᠡᠭᠦᠰᠦᠯ ᠨᠢ ᠶᠡᠭᠡ ᠡᠷᠳᠡᠨ ᠤ | ᠢᠵᠠᠭᠤᠷ ᠰᠢᠳᠦᠯᠭᠡ ᠶᠢᠨ ᠨᠢᠭᠡ ᠪᠠᠶᠢᠵᠦ᠂ ᠪᠦᠬᠡ ᠮᠦᠷᠭᠦᠯ ᠤᠨ ᠰᠢᠳᠦᠯᠭᠡ ᠠᠴᠠ ᠡᠭᠦᠰᠦᠨ ᠬᠦᠭᠵᠢᠵᠦ ᠢᠷᠡᠭᠰᠡᠨ ᠢ | ᠲᠤᠲᠤᠷᠬᠠᠶᠢᠯᠠᠬᠤ ᠪᠦᠭᠡᠳ ᠤᠷᠴᠢᠨ ᠦᠶ᠎ᠡ ᠳᠤ ᠴᠢᠩᠭᠢᠰ ᠬᠠᠭᠠᠨ ᠮᠤᠩᠭᠤᠯ ᠦᠨᠳᠦᠰᠦᠳᠡᠨ ᠤ ᠭᠠᠯ ᠲᠠᠬᠢᠯᠭ᠎ᠠ ᠶᠢ | ᠡᠭᠦᠰᠭᠡᠨ ᠶᠡᠷᠦᠩᠬᠡᠶᠢᠯᠡᠵᠦ᠂ ᠭᠠᠯ ᠲᠠᠬᠢᠯᠭ᠎ᠠ ᠶᠢᠨ ᠶᠤᠰᠤᠨ ᠢ ᠰᠢᠰᠲ᠋ᠧᠮ ᠲᠠᠢ ᠪᠦᠳᠦᠭᠡᠵᠡᠢ᠃ ᠡᠶᠢᠮᠦ ᠠᠴᠠ ᠴᠢᠩᠭᠢᠰ | ᠬᠠᠭᠠᠨ ᠤ ᠭᠠᠯ ᠲᠠᠬᠢᠯᠭ᠎ᠠ ᠪᠤᠯ ᠮᠤᠩᠭᠤᠯ ᠨᠢ ᠨᠢᠭᠡ ᠦᠨᠳᠦᠰᠦᠳᠡᠨ ᠪᠤᠯᠤᠨ ᠪᠦᠷᠢᠯᠳᠦᠵᠦ ᠬᠦᠭᠵᠢᠭᠰᠡᠨ ᠤ ᠪᠡᠯᠭᠡ | ᠲᠡᠮᠳᠡᠭ ᠪᠤᠯᠬᠤ ᠪᠦᠭᠡᠳ ᠮᠤᠩᠭᠤᠯᠴᠦᠳ ᠤᠨ ᠨᠡᠶᠢᠳᠡ ᠶᠢᠨ ᠭᠠᠯ ᠭᠤᠯᠤᠮᠳᠠ ᠶᠢᠨ ᠲᠠᠬᠢᠯᠭ᠎ᠠ ᠡᠭᠦᠰᠦᠭᠰᠡᠨ ᠤ ᠭᠤᠤᠯ | ᠰᠢᠯᠳᠠᠭᠠᠨ ᠭᠡᠳᠡᠭ ᠢ ᠲᠤᠰᠬᠠᠬᠤ ᠶᠢᠨ ᠬᠠᠮᠳᠤ ᠪᠤᠷᠵᠢᠭᠢᠨ ᠤᠪᠤᠭᠳᠠᠳ ᠤᠨ ᠤᠳᠤᠮ ᠤᠭᠰᠠᠭ᠎ᠠ ᠶᠢᠨ ᠬᠤᠪᠢ ᠶᠢᠨ | ᠭᠠᠯ ᠲᠠᠬᠢᠯᠭ᠎ᠠ ᠪᠢᠰᠢ ᠭᠡᠳᠡᠭ ᠢ ᠬᠠᠷᠠᠭᠤᠯᠤᠨ᠎ᠠ᠃ ᠡᠨᠡᠬᠦ ᠨᠡᠶᠢᠳᠡ ᠮᠤᠩᠭᠤᠯ ᠤᠨ ᠭᠠᠯ ᠲᠠᠬᠢᠯᠭ᠎ᠠ ᠨᠢ ᠴᠢᠩᠭᠢᠰ | ᠬᠠᠭᠠᠨ ᠤ ᠶᠡᠷᠦᠩᠬᠡᠢ ᠲᠠᠬᠢᠯᠭ᠎ᠠ ᠶᠢᠨ ᠴᠢᠬᠤᠯᠠ ᠨᠢᠭᠡᠨ ᠠᠭᠤᠯᠭ᠎ᠠ ᠪᠤᠯᠵᠦ᠂ ᠮᠤᠩᠭᠤᠯᠴᠦᠳ ᠤᠨ ᠵᠢᠯ ᠪᠦᠷᠢ ᠶᠢᠨ | ᠯᠡ ᠰᠠᠷ᠎ᠠ ᠶᠢᠨ ᠬᠤᠷᠢᠨ ᠭᠤᠷᠪᠠᠨ ᠤ ᠶᠡᠭᠡ ᠲᠠᠬᠢᠯᠭ᠎ᠠ ᠪᠤᠯᠵᠦ ᠪᠦᠷᠢᠯᠳᠦᠨ ᠬᠦᠭᠵᠢᠭᠰᠡᠨ ᠪᠠᠶᠢᠨ᠎ᠠ᠃ | ᠤᠳᠤ ᠦᠶ᠎ᠡ ᠶᠢᠨ ᠲᠡᠤᠬᠡ ᠰᠤᠳᠤᠯᠤᠯ ᠢ ᠦᠨᠳᠦᠰᠦᠯᠡᠪᠡᠯ᠂ ᠪᠦᠷᠢᠨᠳᠡᠭᠦᠰ ᠨᠠᠷ ᠤᠨ ᠨᠠᠶᠢᠷᠠᠭᠤᠯᠤᠭᠰᠠᠨ ︽ᠮᠤᠩᠭᠤᠯ | ᠵᠠᠩ ᠦᠢᠯᠡ ᠶᠢᠨ ᠨᠡᠪᠳᠡᠷᠬᠡᠢ ᠲᠤᠯᠢ︾ ᠤᠨ ᠤᠶᠤᠨ ᠤ ᠪᠤᠳᠢ ᠲᠤ᠄ | ︽ᠮᠤᠩᠭᠤᠯᠴᠦᠳ ᠤᠨ ᠭᠠᠯ ᠲᠠᠬᠢᠯᠭ᠎ᠠ ᠳᠤ ᠠᠶᠢᠯ ᠡᠷᠦᠬᠡ ᠶᠢᠨ ᠲᠠᠬᠢᠯᠭ᠎ᠠ᠂ ᠠᠯᠪᠠᠨ ᠲᠠᠬᠢᠯᠭ᠎ᠠ᠂ ᠰᠦᠮ᠎ᠡ | ᠬᠡᠶᠢᠳ ᠤᠨ ᠲᠠᠬᠢᠯᠭ᠎ᠠ ᠭᠡᠬᠦ ᠭᠤᠷᠪᠠᠨ ᠵᠦᠢᠯ ᠪᠠᠶᠢᠳᠠᠭ︾ ᠭᠡᠵᠦ ᠠᠩᠭᠢᠯᠠᠭᠰᠠᠨ ᠪᠦᠭᠡᠳ ᠠᠯᠪᠠᠨ ᠭᠠᠯ | ᠲᠠᠬᠢᠯᠭ᠎ᠠ ᠶᠢᠨ ᠲᠤᠬᠠᠢ ︽ᠭᠠᠯ ᠲᠠᠬᠢᠬᠤ ᠪᠦᠬᠦᠶᠢᠯᠡ ᠦᠢᠯᠡ ᠶᠢ ᠲᠦᠷᠦ ᠠᠴᠠ ᠪᠡᠯᠡᠳᠭᠡᠵᠦ ᠲᠠᠬᠢᠳᠠᠭ ᠲᠠᠬᠢᠯᠭ᠎ᠠ᠃ | ᠡᠭᠦᠨ ᠢ ᠪᠠᠰᠠ ᠲᠦᠷᠦ ᠶᠢᠨ ᠭᠠᠯ ᠲᠠᠬᠢᠯᠭ᠎ᠠ ᠭᠡᠳᠡᠭ᠃ ᠡᠶᠢᠮᠦ ᠲᠠᠬᠢᠯᠭ᠎ᠠ ᠶᠢ ᠮᠤᠩᠭᠤᠯ ᠬᠠᠭᠠᠨᠳᠤ ᠲᠦᠷᠦ ᠶᠢᠨ | ᠦᠶ᠎ᠡ ᠳᠤ ᠲᠤᠭᠳᠠᠭᠠᠵᠦ ᠬᠡᠳᠦᠨ ᠵᠠᠭᠤᠨ ᠤᠨ ᠢᠶᠠᠷ ᠤᠯᠠᠮᠵᠢᠯᠠᠵᠦ ᠢᠷᠡᠭᠰᠡᠨ ᠴᠢᠩᠭᠢᠰ ᠤᠨ ᠨᠶᠢᠮᠠᠨ ᠴᠠᠭᠠᠨ | ᠤᠷᠳᠤᠨ ᠤ ᠭᠤᠯᠤᠮᠳᠠ ᠶᠢᠨ ᠲᠠᠬᠢᠯᠭ᠎ᠠ᠂ ᠪᠦᠬᠡ ᠪᠡᠯᠭᠦᠳᠡᠢ᠂ ᠬᠠᠪᠤᠳᠤ ᠬᠠᠰᠠᠷ᠂ ᠦᠭᠡᠳᠡᠢ᠂ ᠲᠤᠯᠤᠢ ᠶᠢᠨ | ᠭᠤᠯᠤᠮᠳᠠ ᠶᠢᠨ ᠲᠠᠬᠢᠯᠭ᠎ᠠ ᠪᠠᠭᠳᠠᠨ᠎ᠠ᠃ ᠠᠯᠪᠠᠨ ᠲᠠᠬᠢᠯᠭ᠎ᠠ ᠨᠢ ᠠᠶᠢᠯ ᠭᠡᠷ ᠤᠨ ᠲᠠᠬᠢᠯᠭ᠎ᠠ ᠠᠴᠠ ᠢᠯᠭᠠᠭᠳᠠᠬᠤ | ᠦᠪᠡᠷᠮᠢᠴᠡ ᠤᠨᠴᠠᠯᠢᠭ ᠲᠠᠢ ᠪᠠᠶᠢᠳᠠᠭ᠃ ᠁ ᠴᠢᠩᠭᠢᠰ᠂ ᠪᠦᠬᠡ ᠪᠡᠯᠭᠦᠳᠡᠢ᠂ ᠦᠭᠡᠳᠡᠢ᠂ ᠲᠤᠯᠤᠢ ᠨᠠᠷ ᠤᠨ | ᠭᠠᠯ ᠭᠤᠯᠤᠮᠳᠠ ᠶᠢᠨ ᠲᠠᠬᠢᠯᠭ᠎ᠠ ᠨᠢ ᠵᠦᠪᠬᠡᠨ ᠴᠢᠩᠭᠢᠰ ᠤᠨ ᠠᠯᠳᠠᠨ ᠤᠷᠤᠭᠳᠠᠨ ᠤ ᠲᠠᠬᠢᠯᠭ᠎ᠠ ᠲᠡᠳᠦᠢ ᠪᠢᠰᠢ | ᠬᠠᠷᠢᠨ ᠮᠤᠩᠭᠤᠯ ᠲᠦᠷᠦ ᠠᠴᠠ ᠲᠤᠭᠳᠠᠭᠠᠭᠰᠠᠨ ᠨᠡᠶᠢᠳᠡ ᠮᠤᠩᠭᠤᠯ ᠤᠨ ᠲᠠᠬᠢᠯᠭ᠎ᠠ ᠪᠤᠯᠬᠤ ᠶᠤᠮ︾ ᠭᠡᠵᠦ | ᠲᠤᠲᠤᠷᠬᠠᠢ ᠲᠤᠰᠢᠶᠠᠵᠠᠢ᠃ ᠡᠭᠦᠨ ᠠᠴᠠ ᠪᠢᠳᠡ ᠲᠡᠤᠬᠡᠨ ᠠᠴᠠ ᠠᠪᠤᠭᠠᠳ ᠮᠤᠩᠭᠤᠯᠴᠦᠳ ᠪᠤᠯ ᠨᠡᠶᠢᠳᠡ ᠶᠢᠨ ᠭᠠᠯ | ᠲᠠᠬᠢᠯᠭ᠎ᠠ ᠲᠠᠢ ᠪᠠᠶᠢᠭᠰᠠᠨ ᠭᠡᠳᠡᠭ ᠢ ᠨᠤᠳᠠᠯᠠᠵᠦ ᠪᠤᠯᠬᠤ ᠪᠦᠭᠡᠳ ᠲᠦᠷᠦ ᠠᠴᠠ ᠲᠤᠭᠳᠠᠭᠠᠵᠦ ᠤᠯᠠᠨ | ᠨᠡᠶᠢᠳᠡ ᠪᠠᠷ ᠢᠶᠠᠨ ᠦᠨᠳᠦᠰᠦᠳᠡᠨ ᠤ ᠭᠠᠯ ᠭᠤᠯᠤᠮᠳᠠ ᠪᠠᠨ ᠲᠠᠬᠢᠳᠠᠭ ᠢ ᠮᠡᠳᠡᠵᠦ ᠪᠤᠯᠤᠨ᠎ᠠ᠃ | ᠬ᠊ᠤᠶᠠᠷ ᠦᠵᠦᠮᠦᠴᠢᠨ ᠳᠤ ᠤᠯᠠᠮᠵᠢᠯᠠᠯᠳᠤ ᠨᠡᠶᠢᠳᠡ ᠶᠢᠨ ᠭᠠᠯ ᠲᠠᠬᠢᠯᠭ᠎ᠠ ᠪᠠᠶᠢᠭᠰᠠᠨ ᠲᠤᠬᠠᠢ | ᠦᠵᠦᠮᠦᠴᠢᠨ ᠳᠤ ᠨᠡᠶᠢᠳᠡ ᠶᠢᠨ ᠭᠠᠯ ᠲᠠᠬᠢᠯᠭ᠎ᠠ ᠶᠢᠨ ᠤᠯᠠᠮᠵᠢᠯᠠᠯᠳᠦ ᠵᠠᠩ ᠦᠢᠯᠡ ᠪᠠᠶᠢᠭᠰᠠᠨ ᠤᠤ ᠦᠭᠡᠢ | ᠤᠤ ᠭᠡᠪᠡᠯ ᠪᠠᠶᠢᠭᠰᠠᠨ ᠨᠢ ᠲᠡᠤᠬᠡ ᠶᠢᠨ ᠲᠤᠲᠤᠷᠬᠠᠢ ᠤᠴᠢᠷ ᠶᠠᠪᠤᠳᠠᠯ ᠪᠦᠭᠡᠳ ᠡᠨᠡ ᠪᠤᠯ ᠮᠠᠷᠭᠤᠰᠢ ᠦᠭᠡᠢ ᠶᠤᠮ᠃ | ᠤᠴᠢᠷ ᠨᠢ ᠲᠡᠭᠡᠷ᠎ᠡ ᠲᠡᠤᠬᠡᠨ ᠡᠰᠢ ᠪᠠᠷᠢᠮᠳᠠ ᠠᠴᠠ ᠦᠵᠡᠬᠦ ᠳᠤ ᠮᠤᠩᠭᠤᠯᠴᠦᠳ ᠠᠯᠢ ᠡᠷᠳᠡ ᠠᠴᠠ ᠨᠡᠶᠢᠳᠡ ᠶᠢᠨ | ᠭᠠᠯ ᠲᠠᠬᠢᠯᠭ᠎ᠠ ᠲᠠᠢ ᠪᠠᠶᠢᠭᠰᠠᠨ ᠪᠦᠭᠡᠳ ᠴᠢᠩᠭᠢᠰ ᠬᠠᠭᠠᠨ ᠮᠤᠩᠭᠤᠯ ᠦᠨᠳᠦᠰᠦᠳᠡᠨ ᠤ ᠨᠡᠶᠢᠳᠡ ᠶᠢᠨ ᠭᠠᠯ | ᠲᠠᠬᠢᠯᠭ᠎ᠠ ᠶᠢᠨ ᠶᠤᠰᠤᠨ ᠢ ᠪᠤᠢ ᠪᠤᠯᠭᠠᠵᠦ᠂ ᠦᠭᠡᠳᠡᠢ ᠬᠤᠪᠢᠯᠠᠢ ᠬᠠᠭᠠᠨ ᠤ ᠦᠶ᠎ᠡ ᠳᠤ ᠲᠡᠭᠦᠯᠳᠡᠷᠵᠢᠭᠦᠯᠦᠭᠰᠡᠨ | ᠮᠦᠷᠳᠡᠭᠡᠨ ᠴᠢᠩ ᠤᠯᠤᠰ ᠤᠨ ᠦᠶ᠎ᠡ᠂ ᠲᠤᠮᠳᠠᠳᠤ ᠢᠷᠭᠡᠨ ᠤᠯᠤᠰ ᠤᠨ ᠦᠶ᠎ᠡ ᠳᠤ ᠬᠦᠷᠳᠡᠯ᠎ᠡ ᠬᠠᠳᠠᠭᠠᠯᠠᠨ | ᠤᠯᠠᠮᠵᠢᠯᠠᠭᠰᠠᠨ ᠪᠠᠶᠢᠨ᠎ᠠ᠃ ᠦᠵᠦᠮᠦᠴᠢᠨ ᠮᠤᠩᠭᠤᠯ ᠨᠢ ᠲᠤᠯᠤᠢ ᠡᠵᠡᠨ ᠤ ᠦᠷ᠎ᠡ ᠬᠤᠶᠢᠴᠢᠰ ᠪᠤᠶᠤ ᠠᠯᠪᠠᠳᠤ | ᠬᠠᠷᠢᠶᠠᠳᠤ ᠠᠷᠠᠳ ᠪᠤᠯᠤᠭᠰᠠᠨ ᠤ ᠬᠤᠪᠢ ᠳᠤ ᠴᠢᠩᠭᠢᠰ ᠬᠠᠭᠠᠨ ᠤ ᠨᠡᠶᠢᠳᠡ ᠶᠢᠨ ᠭᠠᠯ ᠲᠠᠬᠢᠯᠭ᠎ᠠ ᠶᠢ | ᠤᠯᠠᠮᠵᠢᠯᠠᠭᠰᠠᠭᠠᠷ ᠢᠷᠡᠭᠰᠡᠨ ᠨᠢ ᠲᠡᠤᠬᠡ ᠶᠢᠨ ᠦᠨᠡᠨ ᠤᠴᠢᠷ ᠶᠠᠪᠤᠳᠠᠯ ᠭᠡᠳᠡᠭ ᠢ ᠤᠯᠠᠨ ᠲᠠᠯ᠎ᠠ ᠪᠠᠷ ᠭᠡᠷᠡᠴᠢᠯᠡᠵᠦ | ᠪᠠᠶᠢᠳᠠᠭ᠃ | ᠲᠡᠭᠡᠪᠡᠯ ᠦᠵᠦᠮᠦᠴᠢᠨ ᠮᠤᠩᠭᠤᠯᠴᠦᠳ ᠲᠤ ︽ᠤᠷᠳᠤᠨ ᠰᠦᠯᠳᠡ︾᠂ ︽ᠶᠠᠮᠤᠨ ᠰᠦᠯᠳᠡ︾᠂ ︽ | ᠬᠦᠳᠡᠭᠡ ᠰᠦᠯᠳᠡ︾ ᠭᠡᠬᠦ ᠲᠠᠬᠢᠯᠭ᠎ᠠ ᠶᠢᠨ ᠭᠤᠷᠪᠠᠨ ᠰᠢᠳᠦᠭᠡᠨ ᠲᠠᠢ ᠪᠠᠶᠢᠭᠰᠠᠨ ᠢ ᠪᠠᠷᠠᠭᠤᠨ ᠦᠵᠦᠮᠦᠴᠢᠨ | ᠬᠤᠰᠢᠭᠤᠨ ᠤ ᠸᠠᠩ ᠨᠤᠶᠠᠨ ᠤ ᠤᠭᠰᠠᠭ᠎ᠠ ᠪᠤᠯᠬᠤ ᠪᠤᠷᠵᠢᠭᠢᠨ ᠨᠠ᠊᠂ ᠲᠠᠮᠷᠢᠨᠵᠠᠪ ᠤᠨ ︽ᠤᠤᠯ ᠤᠨ ᠪᠠᠷᠠᠭᠤᠨ | ᠦᠵᠦᠮᠦᠴᠢᠨ ᠬᠤᠰᠢᠭᠤᠨ ᠤ ᠰᠦᠯᠳᠡ ᠲᠠᠬᠢᠬᠤ ᠲᠤᠬᠠᠢ︾᠂ ᠵᠡᠭᠦᠨ ᠦᠵᠦᠮᠦᠴᠢᠨ ᠬᠤᠰᠢᠭᠤᠨ ᠤ ᠸᠠᠩ ᠤᠨ | ᠲᠦᠷᠦᠯ ᠪᠤᠯᠬᠤ ᠪᠤᠷᠵᠢᠭᠢᠨ ᠸ᠊᠂ ᠨᠠᠮᠵᠢᠯᠰᠦ᠋ᠷᠦᠩ ᠤᠨ ︽ᠦᠵᠦᠮᠦᠴᠢᠨ ᠪᠡᠶᠢᠯᠡ ᠶᠢᠨ ᠬᠤᠰᠢᠭᠤᠨ ᠤ ᠰᠦᠯᠳᠡ | ᠲᠠᠬᠢᠯᠭ᠎ᠠ︾ ᠭᠡᠬᠦ ᠦᠭᠦᠯᠡᠯ ᠤᠳ ᠨᠠᠷᠢᠨ ᠭᠡᠷᠡᠴᠢᠯᠡᠨ ᠲᠤᠲᠤᠷᠬᠠᠶᠢᠯᠠᠭᠰᠠᠨ ᠪᠠᠶᠢᠳᠠᠭ᠃ ᠡᠳᠡᠭᠡᠷ ᠰᠢᠳᠦᠭᠡᠨ ᠲᠠᠬᠢᠯᠭ᠎ᠠ | ᠨᠢ ᠵᠢᠯ ᠪᠦᠷᠢ ᠶᠢᠨ ᠯᠠ ᠰᠠᠷ᠎ᠠ ᠶᠢᠨ ᠬᠤᠷᠢᠨ ᠭᠤᠷᠪᠠᠨ ᠤ ᠡᠳᠦᠷ ᠶᠡᠭᠡ ᠭᠠᠯ ᠲᠠᠬᠢᠯᠭ᠎ᠠ ᠶᠢ ᠬᠢᠳᠡᠭ ᠵᠤᠷᠰᠢᠯ ᠲᠠᠢ | ᠶᠤᠮ᠃ ᠡᠭᠦᠨ ᠳᠤ ᠦᠵᠦᠮᠦᠴᠢᠨ ᠤ ︽ᠬᠦᠳᠡᠭᠡ ᠰᠦᠯᠳᠡ︾ ᠪᠤᠯ ᠴᠢᠩᠭᠢᠰ ᠬᠠᠭᠠᠨ ᠤ ᠲᠠᠬᠢᠯᠭ᠎ᠠ ᠪᠤᠯᠬᠤᠷ | ᠰᠦᠯᠳᠡ ᠶᠢᠨ ᠵᠠᠩᠬᠢ ᠭᠡᠬᠦ ᠲᠤᠰᠢᠶᠠᠯ ᠲᠠᠢ ᠬᠦᠮᠦᠨ ᠠᠯᠢᠪᠠ ᠲᠠᠬᠢᠯᠭ᠎ᠠ ᠶᠢᠨ ᠵᠠᠩ ᠦᠢᠯᠡ ᠶᠢ ᠡᠷᠬᠢᠯᠡᠨ ᠬᠢᠳᠡᠭ ᠢᠶᠠᠷ | ᠬᠤᠰᠢᠭᠤ ᠲᠠᠶᠠᠭᠠᠷ ᠸᠠᠩ ᠨᠤᠶᠠᠨ ᠲᠡᠷᠢᠭᠦᠯᠡᠨ ᠵᠡᠷᠭᠡ ᠵᠢᠩᠰᠡᠳᠡᠳ᠂ ᠬᠠᠷᠠᠴᠤ ᠠᠷᠠᠳ ᠨᠠᠷ ᠤᠯᠠᠨ ᠨᠡᠶᠢᠳᠡ ᠪᠠᠷ | ᠤᠷᠤᠯᠴᠠᠭᠰᠠᠨ ᠬᠠᠮᠳᠤ ᠶᠢᠨ ᠰᠦᠯᠳᠡ ᠲᠠᠬᠢᠯᠭ᠎ᠠ ᠪᠤᠯᠤᠨ ᠭᠠᠯ ᠲᠠᠬᠢᠯᠭ᠎ᠠ ᠶᠢ ᠬᠢᠵᠦ ᠪᠠᠶᠢᠵᠠᠢ᠃ ᠡᠨᠡ ᠪᠦᠬᠦᠨ ᠢ | ᠤᠳᠤ ᠶᠢᠨ ᠪᠠᠷᠠᠭᠤᠨ ᠦᠵᠦᠮᠦᠴᠢᠨ ᠬᠤᠰᠢᠭᠤᠨ ᠤ ᠬᠦᠳᠡᠭᠡ ᠰᠦᠯᠳᠡ ᠶᠢᠨ ᠭᠠᠯ ᠲᠠᠬᠢᠯᠭ᠎ᠠ ᠶᠢ ᠤᠯᠠᠮᠵᠢᠯᠠᠨ | ᠰᠡᠷᠭᠦᠭᠡᠭᠰᠡᠨ ᠦᠢᠯᠡ ᠶᠠᠪᠤᠳᠠᠯ ᠭᠡᠷᠡᠴᠢᠯᠡᠵᠦ ᠪᠤᠢ᠃ ᠡᠭᠦᠨ ᠠᠴᠠ ᠦᠵᠦᠮᠦᠴᠢᠨ ᠤ ᠤᠯᠠᠨ ᠨᠡᠶᠢᠳᠡ ᠶᠢᠨ ᠭᠠᠯ | ᠲᠠᠬᠢᠯᠭ᠎ᠠ ᠪᠤᠯ ᠴᠢᠩᠭᠢᠰ ᠬᠠᠭᠠᠨ ᠤ ᠭᠠᠯ ᠭᠤᠯᠤᠮᠳᠠ ᠶᠢᠨ ᠲᠠᠬᠢᠯᠭ᠎ᠠ ᠪᠤᠯᠬᠤ ᠬᠦᠳᠡᠭᠡ ᠰᠦᠯᠳᠡ ᠶᠢᠨ ᠭᠠᠯ | ᠲᠠᠬᠢᠯᠭ᠎ᠠ ᠮᠦᠨ ᠪᠤᠯᠬᠤ ᠶᠢ ᠬᠠᠷᠠᠭᠤᠯᠤᠨ᠎ᠠ᠃ ᠮᠠᠨ ᠤ ᠵᠡᠭᠦᠨ ᠦᠵᠦᠮᠦᠴᠢᠨ ᠤ ᠭᠠᠯ ᠲᠠᠬᠢᠯᠭ᠎ᠠ ᠪᠤᠯ ᠮᠦᠨ ᠬᠦᠳᠡᠭᠡ | ᠰᠦᠯᠳᠡ ᠶᠢᠨ ᠭᠠᠯ ᠲᠠᠬᠢᠯᠭ᠎ᠠ ᠲᠠᠷᠦᠢ ᠮᠤᠩᠭᠤᠯᠴᠦᠳ ᠤᠨ ᠨᠡᠶᠢᠳᠡ ᠶᠢᠨ ᠭᠠᠯ ᠲᠠᠬᠢᠯᠭ᠎ᠠ ᠪᠤᠯᠬᠤ ᠶᠢ ᠮᠦᠷᠳᠡᠨ | ᠰᠡᠷᠭᠦᠭᠡᠭᠰᠡᠨ ᠶᠤᠮ᠃ ᠤᠳᠤ ᠶᠢᠨ ᠮᠠᠨ ᠤ ᠬᠡᠷᠡᠭᠯᠡᠵᠦ ᠪᠠᠶᠢᠭ᠎ᠠ ︽ᠭᠠᠯ ᠤᠨ ᠲᠠᠬᠢᠯᠭ᠎ᠠ ᠶᠢᠨ ᠰᠠᠩ︾ ᠪᠤᠯ ᠮᠤᠩᠭᠤᠯ | ᠨᠡᠶᠢᠳᠡ ᠶᠢᠨ ᠭᠠᠯ ᠲᠠᠬᠢᠯᠭ᠎ᠠ ᠶᠢᠨ ᠰᠠᠩ ᠪᠤᠯᠬᠤ ᠶᠤᠮ᠃ ᠭᠠᠯ ᠲᠠᠬᠢᠯᠭ᠎ᠠ ᠶᠢᠨ ᠰᠠᠩ ᠳᠤ᠄ ︽ᠰᠤᠳᠤ ᠪᠤᠭᠳᠠ ᠶᠢᠨ | ᠴᠠᠬᠢᠭᠰᠠᠨ᠂ ᠰᠤᠳᠠᠢ ᠬᠠᠳᠤᠨ ᠡᠬᠡ ᠶᠢᠨ ᠦᠯᠢᠶᠡᠭᠰᠡᠨ︾᠂ ︽ᠡᠵᠡᠨ ᠪᠤᠭᠳᠠ ᠶᠢᠨ ᠴᠠᠬᠢᠭᠰᠠᠨ᠂ ᠡᠰᠢ | ᠬᠠᠳᠤᠨ ᠤ ᠬᠠᠳᠠᠭᠠᠯᠠᠭᠰᠠᠨ︾ ᠭᠡᠵᠦ ᠭᠠᠷᠳᠠᠭ ᠨᠢ ᠴᠢᠩᠭᠢᠰ ᠬᠠᠭᠠᠨ ᠤ ᠮᠤᠩᠭᠤᠯ ᠤᠨ ᠨᠡᠶᠢᠳᠡ ᠶᠢᠨ ᠭᠠᠯ ᠲᠠᠬᠢᠯᠭ᠎ᠠ | ᠪᠠᠶᠢᠵᠦ᠂ ᠴᠢᠩᠭᠢᠰ ᠬᠠᠭᠠᠨ ᠪᠤᠶᠤ ᠪᠦᠷᠳᠡ ᠬᠠᠳᠤᠨ ᠪᠤᠯ ᠮᠤᠩᠭᠤᠯ ᠤᠨ ᠭᠠᠯ ᠲᠠᠬᠢᠯᠭ᠎ᠠ ᠶᠢᠨ ᠡᠵᠡᠨ ᠪᠤᠶᠤ | ᠰᠢᠳᠦᠭᠡᠨ ᠪᠤᠯᠤᠭᠰᠠᠨ ᠨᠢ ᠲᠤᠲᠤᠷᠬᠠᠢ ᠪᠠᠶᠢᠨ᠎ᠠ᠃ | ᠰᠦᠯᠳᠡ ᠶᠢᠨ ᠲᠠᠬᠢᠯᠭ᠎ᠠ ᠪᠠ ᠭᠠᠯ ᠲᠠᠬᠢᠯᠭ᠎ᠠ ᠨᠢ ᠶᠠᠮᠠᠷ ᠬᠠᠷᠢᠴᠠᠭ᠎ᠠ ᠲᠠᠢ ᠪᠤᠢ ᠭᠡᠪᠡᠯ ᠡᠵᠡᠨ ᠰᠦᠯᠳᠡ | ᠪᠤᠯᠤᠨ ᠲᠡᠭᠦᠨ ᠤ ᠴᠤᠭᠴᠠᠯᠠᠭᠰᠠᠨ ᠮᠤᠩᠭᠤᠯ ᠤᠭᠰᠠᠭᠠᠳᠠᠨ ᠤ ᠭᠠᠯ ᠭᠤᠯᠤᠮᠳᠠ ᠶᠢᠨ ᠨᠢᠭᠳᠠ ᠬᠠᠷᠢᠴᠠᠭ᠎ᠠ ᠲᠠᠷᠤᠢ | ᠰᠦᠯᠳᠡ ᠪᠤᠯᠤᠨ ᠭᠠᠯ ᠭᠤᠯᠤᠮᠳᠠ ᠶᠢᠨ ᠬᠠᠷᠢᠴᠠᠭ᠎ᠠ ᠪᠤᠯᠬᠤ ᠶᠤᠮ᠃ ᠭᠠᠯ ᠭᠠᠯᠢᠬᠠᠨ ᠡᠬᠡ ᠲᠡᠭᠷᠢ ᠪᠤᠯ ᠪᠦᠬᠡ | ᠮᠦᠷᠭᠦᠯ ᠤᠨ ᠶᠡᠷᠡ ᠶᠢᠰᠦᠨ ᠲᠡᠭᠷᠢ ᠶᠢᠨ ᠨᠢᠭᠡ ᠪᠤᠯᠬᠤ ᠪᠦᠭᠡᠳ ᠭᠠᠯ ᠤᠨ ᠡᠵᠡᠨ ᠲᠡᠭᠷᠢ ᠪᠤᠯᠬᠤ ᠶᠤᠮ᠃ ᠴᠢᠩᠭᠢᠰ | ᠬᠠᠭᠠᠨ ᠤ ︽ᠶᠢᠰᠦᠨ ᠭᠦᠭᠦᠯᠳᠦ ᠴᠠᠭᠠᠨ ᠲᠤᠭ ᠢ ᠡᠨᠡ ᠲᠡᠭᠷᠢ ᠵᠠᠶᠠᠭᠠᠭᠰᠠᠨ ᠭᠡᠳᠡᠭ︾ ᠭᠡᠵᠦ ᠯ᠊᠂ ᠬᠤᠷᠴᠠᠪᠠᠭᠠᠳᠤᠷ | ᠭᠤᠸᠠᠢ ︽ᠬᠠᠳᠠᠬᠢᠨ ᠠᠷᠪᠠᠨ ᠭᠤᠷᠪᠠᠨ ᠠᠳᠠᠭ᠎ᠠ ᠲᠡᠭᠷᠢ ᠶᠢᠨ ᠲᠠᠬᠢᠯᠭ᠎ᠠ︾ ᠨᠤᠮ ᠳᠠᠭᠠᠨ ᠲᠡᠮᠳᠡᠭᠯᠡᠵᠡᠢ᠃ | ᠡᠭᠦᠨ ᠢᠶᠠᠷ ᠴᠠᠭᠠᠨ ᠰᠦᠯᠳᠡ ᠶᠢᠨ ᠲᠠᠬᠢᠯᠭ᠎ᠠ ᠳᠤ ᠭᠠᠯ ᠤᠨ ᠲᠠᠬᠢᠯᠭ᠎ᠠ ᠨᠢ ᠪᠠᠰᠠ ᠨᠢᠭᠡᠨ ᠭᠤᠤᠯ ᠲᠠᠶᠢᠯᠭ᠎ᠠ ᠪᠤᠯᠳᠠᠭ | ᠪᠦᠭᠡᠳ ᠭᠠᠯ ᠭᠤᠯᠤᠮᠳᠠ ᠶᠢᠨ ᠪᠠᠳᠠᠷᠠᠯ ᠬᠦᠭᠵᠢᠯ᠂ ᠦᠨᠳᠦᠰᠦᠳᠡᠨ ᠤ ᠦᠭᠡᠳᠡᠯᠡᠨ ᠮᠠᠨᠳᠤᠬᠤ ᠶᠢᠨ ᠵᠦᠩᠨᠡᠯ ᠪᠤᠯᠵᠦ | ᠪᠠᠶᠢᠳᠠᠭ ᠤᠴᠢᠷ ᠲᠠᠢ᠃ | ᠭᠤᠷᠪᠠ ᠤᠳᠤᠬᠢ ᠨᠡᠶᠢᠳᠡ ᠶᠢᠨ ᠭᠠᠯ ᠲᠠᠬᠢᠯᠭ᠎ᠠ ᠶᠢᠨ ᠲᠤᠬᠠᠢ ᠠᠳᠡᠭᠦᠤ ᠤᠶᠢᠯᠠᠭᠠᠯᠳᠠ | ᠤᠳᠤᠬᠠᠨ ᠤ ᠪᠤᠳᠠᠰ ᠤᠨ ᠪᠤᠰᠤ ᠰᠤᠶᠤᠯ ᠤᠨ ᠦᠪ ᠢ ᠠᠭᠤᠳᠠᠯᠠᠨ ᠰᠡᠷᠭᠦᠭᠡᠵᠦ ᠪᠠᠶᠢᠭ᠎ᠠ ᠵᠠᠩᠬᠢᠯᠭ᠎ᠠ ᠶᠢᠨ | ᠦᠶ᠎ᠡ ᠳᠤ᠂ ᠤᠯᠠᠮᠵᠢᠯᠠᠯᠳᠤ ᠭᠠᠯ ᠲᠠᠬᠢᠯᠭ᠎ᠠ ᠶᠢᠨ ᠲᠤᠬᠠᠢ ᠤᠯᠠᠨ ᠵᠦᠢᠯ ᠤᠨ ᠮᠠᠷᠭᠤᠭᠠᠨ ᠤᠷᠤᠰᠢᠵᠦ ᠪᠠᠶᠢᠬᠤ ᠶᠢ | ᠦᠭᠡᠶᠢᠰᠭᠡᠬᠦ ᠦᠭᠡᠢ᠃ ᠵᠠᠷᠢᠮ ᠨᠢ ︽ᠲᠡᠤᠬᠡᠨ ᠳᠤ ᠨᠡᠶᠢᠳᠡ ᠶᠢᠨ ᠭᠠᠯ ᠲᠠᠬᠢᠯᠭ᠎ᠠ ᠭᠡᠵᠦ ᠪᠠᠶᠢᠭᠰᠠᠨ ᠦᠭᠡᠢ᠂ | ᠵᠠᠰᠠᠭ ᠤᠨ ᠭᠠᠯ ᠲᠠᠬᠢᠯᠭ᠎ᠠ ᠭᠡᠵᠦ ᠨᠡᠩ ᠴᠤ ᠪᠠᠶᠢᠭᠰᠠᠨ ᠦᠭᠡᠢ︾ ᠭᠡᠬᠦ ᠪᠤᠶᠤ ︽ᠠᠶᠢᠯ ᠡᠷᠦᠬᠡ ᠶᠢᠨ ᠭᠠᠯ | ᠲᠠᠬᠢᠯᠭ᠎ᠠ ᠭᠡᠵᠦ ᠪᠠᠶᠢᠳᠠᠭ ᠠᠴᠠ ᠪᠢᠰᠢ ᠨᠡᠶᠢᠳᠡ ᠶᠢᠨ ᠭᠠᠯ ᠲᠠᠬᠢᠯᠭ᠎ᠠ ᠭᠡᠵᠦ ᠬᠡᠵᠢᠶ᠎ᠡ ᠪᠠᠶᠢᠭᠰᠠᠨ ᠪᠤᠢ᠂ ᠬᠤᠳᠠᠯ ᠢᠶᠠᠷ | ᠵᠤᠬᠢᠶᠠᠵᠦ ᠪᠠᠶᠢᠨ᠎ᠠ᠂ ᠲᠡᠷᠡ ᠮᠦᠷᠳᠡᠭᠡᠨ ᠠᠶᠢᠯ ᠡᠷᠦᠬᠡ ᠶᠢᠨ ᠭᠠᠯ ᠲᠠᠬᠢᠯᠭ᠎ᠠ ᠳᠤ ᠬᠠᠷᠢᠯᠠᠭᠰᠠᠨ ᠬᠡᠤᠬᠡᠨ ᠨᠢ | ᠬᠦᠷᠳᠡᠯ᠎ᠡ ᠤᠷᠤᠯᠴᠠᠵᠦ ᠪᠤᠯᠳᠠᠭ ᠦᠭᠡᠢ ᠪᠠᠶᠢᠭᠠᠳ ᠤᠯᠠᠨ ᠤ ᠲᠠᠬᠢᠯᠭ᠎ᠠ ᠪᠠᠶᠢᠵᠦ ᠪᠤᠯᠬᠤ ᠦᠭᠡᠢ ᠨᠢ ᠢᠯᠡᠷᠬᠡᠢ᠂ | ᠤᠯᠠᠮᠵᠢᠯᠠᠯ ᠢ ᠭᠠᠵᠢᠭᠤᠳᠠᠭᠤᠯᠵᠦ ᠪᠠᠶᠢᠨ᠎ᠠ︾ ᠭᠡᠵᠦ ᠴᠤᠤᠳᠤᠮᠨᠠᠨ ᠮᠡᠷᠭᠡᠯᠡᠵᠦ᠂ ᠶᠡᠭᠡ ᠶᠠᠭᠤᠮ᠎ᠠ ᠮᠡᠳᠡᠭᠰᠡᠨ ᠰᠢᠭ | ᠰᠦᠯᠵᠢᠶ᠎ᠡ ᠵᠢᠭᠤᠴᠢᠯᠠᠭᠤᠷ ᠲᠡᠭᠡᠷ᠎ᠡ ᠡᠯᠳᠡᠪ ᠢᠶᠠᠷ ᠠᠭᠠᠰᠢᠯᠠᠵᠦ ᠪᠠᠶᠢᠳᠠᠭ᠃ ᠡᠭᠦᠨ ᠢ ᠪᠤᠷᠤᠭᠤᠰᠢᠶᠠᠬᠤ ᠦᠭᠡᠢ᠂ ᠡᠨᠡ | ᠪᠤᠯ ᠮᠠᠨ ᠤ ᠦᠨᠳᠦᠰᠦᠳᠡᠨ ᠤᠯᠠᠨ ᠵᠠᠭᠤᠨ ᠵᠢᠯ ᠤᠨ ᠲᠤᠷᠰᠢ ᠲᠡᠤᠬᠡᠨ ᠬᠠᠳᠠᠭᠤ ᠨᠤᠭᠤᠴᠠᠭ᠎ᠠ ᠶᠢ ᠲᠠᠪᠠᠭᠰᠠᠨ ᠢᠶᠠᠷ | ᠤᠯᠠᠮᠵᠢᠯᠠᠯ ᠪᠤᠤ ᠬᠡᠯᠡ ᠠᠯᠳᠠᠨ ᠠᠮᠢ ᠪᠠᠨ ᠠᠯᠳᠠᠵᠦ ᠶᠠᠪᠤᠭᠰᠠᠨ ᠶᠤᠮ᠂ ᠬᠠᠷᠬᠢᠰ ᠵᠠᠰᠠᠭ ᠤᠨ ᠲᠠᠷᠤᠯᠠᠯ᠂ | ᠴᠡᠷᠢᠭ ᠤᠨ ᠡᠷᠬᠡᠳᠡᠨ ᠤ ᠲᠡᠭᠡᠷᠡᠮᠳᠡᠯ᠂ ᠲᠡᠭᠡᠷᠡᠮ ᠬᠤᠯᠠᠭᠠᠢ ᠶᠢᠨ ᠲᠠᠯᠬᠢᠭᠳᠠᠯ᠂ ᠰᠤᠶᠤᠯ ᠤᠨ ᠶᠡᠭᠡ ᠬᠤᠪᠢᠰᠬᠠᠯ ᠤᠨ | ᠲᠠᠮᠤᠯᠠᠯ ᠨᠢ ᠡᠪᠦᠭᠡ ᠲᠡᠭᠡᠳᠦᠰ ᠤᠨ ᠬᠢᠨᠢ ᠭᠠᠯ ᠭᠤᠯᠤᠮᠳᠠ ᠶᠢ ᠮᠠᠷᠳᠠᠭᠤᠯᠵᠦ᠂ ᠦᠪ ᠬᠦᠷᠦᠩᠭᠡ ᠪᠠ ᠰᠤᠶᠤᠯ ᠤᠨ | ᠪᠠᠶᠠᠯᠢᠭ ᠠᠴᠠ ᠨᠢ ᠰᠠᠯᠭᠠᠭᠰᠠᠨ ᠠᠴᠠ ᠤᠳᠤ ᠶᠢᠨ ᠡᠨᠡ ᠶᠡᠭᠡ ᠲᠤᠳᠠᠭᠳᠠᠯ ᠶᠡᠭᠡ ᠠᠯᠳᠠᠭ᠎ᠠ ᠶᠡᠭᠡ ᠮᠤᠩᠬᠠᠷᠠᠭᠤᠯᠤᠯ ᠢ | ᠪᠤᠢ ᠪᠤᠯᠭᠠᠭᠰᠠᠨ ᠶᠤᠮ᠃ ᠡᠨᠡ ᠪᠤᠯ ᠲᠡᠤᠬᠡᠨ ᠨᠦᠬᠦᠴᠡᠯ ᠰᠢᠯᠳᠠᠭᠠᠨ ᠠᠴᠠ ᠪᠤᠢ ᠪᠤᠯᠤᠭᠰᠠᠨ ᠦᠷ᠎ᠡ ᠳ᠋ᠦᠩ ᠮᠦᠨ᠃ | ᠭᠡᠪᠡᠴᠦ ᠤᠯᠠᠮᠵᠢᠯᠠᠯᠳᠤ ᠰᠤᠶᠤᠯ ᠤᠨ ᠰᠡᠷᠭᠦᠯᠳᠡ ᠶᠢᠨ ᠨᠢᠯᠬ᠎ᠠ ᠰᠤᠶᠤᠭ᠎ᠠ ᠴᠤᠬᠤᠶᠢᠮᠠᠭᠴᠠ ᠬᠤᠷ᠎ᠠ ᠶᠢᠨ ᠰᠢᠮ᠎ᠡ | ᠨᠠᠷᠠᠨ ᠤ ᠭᠡᠷᠡᠯ ᠲᠤᠰᠬᠠᠬᠤ ᠦᠭᠡᠢ ᠬᠠᠷᠢᠨ ᠠᠷᠴᠢᠭᠤᠷ ᠡᠷᠭᠢᠭᠦᠯᠦᠨ ᠦ ᠰᠡᠪ ᠡᠷᠢᠵᠦ ᠦᠨᠳᠦᠰᠦ ᠪᠠᠷ ᠨᠢ ᠮᠠᠯᠳᠠᠵᠦ | ᠬᠠᠶᠠᠬᠤ ᠪᠠᠷ ᠤᠷᠤᠯᠳᠤᠬᠤ ᠨᠢ ᠮᠠᠰᠢ ᠵᠤᠬᠢᠬᠤ ᠦᠭᠡᠢ ᠲᠡᠨᠡᠭ ᠪᠠᠯᠠᠢ ᠶᠠᠪᠤᠳᠠᠯ ᠪᠤᠯᠬᠤ ᠶᠤᠮ᠃ ᠡᠶᠢᠮᠦᠷᠬᠦ ᠠᠯᠳᠠᠭ᠎ᠠ | ᠠᠭᠰᠤᠮᠨᠠᠯ ᠤᠨ ᠰᠢᠯᠳᠠᠭᠠᠨ ᠨᠢ ᠲᠤᠤᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠄ | ⒈ ᠲᠡᠤᠬᠡ ᠲᠡᠮᠳᠡᠭᠯᠡᠯ ᠤᠨ ᠨᠤᠮ ᠪᠢᠴᠢᠭ ᠢ ᠦᠵᠡᠬᠦ ᠦᠭᠡᠢ᠂ ᠡᠪᠦᠭᠡ ᠲᠡᠭᠡᠳᠦᠰ ᠠᠴᠠ ᠤᠯᠠᠮᠵᠢᠯᠠᠭᠰᠠᠨ | ᠠᠬᠠᠮᠠᠳ ᠤᠨ ᠰᠤᠷᠭᠠᠯ ᠢ ᠰᠤᠨᠤᠰᠬᠤ ᠦᠭᠡᠢ ᠪᠢ ᠬᠡᠮᠡᠨ ᠮᠡᠳᠡᠮᠡᠭᠡᠶᠢᠷᠡᠵᠦ ᠪᠠᠶᠢᠳᠠᠭ᠃ | ⒉ ᠲᠡᠤᠬᠡᠨ ᠤ ᠪᠠ ᠬᠠᠭᠤᠴᠢ ᠰᠤᠳᠤᠯᠤᠯ ᠤᠨ ᠭᠡᠷᠡᠴᠢ ᠪᠠᠷᠢᠮᠳᠠ ᠦᠭᠡᠢ᠂ ᠦᠪᠡᠷ ᠤᠨ ᠪᠤᠳᠤᠭᠰᠠᠨ ᠢᠶᠠᠨ | ᠵᠦᠪ ᠬᠡᠮᠡᠨ ᠪᠠᠷᠢᠮᠳᠠᠯᠠᠵᠦ᠂ ᠪᠡᠶᠡᠴᠢ ᠦᠵᠡᠯ ᠢᠶᠠᠨ ᠲᠦᠪ ᠪᠤᠯᠭᠠᠬᠤ ᠪᠠᠷ ᠤᠷᠤᠯᠳᠤᠳᠠᠭ᠃ | ⒊ ᠠᠰᠠᠭᠤᠳᠠᠯ ᠳᠤ ᠬᠠᠨᠳᠤᠬᠤ ᠳᠠᠭᠠᠨ ᠲᠠᠷᠤᠤ ᠪᠤᠯᠭᠤᠮᠵᠢᠳᠡᠢ ᠪᠢᠰᠢ ᠮᠦᠷᠳᠡᠭᠡᠨ ᠪᠠᠶᠢᠴᠠᠭᠠᠨ | ᠰᠤᠳᠤᠯᠤᠯᠳᠠ ᠬᠢᠬᠦ ᠦᠭᠡᠢ᠂ ᠤᠮᠤᠷᠬᠠᠭᠯᠠᠨ ᠪᠠᠷᠳᠠᠮᠨᠠᠵᠦ ᠵᠦᠪᠭᠡᠨ ᠦᠩᠭᠡᠪᠴᠢ ᠲᠠᠯ᠎ᠠ ᠠᠴᠠ ᠠᠰᠠᠭᠤᠳᠠᠯ ᠢ | ᠦᠵᠡᠵᠦ᠂ ᠬᠤᠩᠰᠢᠶᠠᠷ ᠤᠷᠤᠯᠳᠤᠵᠦ ᠬᠡᠢ ᠤᠷᠬᠢᠬᠤ ᠲᠤᠷᠠᠳᠠᠢ ᠪᠠᠶᠢᠳᠠᠭ᠃ | ⒋ ᠰᠢᠯᠢᠳᠡᠭ ᠤᠯᠠᠮᠵᠢᠯᠠᠯ ᠤᠨ ᠮᠦᠨ ᠴᠢᠨᠠᠷ ᠢ ᠰᠤᠳᠤᠯᠬᠤ ᠦᠭᠡᠢ᠂ ᠨᠢᠭᠳᠠᠯᠠᠬᠤ ᠦᠭᠡᠢ᠂ ᠲᠡᠤᠬᠡᠨ | ᠬᠠᠷᠠᠭᠠᠰᠤ ᠪᠠᠷ ᠰᠢᠨᠵᠢᠯᠡᠬᠦ ᠦᠭᠡᠢ ᠵᠦᠪᠭᠡᠨ ᠭᠡᠷ ᠵᠠᠭᠤᠷ᠎ᠠ ᠶᠢᠨ ᠤᠶᠢᠯᠠᠭᠠᠯᠳᠠ ᠲᠠᠷᠤᠢ ᠰᠤᠨᠤᠰᠤᠭᠰᠠᠨ ᠢᠶᠠᠨ ᠵᠦᠪ | ᠭᠡᠵᠦ ᠦᠵᠡᠭᠡᠳ ᠰᠢᠨᠵᠢᠯᠡᠬᠦ ᠤᠬᠠᠭᠠᠨᠴᠢ ᠤᠪᠤᠷ ᠢᠶᠠᠷ ᠬᠠᠨᠳᠤᠬᠤ ᠶᠢ ᠤᠶᠢᠯᠠᠭᠠᠬᠤ ᠦᠭᠡᠢ ᠪᠠᠶᠢᠳᠠᠭ᠃ | ⒌ ᠰᠤᠶᠤᠯ ᠤᠨ ᠪᠠᠶᠢᠭᠤᠯᠤᠯᠳᠠ ᠶᠢᠨ ᠲᠠᠯ᠎ᠠ ᠪᠠᠷ ᠤᠯᠤᠰ ᠤᠨ ᠠᠪᠴᠤ ᠪᠠᠶᠢᠭ᠎ᠠ ᠠᠭᠤᠳᠠᠮ ᠲᠦᠷᠦ ᠶᠢᠨ | ᠪᠤᠳᠤᠯᠭ᠎ᠠ ᠤᠨ ᠦᠭᠭᠢᠶᠡᠮᠦᠷ ᠭᠡᠰᠢᠭ ᠢ ᠤᠶᠢᠯᠠᠭᠠᠬᠤ ᠦᠭᠡᠢ᠂ ᠲᠤᠷ᠎ᠠ ᠪᠠᠷ ᠢᠶᠠᠨ ᠰᠠᠪᠠᠵᠦ ᠲᠤᠮᠳᠠ ᠴᠢᠮᠦᠭᠡ | ᠪᠠᠷ ᠢᠶᠠᠨ ᠡᠷᠭᠢᠯᠳᠦᠬᠦ ᠲᠤᠷᠠᠳᠠᠢ ᠪᠠᠶᠢᠳᠠᠭ᠃ | ⒍ ᠪᠤᠳᠠᠰ ᠤᠨ ᠪᠠ ᠪᠤᠳᠠᠰ ᠤᠨ ᠪᠤᠰᠤ ᠰᠤᠶᠤᠯ ᠤᠨ ᠦᠪ ᠤᠨ ᠵᠠᠭᠠᠭ ᠢᠯᠭᠠᠭ᠎ᠠ ᠶᠢ ᠮᠡᠳᠡᠬᠦ ᠦᠭᠡᠢ᠂ | ᠨᠡᠶᠢᠳᠡ ᠪᠠ ᠠᠶᠢᠯ ᠡᠷᠦᠬᠡ ᠶᠢ ᠢᠯᠭᠠᠨ ᠲᠠᠨᠢᠬᠤ ᠦᠭᠡᠢ ᠬᠤᠳᠬᠤᠯᠳᠤᠭᠤᠯᠤᠨ ᠰᠢᠭᠦᠮᠵᠢᠯᠡᠵᠦ ᠯᠠ ᠪᠠᠶᠢᠳᠠᠭ᠃ | ᠭᠠᠯ ᠲᠠᠬᠢᠯᠭ᠎ᠠ ᠶᠢᠨ ᠶᠤᠰᠤᠨ ᠤ ᠮᠦᠨ ᠴᠢᠨᠠᠷ ᠤᠳᠬ᠎ᠠ ᠠᠭᠤᠯᠭ᠎ᠠ ᠨᠢ ᠶᠠᠭᠤ ᠪᠤᠯᠬᠤ᠂ ᠶᠠᠭᠤ ᠶᠢ | ᠪᠡᠯᠭᠡᠳᠡᠵᠦ ᠰᠤᠷᠳᠠᠯᠴᠢᠯᠠᠵᠦ ᠪᠠᠶᠢᠳᠠᠭ ᠪᠤᠢ︖ ᠲᠡᠭᠡᠷ᠎ᠡ ᠪᠦᠯᠦᠭ ᠠᠴᠠ ᠪᠢᠳᠡ ᠭᠠᠯ ᠲᠠᠬᠢᠯᠭ᠎ᠠ ᠶᠢᠨ ᠢᠯᠭᠠᠯ ᠳᠤ | ᠠᠶᠢᠯ ᠡᠷᠦᠬᠡ ᠶᠢᠨ ᠭᠠᠯ ᠲᠠᠬᠢᠯᠭ᠎ᠠ᠂ ᠠᠯᠪᠠᠨ ᠭᠠᠯ ᠲᠠᠬᠢᠯᠭ᠎ᠠ᠂ ᠰᠦᠮ᠎ᠡ ᠬᠡᠶᠢᠳ ᠤᠨ ᠭᠠᠯ ᠲᠠᠬᠢᠯᠭ᠎ᠠ ᠭᠡᠬᠦ ᠶᠡᠭᠡ | ᠲᠦᠯᠦᠪ ᠭᠤᠷᠪᠠᠨ ᠵᠦᠢᠯ ᠪᠠᠶᠢᠭᠰᠠᠨ ᠢ ᠮᠡᠳᠡᠪᠡ᠂ ᠮᠠᠨ ᠤ ᠤᠳᠤ ᠶᠢᠨ ᠨᠡᠶᠢᠳᠡ ᠶᠢᠨ ᠭᠠᠯ ᠲᠠᠬᠢᠯᠭ᠎ᠠ ᠶᠢᠨ | ᠰᠡᠷᠭᠦᠯᠳᠡ ᠪᠤᠯ ᠲᠡᠤᠬᠡᠨ ᠤᠯᠠᠮᠵᠢᠯᠠᠯ ᠲᠠᠢ ᠮᠦᠷᠳᠡᠭᠡᠨ ᠭᠠᠵᠠᠷ ᠤᠷᠤᠨ ᠢᠶᠠᠨ ᠭᠠᠯ ᠤᠨ ᠰᠤᠷ ᠰᠢᠭ᠋ ᠬᠦᠭᠵᠢᠨ | ᠮᠠᠨᠳᠤᠬᠤ ᠶᠢ ᠪᠡᠯᠭᠡᠳᠡᠵᠦ᠂ ᠵᠠᠰᠠᠭ ᠲᠦᠷᠦ ᠠᠷᠢᠭᠤᠨ ᠴᠢᠭᠴᠢ᠂ ᠠᠷᠠᠳ ᠲᠦᠮᠡᠨ ᠠᠮᠤᠷ ᠲᠠᠶᠢᠪᠤᠩ᠂ ᠪᠦᠬᠦ | ᠲᠠᠯ᠎ᠠ ᠶᠢᠨ ᠠᠵᠢᠯ ᠦᠢᠯᠡᠰ ᠤᠷᠤᠭᠰᠢᠳᠠᠢ᠂ ᠨᠡᠶᠢᠭᠡᠮ ᠤᠨ ᠲᠠᠪᠰᠢᠯᠳᠠ ᠶᠢᠨ ᠦᠭᠡᠳᠡ ᠡᠰᠡᠷᠡᠭ ᠪᠠᠶᠢᠬᠤ ᠶᠢ | ᠵᠦᠩᠨᠡᠭᠰᠡᠨ ᠶᠡᠭᠡ ᠤᠷᠴᠢᠨ ᠤ ᠪᠠᠶᠢᠳᠠᠯ ᠢ ᠬᠠᠷᠠᠭᠤᠯᠤᠭᠰᠠᠨ ᠶᠤᠮ᠃ ᠡᠨᠡᠬᠦ ᠰᠢᠳᠦᠯᠭᠡ ᠲᠠᠬᠢᠯᠭ᠎ᠠ ᠪᠠᠷ ᠲᠠᠮᠵᠢᠭᠤᠯᠤᠨ | ᠭᠠᠵᠠᠷ ᠤᠷᠤᠨ ᠢᠶᠠᠨ ᠨᠡᠶᠢᠭᠡᠮ ᠨᠡᠶᠢᠳᠡ ᠳᠤ ᠲᠠᠨᠢᠭᠤᠯᠤᠨ᠂ ᠦᠷ᠎ᠡ ᠬᠤᠶᠢᠴᠢᠰ ᠢᠶᠠᠨ ᠡᠷᠡᠭᠦᠯ ᠰᠠᠷᠠᠭᠤᠯ ᠢᠶᠠᠷ | ᠦᠰᠦᠨ ᠪᠤᠶᠢᠵᠢᠭᠤᠯᠬᠤ᠂ ᠶᠡᠭᠡ ᠪᠦᠯᠬᠦᠮᠳᠠᠯ ᠨᠢᠭᠳᠠᠷᠠᠯ ᠶᠢ ᠪᠡᠶᠡᠯᠡᠬᠦᠯᠬᠦ ᠵᠡᠷᠭᠡ ᠬᠦᠰᠡᠯ ᠮᠦᠷᠦᠭᠡᠳᠦᠯ ᠢ | ᠲᠡᠷᠭᠡᠯᠰᠢᠬᠦᠯᠬᠦ ᠬᠠᠷᠠᠯᠳᠠ ᠳᠤ ᠬᠦᠷᠭᠡᠨ᠎ᠡ᠃ ᠬᠠᠷᠢᠨ ᠵᠠᠷᠢᠮ ᠬᠦᠮᠦᠨ ᠤ ᠬᠡᠯᠡᠳᠡᠭ ᠰᠢᠭ ︽ᠤᠨᠳᠤᠤ | ᠦᠨᠳᠦᠰᠦᠳᠡᠨ ᠤ ᠬᠦᠮᠦᠨ ᠭᠠᠯ ᠲᠠᠬᠢᠯᠭ᠎ᠠ ᠳᠤ ᠤᠷᠤᠯᠴᠠᠪᠠᠯ ᠪᠤᠵᠠᠷᠳᠠᠭᠤᠯᠤᠨᠠ᠂ ᠡᠨᠡ ᠪᠤᠯ ᠬᠢᠳᠡᠳ ᠲᠦᠷᠦ | ᠪᠤᠯᠬᠤᠷ ᠵᠠᠰᠠᠭ ᠲᠦᠷᠦ ᠶᠢᠨ ᠠᠯᠪᠠᠳᠠᠨ ᠤᠷᠤᠯᠴᠠᠬᠤ ᠨᠢ ᠲᠠᠭᠠᠷᠠᠬᠤ ᠦᠭᠡᠢ︾ ᠭᠡᠬᠦ ᠪᠤᠯ ᠲᠠᠷᠰᠯᠡᠭᠦᠤ ᠭᠠᠵᠢᠭᠤ | ᠶᠠᠷᠢᠶ᠎ᠠ ᠲᠡᠳᠦᠢ ᠶᠤᠮ᠃ ᠴᠦᠭᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠰᠢᠯᠢᠳᠡᠭ ᠤᠯᠠᠮᠵᠢᠯᠠᠯᠳᠦ | ᠰᠢᠳᠦᠯᠭᠡ ᠪᠢᠰᠢᠷᠡᠯ ᠢ ᠬᠦᠨᠳᠦᠳᠭᠡᠬᠦ ᠨᠢ ᠵᠠᠰᠠᠭ ᠲᠦᠷᠦ ᠶᠢᠨ ᠠᠯᠪᠠᠳᠠᠨ ᠤ ᠡᠷᠬᠡ ᠡᠭᠦᠷᠭᠡ ᠮᠦᠨ᠂ ᠡᠨᠡ ᠪᠤᠯ | ᠤᠳᠤᠬᠢ ᠨᠠᠮ ᠤᠨ ᠲᠦᠷᠦ ᠶᠢᠨ ᠪᠤᠳᠤᠯᠭ᠎ᠠ᠂ ᠤᠯᠤᠰ ᠤᠨ ᠦᠨᠳᠦᠰᠦᠨ ᠬᠠᠤᠯᠢ ᠶᠢᠨ ᠵᠠᠷᠴᠢᠮ ᠲᠠᠢ ᠪᠦᠷᠢᠮᠦᠰᠦᠨ | ᠨᠡᠶᠢᠴᠡᠨ᠎ᠡ᠃ ᠬᠡᠷᠪᠡ ᠵᠠᠰᠠᠭ ᠲᠦᠷᠦ ᠶᠢᠨ ᠬᠦᠨᠳᠦᠳᠭᠡᠯ ᠪᠠ ᠬᠦᠴᠦᠳᠠᠢ ᠲᠡᠮᠵᠢᠯᠭᠡ ᠦᠭᠡᠢ ᠪᠤᠯ ᠦᠨᠳᠦᠰᠦᠳᠡᠨ ᠤ | ᠪᠤᠳᠠᠰ ᠤᠨ ᠪᠤᠰᠤ ᠰᠤᠶᠤᠯ ᠤᠨ ᠦᠪ ᠤᠨ ᠰᠡᠷᠭᠦᠯᠳᠡ ᠶᠢ ᠠᠮᠵᠢᠯᠳᠠ ᠲᠠᠢ ᠬᠢᠨ᠎ᠡ ᠭᠡᠳᠡᠭ ᠨᠢ ᠴᠢᠳᠠᠰᠢ ᠦᠭᠡᠢ | ᠬᠡᠷᠡᠭ ᠶᠤᠮ᠃ ᠡᠯ᠎ᠡ ᠱᠠᠳᠤᠨ ᠤ ᠦᠨᠳᠦᠰᠦᠳᠡᠨ ᠤ ᠬᠡᠷᠡᠭ ᠡᠷᠬᠢᠯᠡᠬᠦ ᠲᠤᠪᠴᠢᠶ᠎ᠠ᠂ ᠰᠤᠶᠤᠯ ᠷᠠᠳᠢᠤ᠋ ᠪᠡᠶ᠎ᠡ ᠲᠠᠮᠢᠷ ᠤᠨ | ᠲᠤᠪᠴᠢᠶ᠎ᠠ ᠪᠤᠯ ᠦᠨᠳᠦᠰᠦᠳᠡᠨ ᠤ ᠱᠠᠰᠢᠨ ᠰᠤᠷᠳᠠᠬᠤᠨ ᠰᠢᠳᠦᠯᠭᠡ ᠪᠢᠰᠢᠷᠡᠯ ᠤᠨ ᠠᠵᠢᠯ ᠪᠤᠶᠤ ᠪᠤᠳᠠᠰ ᠤᠨ ᠪᠤᠰᠤ | ᠰᠤᠶᠤᠯ ᠤᠨ ᠦᠪ ᠢ ᠰᠡᠷᠭᠦᠭᠡᠬᠦ ᠠᠵᠢᠯ ᠤᠨ ᠲᠠᠯ᠎ᠠ ᠪᠠᠷ ᠵᠠᠰᠠᠭ ᠤᠨ ᠤᠷᠳᠤᠨ ᠢ ᠲᠦᠯᠦᠭᠡᠯᠡᠵᠦ ᠬᠡᠷᠡᠭᠵᠢᠭᠦᠯᠬᠦ ᠵᠠᠰᠠᠭ | ᠵᠠᠬᠢᠷᠭᠠᠨ ᠤ ᠡᠷᠬᠡᠳᠦ ᠰᠠᠯᠠᠭ᠎ᠠ ᠮᠦᠴᠢᠷ ᠪᠤᠯᠤᠨ᠎ᠠ᠃ ᠮᠠᠨ ᠤ ᠠᠯᠢᠪᠠ ᠤᠯᠠᠨ ᠲᠦᠮᠡᠨᠴᠢ ᠴᠢᠨᠠᠷ ᠲᠠᠢ ᠪᠦᠯᠬᠦᠮ | ᠨᠡᠶᠢᠳᠡ ᠪᠤᠶᠤ ᠦᠷᠭᠡᠨ ᠤᠯᠠᠨ ᠦᠪᠯᠡᠨ ᠤᠯᠠᠮᠵᠢᠯᠠᠭᠴᠢᠳ ᠪᠦᠭᠦᠳᠡᠭᠡᠷ ᠡᠳᠡᠭᠡᠷ ᠵᠠᠰᠠᠭ ᠵᠠᠬᠢᠷᠭᠠᠨ ᠤ ᠵᠤᠬᠢᠶᠠᠨ | ᠪᠠᠶᠢᠭᠤᠯᠬᠤ ᠵᠢᠴᠢ ᠵᠢᠯᠤᠭᠤᠳᠤᠯᠭ᠎ᠠ ᠶᠢ ᠬᠦᠯᠢᠶᠡᠬᠦ ᠶᠤᠰᠤᠳᠠᠢ ᠪᠦᠭᠡᠳ ᠠᠵᠢᠯᠯᠠᠭ᠎ᠠ ᠪᠠᠨ ᠦᠷᠨᠢᠭᠦᠯᠬᠦ ᠤᠴᠢᠷ ᠲᠠᠢ | ᠪᠠᠶᠢᠳᠠᠭ᠃ ᠲᠡᠷᠡ ᠮᠦᠷᠳᠡᠭᠡᠨ ᠪᠦᠯᠬᠦᠮ ᠨᠡᠶᠢᠳᠡ ᠪᠠ ᠦᠪᠯᠡᠨ ᠤᠯᠠᠮᠵᠢᠯᠠᠭᠴᠢᠳ ᠤᠨ ᠠᠵᠢᠯᠯᠠᠭ᠎ᠠ ᠪᠠᠨ ᠬᠡᠪ ᠤᠨ | ᠶᠤᠰᠤᠭᠠᠷ ᠦᠷᠨᠢᠭᠦᠯᠬᠦ ᠶᠢ ᠪᠠᠳᠤᠯᠠᠬᠤ ᠪᠠ ᠬᠠᠤᠯᠢ ᠶᠤᠰᠤᠨ ᠤ ᠡᠷᠬᠡ ᠶᠢ ᠴᠤ ᠬᠠᠮᠠᠭᠠᠯᠠᠬᠤ ᠶᠤᠰᠤᠳᠠᠢ ᠶᠤᠮ᠃ | ᠴᠠᠭ ᠦᠶ᠎ᠡ ᠤᠷᠤᠭᠰᠢᠯᠠᠵᠦ ᠪᠠᠶᠢᠨ᠎ᠠ᠂ ᠬᠦᠮᠦᠰ ᠤᠨ ᠤᠶᠤᠨ ᠰᠠᠨᠠᠭ᠎ᠠ ᠰᠢᠨᠡᠳᠴᠦ ᠪᠠᠶᠢᠨ᠎ᠠ᠃ ᠮᠠᠨ ᠤ | ᠪᠤᠳᠠᠰ ᠤᠨ ᠪᠤᠰᠤ ᠰᠤᠶᠤᠯ ᠤᠨ ᠦᠪ ᠢ ᠠᠭᠤᠳᠠᠯᠠᠨ ᠰᠡᠷᠭᠦᠭᠡᠬᠦ ᠨᠢ ᠬᠠᠷᠢᠨ ᠹᠸᠤᠳᠠᠯ ᠤᠨ ᠬᠠᠭᠤᠴᠢᠨ ᠢ ᠰᠡᠷᠭᠦᠭᠡᠬᠦ | ᠭᠡᠰᠡᠨ ᠪᠢᠰᠢ ᠬᠠᠷᠢᠨ ᠴᠠᠭ ᠦᠶ᠎ᠡ ᠳᠤ ᠵᠤᠬᠢᠴᠠᠭᠰᠠᠨ ᠬᠦᠮᠦᠰ ᠤᠨ ᠰᠡᠳᠭᠢᠯ ᠰᠠᠨᠠᠭᠠᠨ ᠳᠤ ᠲᠤᠬᠢᠷᠠᠭᠰᠠᠨ ᠰᠢᠯᠢᠳᠡᠭ | ᠦᠨᠳᠦᠰᠦᠳᠡᠨ ᠤ ᠤᠯᠠᠮᠵᠢᠯᠠᠯᠳᠤ ᠤᠶᠤᠨ ᠤ ᠦᠪ ᠪᠠ ᠬᠡᠯᠪᠡᠷᠢ ᠪᠤᠯᠬᠤ ᠶᠤᠮ᠂ ᠵᠠᠪᠠᠯ ᠰᠢᠨᠵᠢᠯᠡᠬᠦ ᠤᠬᠠᠭᠠᠨᠴᠢ | ᠤᠪᠤᠷ ᠢᠶᠠᠷ ᠬᠠᠨᠳᠤᠬᠤ ᠬᠡᠷᠡᠭᠳᠡᠢ ᠪᠠᠶᠢᠳᠠᠭ᠃ ᠰᠡᠷᠭᠦᠭᠡᠨ᠎ᠡ ᠭᠡᠪᠡᠯ ᠵᠠᠪᠠᠯ ᠬᠠᠭᠤᠴᠢᠨ ᠪᠤᠳᠠᠰ ᠢ ᠤᠯᠵᠦ᠂ ᠬᠠᠭᠤᠴᠢᠨ | ᠤᠳᠤᠮ ᠤᠨ ᠵᠠᠯᠭᠠᠮᠵᠢᠯᠠᠯ ᠤᠨ ᠬᠦᠮᠦᠰ ᠢ ᠪᠦᠷᠢᠯᠳᠦᠭᠦᠯᠬᠦ ᠭᠡᠰᠡᠨ ᠪᠢᠰᠢ᠂ ᠮᠠᠨ ᠤ ᠠᠶᠢᠮᠠᠭ ᠤᠭᠰᠠᠭᠠᠨ ᠤ ᠬᠦᠮᠦᠨ | ᠠᠷᠠᠳ ᠪᠠᠶᠢᠨ᠎ᠠ᠂ ᠬᠠᠷᠢᠨ ᠲᠡᠭᠦᠨ ᠤ ᠰᠢᠯᠢᠳᠡᠭ ᠦᠨᠳᠦᠰᠦᠳᠡᠨ ᠤ ᠤᠨᠴᠠᠯᠢᠭᠳᠤ ᠴᠢᠨᠠᠷ᠂ ᠰᠢᠯᠢᠳᠡᠭ ᠤᠶᠤᠨ ᠤ | ᠤᠬᠢ ᠶᠢ ᠬᠦᠯᠢᠶᠡᠨ ᠠᠪᠴᠤ ᠰᠢᠩᠭᠡᠭᠡᠬᠦ ᠶᠢᠨ ᠲᠠᠭᠠᠤ ᠳᠤ ᠨᠡᠶᠢᠭᠡᠮ ᠨᠡᠶᠢᠳᠡ ᠳᠤ ᠦᠢᠯᠡᠴᠢᠯᠡᠭᠦᠯᠬᠦ ᠪᠠ ᠨᠦᠯᠦᠭᠡᠯᠡᠬᠦ | ᠶᠠᠪᠤᠳᠠᠯ ᠪᠤᠯᠤᠨ᠎ᠠ᠃ ᠮᠠᠨ ᠤ ᠠᠯᠢᠪᠠ ᠦᠨᠳᠦᠰᠦᠳᠡᠨ ᠤ ᠤᠨᠴᠠᠯᠢᠭᠳᠤ ᠰᠢᠳᠦᠯᠭᠡ ᠪᠢᠰᠢᠷᠡᠯ ᠪᠤᠯ ᠪᠦᠬᠦᠨ ᠢᠶᠠᠷ ᠢᠶᠠᠨ | ᠨᠡᠶᠢᠭᠡᠮ ᠤᠨ ᠡᠯ᠎ᠡ ᠬᠦᠮᠦᠨ ᠠᠷᠠᠳ ᠪᠤᠯᠤᠨ ᠬᠤᠶᠢᠴᠢ ᠦᠶ᠎ᠡ ᠶᠢᠨ ᠰᠠᠶᠢᠨ ᠰᠠᠶᠢᠬᠠᠨ ᠶᠠᠪᠤᠬᠤ ᠶᠢ ᠵᠦᠩᠨᠡᠨ | ᠪᠡᠯᠭᠡᠳᠡᠭᠰᠡᠨ ᠬᠦᠮᠦᠨ ᠬᠦᠮᠦᠵᠢᠭᠦᠯᠬᠦ ᠮᠤᠩᠭᠤᠯ ᠤᠬᠠᠭᠠᠨ ᠪᠠᠶᠢᠭ᠎ᠠ ᠶᠤᠮ᠃ | | |