ᠦᠵᠦᠮᠦᠴᠢᠨ ᠠᠶᠢᠮᠠᠭ ᠤᠨ ᠲᠡᠤᠬᠡᠨ ᠳᠠᠬᠢ ᠠᠯᠳᠠᠷᠳᠦ ᠬᠦᠮᠦᠰ ᠬᠢᠭᠡᠳ ᠡᠷᠳᠡᠮᠳᠡᠨ ᠮᠡᠷᠭᠡᠳ
ᠨᠡᠶᠢᠲᠡᠯᠡᠭᠰᠡᠨ ᠴᠠᠭ᠄
2017/4/28
ᠤᠷᠢᠶᠠᠩᠬᠠᠨ ᠤ᠂ ᠶᠤᠨᠳᠤᠨ                                                 ᠦᠵᠦᠮᠦᠴᠢᠨ ᠠᠶᠢᠮᠠᠭ ᠬᠢᠭᠡᠳ ᠲᠦᠷᠦᠪᠤᠯᠤᠳ      ᠪᠠᠲᠦᠮᠦ᠋ᠡᠭᠬᠡ ᠲᠠᠶᠠᠨ ᠬᠠᠭᠠᠨ ᠢᠶᠠᠷ ᠤᠶᠢᠷᠠᠳ ᠠᠶᠢᠮᠠᠭ ᠤᠳ ᠢ ᠠᠬᠠᠮᠠᠳ ᠬᠦᠪᠡᠭᠦᠨ ᠲᠦᠷᠦᠪᠤᠯᠤᠳ ᠳᠤ ᠬᠠᠷᠢᠶᠠᠳᠦ ᠢᠷᠭᠡᠨ ᠪᠤᠯᠭᠠᠨ ᠦᠮᠴᠢᠯᠡᠭᠦᠯᠦᠭᠰᠡᠨ ᠢᠶᠠᠷ ᠦᠵᠦᠮᠦᠴᠢᠨ ᠠᠶᠢᠮᠠᠭ ᠴᠤ ᠲᠡᠭᠦᠨ ᠤ ᠨᠤᠶᠠᠷᠬᠠᠯ ᠢ ᠬᠦᠯᠢᠶᠡᠬᠦ ᠪᠤᠯᠵᠠᠢ᠂ ᠲᠤᠬᠠᠢ ᠶᠢᠨ ᠦᠶ᠎ᠡ ᠶᠢᠨ ᠦᠵᠦᠮᠦᠴᠢᠨ ᠮᠢᠩᠭᠠᠨ ᠳᠤ ᠦᠵᠦᠮ ᠤᠨ ᠠᠭᠤᠯᠠ ᠶᠢᠨ ᠮᠤᠩᠭᠤᠯᠴᠤᠳ ᠪᠤᠯᠬᠤ ᠦᠵᠦᠮᠦᠴᠢᠨ᠂ ᠬᠠᠭᠤᠴᠢᠳ᠂ ᠰᠦᠨᠢᠳ᠂ ᠠᠤᠬᠠᠨ᠂ ᠨᠠᠢᠮᠠᠨ ᠵᠡᠷᠭᠡ ᠠᠶᠢᠮᠠᠭ ᠪᠦᠯᠦᠭ ᠪᠦᠷᠢᠯᠳᠦᠭᠦᠨ ᠪᠤᠯᠵᠦ᠂ ᠲᠦᠷᠦᠪᠤᠯᠤᠳ ᠤᠨ ᠦᠶ᠎ᠡ ᠳᠤ ᠦᠵᠦᠮᠦᠴᠢᠨ ᠠᠶᠢᠮᠠᠭ ᠨᠢ ᠬᠠᠩᠭᠠᠢ ᠨᠢᠷᠦᠭᠤ — ᠭᠠᠯᠪᠠ ᠱᠠᠩᠬ᠎ᠠ ᠶᠢᠨ ᠭᠤᠪᠢ ᠪᠠᠷ ᠨᠤᠲᠤᠭᠯᠠᠨ ᠮᠠᠯᠵᠢᠵᠦ ᠪᠠᠶᠢᠪᠠ᠂ ᠲᠦᠷᠦᠪᠤᠯᠤᠳ ᠢ ᠪᠠᠷᠠᠭᠤᠨ ᠮᠤᠩᠭᠤᠯ ᠤᠨ ᠲᠦᠷᠦᠭᠦᠴᠦᠳ ᠲᠤ ᠬᠤᠤᠷᠯᠠᠭᠳᠠᠭᠰᠠᠨ ᠤ ᠳᠠᠷᠠᠭ᠎ᠠ ᠲᠡᠭᠦᠨ ᠤ ᠠᠬᠠᠮᠠᠳ ᠬᠦᠪᠡᠭᠦᠨ ᠪᠤᠳᠢ ᠠᠯᠠᠭ ᠦᠵᠦᠮᠦᠴᠢᠨ ᠠᠶᠢᠮᠠᠭ ᠤᠨ ᠠᠬᠠᠯᠠᠭᠴᠢ ᠪᠤᠯᠪᠠ᠂ ᠪᠤᠳᠢ ᠠᠯᠠᠭ ᠠᠬᠠᠯᠠᠭᠴᠢ ᠶᠢᠨ ᠦᠶ᠎ᠡ ᠦᠵᠦᠮᠦᠴᠢᠨ ᠠᠶᠢᠮᠠᠭ ᠭᠤᠪᠢ ᠶᠢᠨ ᠡᠮᠦᠨ᠎ᠡ ᠡᠪᠡᠰᠦᠳᠦ ᠲᠠᠯ᠎ᠠ ᠳᠤ ᠨᠤᠲᠤᠭᠰᠢᠨ ᠮᠠᠯᠵᠢᠬᠤ ᠪᠤᠯᠵᠠᠢ᠂ ᠪᠠᠳᠦᠮᠦᠩᠬᠡ ᠳᠠᠶᠠᠨ ᠬᠠᠭᠠᠨ ᠤ ᠦᠶ᠎ᠡ ᠳᠤ ᠦᠵᠦᠮᠦᠴᠢᠨ ᠨᠢ ᠵᠡᠭᠦᠨ ᠭᠠᠷᠤᠨ ᠴᠠᠬᠠᠷ ᠲᠦᠮᠡᠨ ᠤ ᠨᠠᠢᠮᠠᠨ ᠤᠲᠤᠭ ᠤᠨ ᠨᠢᠭᠡ ᠪᠠᠶᠢᠭᠰᠠᠨ ᠶᠣᠮ᠃                      ᠤᠩᠭᠤᠨ ᠲᠤᠷᠬᠠᠯ ᠨᠤᠶᠠᠨ      ᠤᠩᠭᠤᠨ ᠲᠤᠷᠬᠠᠯ ᠪᠤᠯ ᠠᠷᠪᠠᠨ ᠵᠢᠷᠭᠤᠳᠤᠭᠠᠷ ᠵᠠᠭᠤᠨ ᠤ ᠬᠦᠮᠦᠨ᠂ ᠴᠢᠩᠭᠢᠰ ᠬᠠᠭᠠᠨ ᠤ ᠠᠷᠪᠠᠨ ᠨᠠᠢᠮᠠᠳᠤᠭᠠᠷ ᠦᠶ᠎ᠡ ᠶᠢᠨ ᠠᠴᠢ ᠪᠦᠭᠡᠳ ᠪᠤᠳᠢ ᠠᠯᠠᠭ ᠬᠠᠭᠠᠨ ᠤ ᠭᠤᠳᠠᠭᠠᠷ ᠬᠦᠪᠡᠭᠦᠨ ᠪᠤᠯᠬᠤ ᠶᠣᠮ᠃ ᠲᠡᠷᠡ ᠪᠤᠯ ᠤᠮᠠᠷᠠᠳᠦ ᠶᠤᠸᠠᠨ ᠤᠯᠤᠰ ᠤᠨ ᠰᠡᠭᠦᠯᠴᠢ ᠶᠢᠨ ᠦᠶ᠎ᠡ ᠳᠤ ᠦᠵᠦᠮᠦᠴᠢᠨ᠂ ᠯᠠᠤᠰᠴᠢᠨ᠂ ᠡᠷᠬᠢᠭᠦᠳ ᠵᠡᠷᠭᠡ ᠠᠶᠢᠮᠠᠭ ᠪᠦᠯᠦᠭ ᠢ ᠨᠢᠭᠡᠳᠬᠡᠬᠡᠳ ︿︿ᠦᠵᠦᠮᠦᠴᠢᠨ ᠠᠶᠢᠮᠠᠭ﹀﹀ ᠭᠡᠵᠦ ᠨᠡᠷᠡᠯᠡᠭᠰᠡᠨ ᠤᠳᠠᠭᠠᠨ ᠤᠨ ᠤ ᠠᠶᠢᠮᠠᠭ ᠤᠨ ᠠᠬᠠᠯᠠᠭᠴᠢ ᠪᠠᠶᠢᠵᠦ᠂ ᠳᠡᠷᠡᠶᠢᠰᠦᠨ ᠬᠦᠳᠡᠩ ᠬᠠᠭᠠᠨ ᠢ ᠳᠠᠭᠠᠵᠦ ᠴᠠᠬᠠᠷ ᠲᠦᠮᠡᠨ ᠤ ᠨᠢᠭᠡ ᠤᠲᠤᠭ ᠪᠤᠯᠬᠤ — ᠦᠵᠦᠮᠦᠴᠢᠨ ᠠᠶᠢᠮᠠᠭ ᠪᠦᠯᠦᠭ ᠢᠶᠠᠨ ᠳᠠᠭᠠᠭᠤᠯᠵᠦ᠂ ᠵᠡᠭᠦᠨᠰᠢ ᠨᠡᠭᠦᠳᠡᠯᠯᠡᠨ ᠯᠢᠶᠤᠤᠳᠦ᠋ᠩ ᠤᠷᠤᠨ ᠢᠶᠠᠷ ᠮᠠᠯᠵᠢᠬᠤ ᠶᠢ ᠪᠡᠶᠡᠯᠡᠭᠦᠯᠦᠭᠰᠡᠨ ᠭᠠᠷᠮᠠᠭᠠᠢ ᠤᠳᠤᠷᠢᠳᠤᠭᠴᠢ᠂ ᠪᠤᠳᠢ ᠠᠯᠠᠭ᠂ ᠳᠡᠷᠡᠶᠢᠰᠦᠨ ᠬᠦᠳᠡᠩ᠂ ᠲᠦᠮᠡᠨ ᠵᠠᠰᠠᠭᠳᠦ ᠵᠡᠷᠭᠡ ᠮᠤᠩᠭᠤᠯ ᠤᠨ ᠭᠤᠷᠪᠠᠨ ᠶᠡᠭᠡ ᠬᠠᠭᠠᠨ ᠤ ᠲᠦᠷᠦ ᠳᠤ ᠦᠢᠯᠡᠴᠢᠯᠡᠭᠰᠡᠨ ᠪᠦᠭᠡᠳ ᠦᠨᠳᠦᠰᠦᠳᠡᠨ ᠤ ᠶᠡᠭᠡ ᠨᠢᠭᠡᠳᠦᠯ ᠤᠨ ᠲᠦᠯᠦᠭᠡ ᠲᠡᠮᠡᠴᠡᠭᠰᠡᠨ ᠭᠠᠪᠢᠶᠠᠳᠦ ᠰᠠᠶᠢᠳ ᠶᠤᠮ᠃ ᠲᠡᠷᠡ᠂ ᠳᠡᠤᠬᠡ ᠰᠤᠳᠤᠷ ᠳᠡᠭᠡᠷ᠎ᠡ ᠳᠡᠮᠳᠡᠭᠯᠡᠭᠳᠡᠭᠰᠡᠨ ᠴᠤᠷ ᠤᠨ ᠭᠠᠭᠴᠠ ᠦᠵᠦᠮᠦᠴᠢᠨ ᠠᠶᠢᠮᠠᠭ ᠤᠨ ᠠᠬᠠᠯᠠᠭᠴᠢ ᠪᠠᠷ ᠪᠠᠷᠠᠬᠤ ᠦᠭᠡᠢ ᠦᠵᠦᠮᠦᠴᠢᠨ ᠳᠠᠯ᠎ᠠ ᠨᠤᠲᠤᠭ ᠤᠨ ᠢᠶᠠᠨ ᠦᠷᠦᠴᠡᠨ ᠳᠤ ᠠᠯᠳᠠᠷ ᠨᠡᠷ᠎ᠡ ᠪᠠᠨ ᠮᠦᠩᠬᠡᠷᠡᠭᠦᠯᠦᠭᠰᠡᠨ᠂ ᠡᠶᠢᠮᠦ ᠪᠠᠷ ᠦᠵᠦᠮᠦᠴᠢᠨᠴᠤᠳ ︿︿ᠤᠩᠭᠤᠨ ᠤᠪᠤᠭ᠎ᠠ﹀﹀ ᠪᠠᠨ ᠬᠡᠶᠢᠮᠤᠷᠯᠠᠨ ᠪᠤᠰᠬᠠᠵᠦ᠂ ︿︿ᠤᠩᠭᠤᠨ ᠬᠤᠱᠤᠤ﹀﹀᠂ ︿︿ᠤᠩᠭᠤᠨ ᠴᠠᠪᠴᠢᠷ﹀﹀᠂ ︿︿ᠤᠩᠭᠤᠨ ᠪᠤᠯᠠᠰᠢ﹀﹀ ᠬᠡᠮᠡᠨ ᠭᠠᠵᠠᠷ ᠤᠰᠤᠨ ᠢᠶᠠᠨ ᠨᠡᠷᠡᠯᠡᠯᠴᠡᠭᠰᠡᠨ ᠠᠴᠠ ᠲᠦᠮᠡᠨ ᠤ ᠰᠡᠳᠭᠢᠯ ᠳᠤ ᠡᠭᠦᠷᠢᠳᠡ ᠬᠠᠳᠠᠩᠰᠢᠵᠦ᠂ ᠲᠡᠤᠬᠡᠨ ᠳᠤ ᠤᠯᠠ ᠮᠦᠷ ᠢᠶᠠᠨ ᠦᠨᠢᠳᠡ ᠦᠯᠡᠳᠡᠭᠡᠨ ᠳᠠᠮᠠᠭᠠᠯᠠᠭᠰᠠᠨ ᠪᠠᠶᠢᠵᠦ ᠪᠢᠯᠡ᠃                       ᠬᠠᠮᠤᠭ ᠠᠩᠬᠠᠨ ᠤ ᠦᠵᠦᠮᠦᠴᠢᠨ ᠠᠶᠢᠮᠠᠭ ᠤᠨ ᠴᠢᠨ ᠸᠠᠩ      ᠴᠢᠩ ᠤᠯᠤᠰ ᠤᠨ ᠦᠶ᠎ᠡ᠂ ᠦᠵᠦᠮᠦᠴᠢᠨ ᠠᠶᠢᠮᠠᠭ ᠤᠨ ᠠᠬᠠᠯᠠᠭᠴᠢ ᠲᠤᠷᠵᠢ ᠠᠶᠢᠮᠠᠭ ᠪᠦᠯᠦᠭ ᠢᠶᠠᠨ ᠳᠠᠭᠠᠭᠤᠯᠤᠨ ᠬᠠᠯᠬ᠎ᠠ ᠠᠴᠠ ᠨᠡᠭᠦᠵᠦ ᠢᠷᠡᠨ᠂ ᠴᠢᠩ ᠭᠦᠷᠦᠨ ᠢ ᠳᠠᠭᠠᠭᠰᠠᠨ ᠢᠶᠠᠷ 1641 ᠤᠨ ᠳᠤ ᠦᠵᠦᠮᠦᠴᠢᠨ ᠠᠶᠢᠮᠠᠭ ᠤᠨ ︿︿ᠵᠠᠰᠠᠭ ᠤᠨ ᠬᠤᠱᠤᠢ ᠰᠡᠴᠡᠨ ᠴᠢᠨ ᠸᠠᠩ﹀﹀ ᠡᠷᠭᠦᠮᠵᠢᠯᠡᠭᠳᠡᠵᠦ᠂ ᠦᠷ᠎ᠡ ᠶᠢᠨ ᠦᠷ᠎ᠡ ᠳᠤ ᠦᠯᠦ ᠪᠠᠭᠤᠷᠠᠭᠤᠯᠬᠤ ᠬᠦᠨᠳᠦ ᠶᠡᠭᠡ ᠭᠡᠰᠢᠭ ᠬᠦᠷᠳᠡᠭᠰᠡᠨ ᠪᠠᠶᠢᠵᠦ᠂ ᠬᠠᠮᠤᠭ ᠠᠩᠬᠠᠨ ᠤ ᠴᠢᠨ ᠸᠠᠩ ᠪᠤᠯᠤᠭᠰᠠᠨ ᠪᠠᠶᠢᠨ᠎ᠠ᠂ ᠲᠡᠷᠡ ᠦᠶ᠎ᠡ ᠴᠢᠩ ᠤᠨ ᠲᠦᠷᠦ ᠠᠴᠠ ᠦᠵᠦᠮᠦᠴᠢᠨ ᠠᠶᠢᠮᠠᠭ ᠢ ᠬᠤᠶᠠᠷ ᠬᠤᠰᠢᠭᠤ ᠪᠤᠯᠭᠠᠨ ᠵᠠᠰᠠᠭᠯᠠᠭᠠᠳᠤᠢ ᠪᠠᠶᠢᠭᠰᠠᠨ ᠶᠤᠮ᠃ 1646 ᠤᠨ ᠳᠤ ᠲᠤᠷᠵᠢ ᠵᠢᠨᠦᠩ ᠴᠢᠨ ᠸᠠᠩ ᠦᠵᠦᠮᠦᠴᠢᠨ ᠪᠠᠷᠠᠭᠤᠨ ᠬᠤᠰᠢᠭᠤᠨ ᠤ ᠠᠩᠬᠠᠨ ᠤ ᠬᠤᠰᠢᠭᠤ ᠵᠠᠰᠠᠭ ᠪᠤᠯᠵᠦ᠂ ᠬᠤᠷᠢᠨ ᠳᠠᠪᠤᠨ ᠰᠤᠮᠤ ᠨᠢᠭᠡᠴᠡ ᠶᠢ ᠬᠠᠷᠢᠶᠠᠯᠠᠭᠤᠯᠵᠠᠢ᠃                     ᠦᠵᠦᠮᠦᠴᠢᠨ ᠵᠡᠭᠦᠨ ᠭᠠᠷᠤᠨ ᠬᠤᠰᠢᠭᠤᠨ ᠤ ᠬᠠᠮᠤᠭ ᠠᠩᠬᠠᠨ ᠤ ᠪᠡᠶᠢᠯᠡ ᠸᠠᠩ      ᠰᠡᠷᠡᠩ ᠳᠠᠶᠢᠵᠢ ᠪᠠᠷ ᠬᠡᠷᠦᠯᠦᠨ ᠭᠤᠤᠯ ᠤᠨ ᠬᠦᠪᠡᠭᠡᠨ᠎ᠡ ᠮᠠᠯᠵᠢᠵᠦ ᠪᠠᠶᠢᠭᠠᠳ ᠠᠪᠠᠭ᠎ᠠ ᠲᠤᠷᠵᠢ ᠵᠢᠨᠦᠩ ᠲᠠᠢ ᠬᠠᠮᠳᠦ ᠴᠢᠩ ᠭᠦᠷᠦᠨ ᠢ ᠳᠠᠭᠠᠭᠰᠠᠨ ᠢᠶᠠᠷ 1646 ᠤᠨ ᠳᠤ ᠰᠢᠯᠢ ᠶᠢᠨ ᠭᠤᠤᠯ ᠤᠨ ᠴᠢᠭᠤᠯᠭᠠᠨ ᠤ ᠦᠵᠦᠮᠦᠴᠢᠨ ᠠᠶᠢᠮᠠᠭ ᠢ ᠬᠤᠶᠠᠷ ᠬᠤᠰᠢᠭᠤ ᠪᠤᠯᠭᠠᠨ ᠵᠠᠰᠠᠭᠯᠠᠬᠤ ᠳᠤ ᠲᠡᠷᠡ ᠪᠠᠷ ᠦᠵᠦᠮᠦᠴᠢᠨ ᠵᠡᠭᠦᠨ ᠭᠠᠷᠤᠨ ᠬᠤᠰᠢᠭᠤᠨ ᠤ ᠠᠩᠬᠠᠨ ᠤ ᠪᠡᠶᠢᠯᠡ ᠸᠠᠩ ᠪᠤᠯᠵᠦ᠂ ᠶᠢᠰᠦᠨ ᠰᠤᠮᠤ ᠨᠢᠭᠡᠴᠡ ᠶᠢ ᠬᠠᠷᠢᠶᠠᠯᠠᠭᠤᠯᠤᠨ ᠬᠠᠮᠢᠶᠠᠷᠬᠤ ᠪᠤᠯᠵᠠᠢ᠃             ︿︿ᠭᠠᠩᠭ᠎ᠠ ᠶᠢᠨ ᠤᠷᠤᠰᠬᠠᠯ﹀﹀ ᠤᠨ ᠵᠤᠬᠢᠶᠠᠭᠴᠢ᠂ ᠲᠦᠷᠪᠡᠨ ᠬᠡᠯᠡᠨ ᠤ ᠡᠷᠳᠡᠮᠳᠡᠨ ᠦᠵᠦᠮᠦᠴᠢᠨ ᠭᠦᠩ ᠭᠤᠮᠪᠤᠵᠠᠪ      ᠭᠤᠮᠪᠤᠵᠠᠪ ᠪᠤᠯ 17 ᠳ᠋ᠤᠭᠠᠷ ᠵᠠᠭᠤᠨ ᠤ ᠰᠡᠭᠦᠯᠴᠢ ᠠᠴᠠ 18  ᠳ᠋ᠤᠭᠠᠷ ᠵᠠᠭᠤᠨ ᠤ ᠳᠤᠮᠳᠠᠴᠢ ᠦᠶ᠎ᠡ ᠶᠢᠨ ᠬᠦᠮᠦᠨ᠂ ᠤᠤᠯ ᠤᠨ ᠰᠢᠯᠢ ᠶᠢᠨ ᠭᠤᠤᠯ ᠴᠢᠭᠤᠯᠭᠠᠨ ᠤ ᠦᠵᠦᠮᠦᠴᠢᠨ ᠪᠠᠷᠠᠭᠤᠨ ᠬᠤᠰᠢᠭᠤᠨ ᠤ ᠲᠡᠷᠢᠭᠦᠨ ᠵᠡᠷᠭᠡ ᠶᠢᠨ ᠳᠤᠰᠠᠯᠠᠭᠴᠢ ᠳᠠᠶᠢᠵᠢ᠂ ᠵᠠᠰᠠᠭ ᠲᠦᠷᠦ ᠶᠢᠨ ᠬᠦᠩ ᠤᠳᠠᠷᠢ ᠨᠤᠶᠠᠨ ᠤ ᠬᠦᠪᠡᠭᠦᠨ ᠪᠤᠯᠤᠨ ᠮᠡᠨᠳᠦᠯᠡᠵᠠᠢ᠂ ᠲᠡᠷᠡ ᠲᠦᠷᠪᠡᠨ ᠲᠦᠷᠦᠯ ᠤᠨ ᠦᠭᠡ ᠬᠡᠯᠡ ᠦᠰᠦᠭ ᠪᠢᠴᠢᠭ ᠢ ᠨᠡᠪᠳᠡᠷᠬᠡᠢ ᠰᠤᠷᠤᠭᠰᠠᠨ᠂ ᠦᠨᠡᠨ ᠢ ᠪᠠᠷᠢᠮᠳᠠᠯᠠᠳᠠᠭ ᠡᠷᠳᠡᠮᠳᠡᠨ ᠬᠦᠮᠦᠨ ᠪᠠᠶᠢᠪᠠ᠂ ᠪᠡᠭᠡᠵᠢᠩ ᠳᠤ ︿︿ᠳᠠᠩᠭᠤᠳ ᠪᠢᠴᠢᠭ ᠤᠨ ᠰᠤᠷᠭᠠᠭᠤᠯᠢ ᠶᠢᠨ ᠪᠦᠭᠦᠳᠡ ᠶᠢ ᠵᠠᠬᠢᠨ ᠰᠤᠷᠭᠠᠭᠴᠢ﹀﹀ ᠪᠠᠷ ᠭᠤᠴᠢᠭᠠᠳ ᠵᠢᠯ ᠠᠵᠢᠯᠯᠠᠬᠤ ᠳᠠᠭᠠᠨ ᠦᠯ ᠬᠤᠭᠤᠯᠠ ᠶᠢ ᠤᠮᠠᠷᠳᠠᠨ᠂ ᠡᠳᠦᠷ ᠰᠦᠨᠢ ᠶᠢ ᠳᠡᠮᠡᠴᠡᠨ ᠡᠷᠳᠡᠮ ᠰᠢᠨᠵᠢᠯᠡᠭᠡᠨ ᠪᠠ ᠡᠯ᠎ᠡ ᠦᠨᠳᠦᠰᠦᠳᠡᠨ ᠤ ᠰᠤᠶᠤᠯ ᠤᠨ ᠰᠤᠯᠢᠯᠴᠠᠭᠠᠨ ᠤ ᠦᠢᠯᠡᠰ ᠲᠤ ᠦᠪᠡᠷ ᠤᠨ ᠬᠠᠷᠠᠮ ᠦᠭᠡᠢ ᠬᠤᠪᠢ ᠨᠡᠮᠡᠷᠢ ᠪᠠᠨ ᠦᠵᠡᠭᠦᠯᠦᠭᠰᠡᠨ ᠠᠴᠠ ︿︿ᠭᠠᠩᠭ᠎ᠠ ᠶᠢᠨ ᠤᠷᠤᠰᠬᠠᠯ﹀﹀ ᠵᠡᠷᠭᠡ ᠲᠡᠤᠬᠡ ᠶᠢᠨ ᠠᠯᠢ ᠤᠯᠠᠨ ᠪᠦᠲᠦᠭᠡᠯ᠂ ︿︿ᠭᠠᠨᠵᠤᠤᠷ﹀﹀᠂ ︿︿ᠳ᠋ᠠᠨᠵᠤᠤᠷ﹀﹀ ᠢ ᠤᠷᠴᠢᠭᠤᠯᠬᠤ ᠪᠤᠶᠤ ᠡᠷᠬᠢᠯᠡᠨ ᠵᠤᠬᠢᠶᠠᠨ ᠪᠠᠶᠢᠭᠤᠯᠤᠭᠰᠠᠨ ᠬᠢᠳᠡᠳ᠂ ᠮᠤᠩᠭᠤᠯ᠂ ᠲᠦᠪᠡᠳ ᠬᠡᠯᠡᠨ ᠤ ᠲᠤᠮᠤᠬᠠᠨ ᠪᠦᠲᠦᠭᠡᠯ ᠤᠳ ᠵᠡᠷᠭᠡ ᠡᠷᠳᠡᠨᠢᠰ ᠠᠴᠠ ᠦᠨ᠎ᠡ ᠴᠠᠨ᠎ᠠ ᠲᠠᠢ ᠰᠤᠶᠤᠯ ᠤᠨ ᠦᠪ ᠢ ᠦᠯᠡᠳᠡᠭᠡᠨ ᠦᠭᠭᠦᠭᠰᠡᠨ ᠶᠤᠮ᠂ ᠲᠡᠭᠦᠨ ᠤ ︿︿ᠭᠠᠩᠭ᠎ᠠ ᠶᠢᠨ ᠤᠷᠤᠰᠬᠠᠯ﹀﹀ ᠬᠡᠮᠡᠬᠦ ᠲᠡᠤᠬᠡ ᠶᠢᠨ ᠵᠤᠬᠢᠶᠠᠯ ᠨᠢ ᠳᠡᠯᠡᠬᠡᠢ ᠨᠡᠶᠢᠳᠡ ᠶᠢᠨ ᠮᠤᠩᠭᠤᠯ ᠰᠤᠳᠤᠯᠤᠯ ᠳᠤ ᠴᠢᠬᠤᠯᠠ ᠲᠤᠯᠭᠤᠷ ᠪᠢᠴᠢᠭ ᠢᠶᠠᠷ ᠬᠡᠷᠡᠭᠯᠡᠭᠳᠡᠨ ᠦᠨᠡᠯᠡᠭᠳᠡᠵᠦ ᠪᠠᠶᠢᠬᠤ ᠪᠦᠭᠡᠳ ᠵᠤᠬᠢᠶᠠᠯ ᠳᠠᠭᠠᠨ ᠮᠤᠩᠭᠤᠯ ᠦᠨᠳᠦᠰᠦᠳᠡᠨ ᠢᠶᠠᠨ ︿ᠭᠠᠩᠭ᠎ᠠ ᠶᠢᠨ ᠤᠷᠤᠰᠬᠠᠯ﹀ ᠮᠡᠳᠦ ᠦᠨᠢ ᠡᠭᠦᠷᠢᠳᠡ ᠦᠷᠭᠦᠯᠵᠢᠯᠡᠨ ᠴᠡᠴᠡᠭᠯᠡᠨ ᠬᠦᠭᠵᠢᠬᠦ ᠶᠢ ᠵᠦᠩᠨᠡᠭᠰᠡᠨ ᠪᠠᠶᠢᠳᠠᠭ᠃ ᠲᠡᠷᠡ ᠪᠤᠯ ︿︿ᠮᠡᠷᠭᠡᠳ ᠭᠠᠷᠬᠤ ᠶᠢᠨ ᠤᠷᠤᠨ﹀﹀ ᠬᠡᠮᠡᠬᠦ ᠲᠠᠪᠤᠨ ᠤᠬᠠᠭᠠᠨ ᠤ ᠲᠤᠯᠢ ᠵᠡᠷᠭᠡ ᠮᠠᠰᠢ ᠤᠯᠠᠨ ᠪᠦᠲᠦᠭᠡᠯ ᠢ ᠭᠤᠤᠯᠯᠠᠨ ᠤᠷᠴᠢᠭᠤᠯᠤᠨ ᠨᠠᠶᠢᠷᠠᠭᠤᠯᠤᠭᠰᠠᠨ ᠬᠡᠯᠡ ᠰᠢᠨᠵᠢᠯᠡᠭᠡᠨ ᠤ ᠡᠷᠳᠡᠮᠳᠡᠨ ᠪᠦᠭᠡᠳ ᠭᠠᠷᠮᠠᠭᠠᠢ ᠲᠡᠤᠬᠡ ᠰᠤᠶᠤᠯ ᠤᠨ ᠤᠬᠠᠭᠠᠨᠳᠠᠨ ᠪᠤᠯᠬᠤ ᠶᠤᠮ᠃               ︿︿ᠤᠭᠳᠠᠷᠭᠤᠢ ᠶᠢᠨ ᠮᠠᠨᠢ﹀﹀ ᠶᠢᠨ ᠵᠤᠬᠢᠶᠠᠭᠴᠢ᠂ ᠬᠡᠯᠡ ᠰᠢᠨᠵᠢᠯᠡᠯ ᠤᠨ ᠡᠷᠳᠡᠮᠳᠡᠨ  ᠮᠤᠯᠤᠮ ᠬᠤᠲᠤᠭᠳᠦ ᠯᠠᠮᠠ — ᠳᠠᠩᠽᠠᠨᠷᠠᠭᠸ᠎ᠠ      ᠳᠠᠩᠽᠠᠨᠷᠠᠭᠸ᠎ᠠ ᠪᠤᠯ ᠬᠦᠬᠡᠨᠠᠭᠤᠷ ᠤᠨ ᠷᠦᠵᠠ ᠬᠡᠶᠢᠳ ᠢᠶᠠᠷ ᠨᠤᠲᠤᠭᠳᠠᠢ ᠴᠠᠭᠠᠨ ᠮᠤᠩᠭᠤᠯ ᠤᠭᠰᠠᠭᠠᠳᠠᠨ ᠬᠦᠮᠦᠨ᠂ ᠲᠡᠷᠡ ᠰᠡᠳᠡᠨᠳᠤᠩᠳᠤᠪ ᠴᠢᠨ ᠸᠠᠩ ᠤᠨ ᠦᠶ᠎ᠡ ᠳᠤ ᠦᠵᠦᠮᠦᠴᠢᠨ ᠪᠡᠷᠡᠭᠤᠨ ᠬᠤᠰᠢᠭᠤᠨ ᠳᠤ ᠢᠷᠡᠵᠦ᠂ ᠱᠠᠰᠢᠨ ᠨᠤᠮ ᠢ ᠶᠡᠬᠡᠳᠡ ᠳᠡᠯᠭᠡᠷᠡᠭᠦᠯᠪᠡ᠂ ᠡᠶᠢᠮᠦ ᠪᠠᠷ ᠦᠵᠦᠮᠦᠴᠢᠨ ᠤ ᠦᠭᠯᠢᠭᠡ ᠬᠤᠷᠠᠭᠤᠯᠤᠭᠴᠢ ᠬᠡᠶᠢᠳ — ᠮᠤᠯᠤᠮ ᠯᠠᠮᠠ ᠶᠢᠨ ᠬᠦᠷᠢᠶ᠎ᠡ ᠰᠦᠮ᠎ᠡ ᠶᠢᠨ ᠲᠦᠷᠪᠡᠳᠦᠭᠡᠷ ᠬᠤᠪᠢᠯᠭᠠᠨ ᠲᠦᠷᠢ ᠪᠤᠯᠤᠭᠰᠠᠨ ᠪᠠᠶᠢᠨ᠎ᠠ᠃ ᠲᠡᠷᠡ ᠦᠵᠦᠮᠦᠴᠢᠨ ᠪᠠᠷᠠᠭᠤᠨ ᠬᠤᠰᠢᠭᠤᠨ ᠤ ᠤᠯᠠᠭᠠᠨ ᠬᠠᠭᠠᠯᠭ᠎ᠠ ᠶᠢᠨ ᠡᠯᠡᠰᠦᠨ ᠳᠤ ᠰᠠᠭᠤᠨ᠂ ᠠᠭᠸᠠᠩᠰᠤᠳᠪᠠ ᠯᠤᠭ᠎ᠠ ᠪᠠᠭᠰᠢ ᠱᠠᠪᠢ ᠶᠢᠨ ᠪᠠᠷᠢᠯᠳᠤᠯᠭ᠎ᠠ ᠲᠠᠢ ᠪᠤᠯᠵᠦ᠂ ᠱᠠᠰᠢᠨ ᠨᠤᠮ ᠳᠡᠯᠭᠡᠷᠡᠭᠦᠯᠬᠦ ᠠᠵᠢᠯ ᠢᠶᠠᠨ ᠡᠬᠢᠯᠡᠭᠦᠯᠦᠭᠰᠡᠨ ᠢᠶᠠᠷ ᠤᠯᠠᠨ ᠡᠷᠳᠡᠮᠳᠡᠢ ᠱᠠᠪᠢ ᠨᠠᠷ ᠢ ᠬᠦᠮᠦᠵᠢᠭᠦᠯᠦᠭᠰᠡᠨ ᠶᠤᠮ᠂ ᠲᠡᠷᠡ ᠡᠷᠳᠡᠮ ᠮᠡᠳᠡᠯᠭᠡ ᠦᠷᠭᠡᠨ ᠭᠦᠨ ᠲᠦᠪᠡᠳ ᠮᠤᠩᠭᠤᠯ ᠬᠡᠯᠡᠨ ᠳᠤ ᠨᠡᠪᠳᠡᠷᠬᠡᠢ ᠲᠤᠯᠠ ᠪᠡᠭᠡᠵᠢᠩ ᠳᠠᠬᠢ ᠮᠤᠩᠭᠤᠯ ᠭᠠᠨᠵᠤᠤᠷ ᠢ ᠠᠷᠢᠭᠤᠳᠬᠠᠨ ᠰᠢᠭᠦᠵᠦ ᠤᠷᠴᠢᠭᠤᠯᠬᠤ ᠠᠵᠢᠯ ᠳᠤ ᠤᠷᠤᠯᠴᠠᠭᠰᠠᠨ ᠪᠦᠭᠡᠳ ᠳᠡᠯᠡᠬᠡᠢ ᠳᠤ ᠨᠦᠯᠦᠭᠡ ᠪᠦᠬᠦᠢ ᠬᠡᠯᠡ ᠰᠢᠨᠵᠢᠯᠡᠯ ᠤᠨ ᠵᠤᠬᠢᠶᠠᠯ ᠪᠤᠯᠬᠤ ︿︿ᠤᠭᠳᠠᠷᠭᠤᠢ ᠶᠢᠨ ᠮᠠᠨᠢ﹀﹀ ᠪᠠᠨ ᠵᠤᠬᠢᠶᠠᠵᠦ ᠠᠯᠳᠠᠷᠰᠢᠭᠤᠯᠤᠭᠰᠠᠨ ᠪᠠᠶᠢᠯ᠎ᠠ᠂ ᠲᠡᠷᠡ ᠪᠤᠯ ᠮᠤᠩᠭᠤᠯ ᠦᠰᠦᠭ ᠪᠢᠴᠢᠭ ᠤᠨ ᠴᠤᠭᠴᠠᠯᠠᠯᠳᠠ ᠳᠤ ᠬᠤᠪᠢ ᠨᠡᠮᠡᠷᠢ ᠪᠠᠨ ᠦᠵᠡᠭᠦᠯᠦᠭᠰᠡᠨ ᠰᠤᠶᠤᠯ ᠤᠨ ᠵᠢᠳᠭᠦᠯᠳᠡᠨ ᠪᠤᠯᠬᠤ ᠪᠠᠷ ᠪᠠᠷᠠᠬᠤ ᠦᠭᠡᠢ ᠦᠵᠦᠮᠦᠴᠢᠨ ᠨᠤᠲᠤᠭ ᠲᠤ ᠨᠤᠮ ᠤᠨ ᠴᠠᠭᠠᠨ ᠪᠤᠶᠠᠨ ᠢ ᠢᠪᠡᠭᠡᠭᠰᠡᠨ ᠨᠢᠭᠦᠯᠡᠰᠦᠩᠭᠦᠢ ᠰᠡᠳᠭᠢᠯᠳᠡᠨ᠂ ᠰᠢᠷ᠎ᠠ ᠶᠢᠨ ᠱᠠᠰᠢᠨ ᠢ ᠳᠡᠯᠭᠡᠷᠡᠭᠦᠯᠦᠭᠰᠡᠨ ᠭᠡᠭᠡᠨᠳᠡᠨ ᠪᠤᠯᠬᠤ ᠶᠤᠮ᠃               ︿︿ᠠᠯᠳᠠᠨ ᠲᠤᠪᠴᠢ﹀﹀ ᠶᠢᠨ ᠵᠤᠬᠢᠶᠠᠭᠴᠢ᠂ ᠭᠠᠬᠢᠯ ᠰᠦᠮ᠎ᠡ ᠶᠢᠨ ᠪᠠᠷᠠᠭᠤᠨ ᠬᠠᠮᠪᠤ ᠯᠠᠮᠠ — ᠯᠤᠪᠰᠠᠩᠳᠡᠨᠵᠢᠨ      ᠯᠤᠪᠰᠠᠩᠳᠠᠨᠵᠢᠨ ᠪᠤᠯ 18 ᠳ᠋ᠤᠭᠠᠷ ᠵᠠᠭᠤᠨ ᠤ ᠬᠦᠮᠦᠨ᠂ ᠦᠵᠦᠮᠦᠴᠢᠨ ᠪᠡᠶᠢᠯᠡ ᠶᠢᠨ ᠬᠤᠰᠢᠭᠤᠨ ᠤ ᠭᠠᠬᠢᠯ ᠰᠦᠮ᠎ᠡ ᠶᠢᠨ ᠪᠠᠷᠠᠭᠤᠨ ᠬᠠᠮᠪᠤ ᠯᠠᠮᠠ᠂ ᠡᠷᠳᠡ ᠬᠠᠯᠬ᠎ᠠ ᠶᠢᠨ ᠭᠦᠨ ᠭᠠᠯᠠᠭᠤᠳᠦ ᠨᠠᠬᠤ ᠨᠠᠪᠴᠢᠳᠦ ᠭᠡᠳᠡᠭ ᠭᠠᠵᠠᠷ ᠠᠴᠠ ᠨᠡᠭᠦᠵᠦ ᠢᠷᠡᠭᠰᠡᠨ ᠤᠷᠢᠶᠠᠩᠬᠠᠨ ᠤᠪᠤᠭᠳᠦ ᠵᠤᠯᠵᠠᠭ᠎ᠠ ᠭᠡᠭᠴᠢ ᠶᠢᠨ ᠬᠤᠶᠢᠴᠢᠰ ᠪᠤᠯᠤᠨ ᠮᠡᠨᠳᠦᠯᠡᠵᠦ᠂ ᠪᠠᠭ᠎ᠠ ᠶᠢᠨ ᠨᠡᠷ᠎ᠡ ᠯᠤᠪᠰᠠᠩᠷᠢᠨᠴᠢᠨ ᠭᠡᠳᠡᠭ᠂ ᠭᠠᠬᠢᠯ ᠰᠦᠮ᠎ᠡ ᠶᠢᠨ ᠤᠤᠭᠠᠨ ᠱᠠᠪᠢ ᠶᠢᠨ ᠨᠢᠭᠡ ᠪᠠᠶᠢᠵᠦ᠂ ᠲᠦᠪᠡᠳ ᠤᠨ ᠯᠾᠠᠰᠨ ᠳᠤ ᠬᠦᠷᠴᠦ ᠱᠠᠰᠢᠨ ᠨᠤᠮ ᠰᠤᠷᠤᠭᠰᠠᠨ ᠢᠶᠠᠷ ᠳᠠᠯᠠᠢ ᠯᠠᠮᠠ ᠠᠴᠠ ᠭᠠᠪᠵᠦ ᠶᠢᠨ ᠮᠢᠨᠳᠠᠭ ᠭᠠᠰᠢᠭ ᠳᠠᠮᠠᠭ᠎ᠠ ᠪᠠᠷ ᠱᠠᠩᠨᠠᠭᠳᠠᠵᠦ ᠶᠠᠪᠤᠵᠠᠢ᠂ ᠰᠠᠬᠢᠯ ᠤᠨ ᠨᠡᠷ᠎ᠡ ᠨᠢ ᠯᠤᠪᠰᠠᠩᠳᠠᠨᠵᠢᠨ ᠬᠡᠮᠡᠨ ᠠᠯᠳᠠᠷᠰᠢᠬᠤ ᠪᠤᠯᠪᠠ᠂ ᠨᠤᠲᠤᠭ ᠤᠰᠤᠨ ᠤ ᠬᠢᠨ ᠡᠳᠡᠨ ᠤ ᠬᠤᠶᠢᠴᠢᠰ ᠢ ︿ᠯᠠᠮᠠ ᠶᠢᠨ ᠨᠠᠶᠢᠮᠠᠭ﹀ ᠭᠡᠵᠦ ᠳᠠᠭᠤᠳᠠᠯᠴᠠᠳᠠᠭ᠃  ᠲᠡᠷᠡ ᠲᠦᠪᠡᠳ ᠮᠤᠩᠭᠤᠯ ᠳᠤ ᠪᠤᠯᠪᠠᠰᠤᠷᠠᠩᠭᠤᠢ᠂ ᠡᠷᠳᠡᠮ ᠮᠡᠳᠡᠯᠭᠡ ᠳᠤ ᠨᠡᠪᠳᠡᠷᠬᠡᠢ ᠲᠤᠯᠠ ᠤᠯᠤᠰ ᠤᠨ ᠴᠢᠨᠡᠷᠳᠡᠢ ᠳ᠋ᠠᠨᠵᠤᠤᠷ ᠢ ᠤᠷᠴᠢᠭᠤᠯᠬᠤ ᠠᠵᠢᠯ ᠳᠤ ᠭᠤᠮᠪᠤᠵᠠᠪ ᠨᠡᠷ ᠤᠨ ᠬᠠᠮᠳᠦ ᠤᠷᠤᠯᠴᠠᠭᠰᠠᠨ ᠪᠦᠭᠡᠳ ᠳ᠋ᠠᠨᠵᠤᠤᠷ ᠤᠨ 7 ᠪᠠ 95 ᠳ᠋ᠤᠭᠠᠷ ᠪᠤᠳᠢ᠂ ᠪᠤᠰᠤᠳ ᠡᠯ᠎ᠡ ᠪᠤᠳᠢ ᠶᠢᠨ ᠤᠯᠠᠨ ᠭᠡᠰᠡᠭ ᠪᠦᠯᠦᠭ ᠢ ᠮᠤᠩᠭᠤᠯᠴᠢᠯᠠᠨ ᠤᠷᠴᠢᠭᠤᠯᠤᠯ᠎ᠠ ᠭᠡᠳᠡᠭ ᠂ ᠯᠤᠪᠰᠠᠩᠳᠠᠨᠵᠢᠨ ᠦᠨᠳᠦᠷ ᠭᠦᠨᠴᠡ ᠮᠡᠳᠡᠯᠭᠡ ᠡᠯᠪᠡᠭ ᠪᠠᠶᠠᠯᠢᠭ ᠨᠤᠮ ᠰᠤᠳᠤᠷ ᠲᠠᠭᠠᠨ ᠲᠦᠰᠢᠭᠯᠡᠵᠦ᠂ ᠴᠢᠩᠭᠢᠰ ᠬᠠᠭᠠᠨ ᠠᠴᠠ ᠯᠢᠭᠳᠡᠨ ᠬᠤᠲᠤᠭᠳᠦ ᠬᠠᠭᠠᠨ ᠬᠦᠷᠳᠡᠯᠡᠬᠢ ᠮᠤᠩᠭᠤᠯ ᠤᠨ ᠲᠡᠤᠬᠡᠨ ᠨᠠᠮᠳᠠᠷ ᠢ ᠲᠤᠭᠤᠷᠪᠢᠭᠰᠠᠨ ︿︿ᠠᠯᠳᠠᠨ ᠲᠤᠪᠴᠢ﹀﹀ ᠬᠡᠮᠡᠬᠦ ᠨᠤᠮ ᠢᠶᠠᠨ ᠪᠢᠴᠢᠵᠦ᠂ ᠦᠯᠡᠳᠡᠭᠡᠨ ᠦᠪᠯᠡᠭᠰᠡᠨ ᠪᠠᠶᠢᠨ᠎ᠠ᠂ ᠤᠳᠦ ᠡᠨᠡ ᠬᠦ ᠠᠯᠳᠡᠷᠳᠦ ᠪᠦᠳᠦᠭᠡᠯ ᠨᠢ ᠳᠡᠯᠡᠬᠡᠢ ᠶᠢᠨ ᠮᠤᠩᠭᠤᠯᠴᠢ ᠡᠷᠳᠡᠮᠳᠡᠳ ᠤᠨ ᠠᠩᠬᠠᠷᠤᠯ ᠢ ᠳᠡᠳᠡᠵᠦ᠂ ᠮᠤᠩᠭᠤᠯ ᠡᠷᠳᠡᠮ ᠰᠢᠨᠵᠢᠯᠡᠭᠡᠨ ᠤ ᠴᠢᠬᠤᠯᠠ ᠲᠤᠯᠭᠤᠷ ᠪᠢᠴᠢᠭ ᠢᠶᠠᠷ ᠦᠨᠡᠯᠡᠭᠳᠡᠨ ᠬᠡᠷᠡᠭᠯᠡᠭᠳᠡᠵᠦ ᠪᠤᠢ᠃              ︿︿ᠠᠯᠳᠠᠨ ᠬᠦᠷᠳᠦ ᠮᠢᠩᠭᠠᠨ ᠬᠡᠭᠡᠰᠦᠳᠦ﹀﹀ ᠶᠢᠨ ᠵᠤᠬᠢᠶᠠᠭᠴᠢ᠂ ᠢᠨᠵᠠᠭᠠᠨ ᠰᠦᠮ᠎ᠡ ᠶᠢᠨ ᠠᠩᠬᠠᠳᠠᠭᠴᠢ ᠰᠢᠷᠡᠭᠡᠨ ᠯᠠᠮᠠ — ᠳ᠋ᠾᠠᠷᠮ᠎ᠠ  ᠭᠦᠤᠰᠢ      ᠳ᠋ᠾᠠᠷᠮ᠎ᠠ ᠭᠦᠤᠰᠢ ᠪᠤᠯ 18 ᠳ᠋ᠤᠭᠠᠷ ᠵᠠᠭᠤᠨ ᠤ ᠬᠦᠮᠦᠨ᠂ ᠦᠵᠦᠮᠦᠴᠢᠨ ᠤ ᠢᠨᠵᠠᠭᠠᠨ ᠰᠦᠮ᠎ᠡ ᠶᠢᠨ ᠠᠩᠬᠠᠳᠤᠭᠠᠷ ᠬᠤᠪᠢᠯᠭᠠᠨᠳᠠᠨ᠂ ᠢᠨᠵᠠᠭᠠᠨ ᠰᠦᠮ᠎ᠡ ᠶᠢ ᠡᠭᠦᠰᠭᠡᠨ ᠪᠠᠶᠢᠭᠤᠯᠤᠭᠴᠢ ᠰᠢᠷᠡᠭᠡᠨ ᠯᠠᠮᠠ ᠪᠤᠯᠤᠨ᠎ᠠ᠂ ᠦᠵᠦᠮᠦᠴᠢᠨ ᠬᠤᠱᠤᠢ ᠰᠡᠴᠡᠨ ᠴᠢᠨ ᠸᠠᠩ ᠷᠠᠪᠳᠠᠨᠨᠠᠮᠵᠢᠯ ᠤᠨ ᠦᠶ᠎ᠡ ᠳᠤ ᠰᠢᠷ᠎ᠠ ᠶᠢᠨ ᠱᠠᠰᠢᠨ ᠤ ︿︿ᠶᠡᠭᠡ ᠳᠠᠪᠤᠨ ᠤᠬᠠᠭᠠᠨ﹀﹀᠂ ︿︿ᠪᠠᠭ᠎ᠠ ᠳᠠᠪᠤᠨ ᠤᠬᠠᠭᠠᠨ﹀﹀ ᠳᠤ ᠨᠡᠪᠳᠡᠷᠡᠭᠡᠳ ᠡᠷᠳᠡᠮ ᠤᠨ ᠴᠤᠯᠠ ᠭᠦᠷᠳᠡᠭᠰᠡᠨ ᠭᠠᠪᠵᠦ ᠯᠠᠮᠠ ᠪᠤᠯᠪᠠ᠂ 1739 ᠤᠨ ᠳᠤ ︿︿ᠠᠯᠳᠠᠨ ᠬᠦᠷᠳᠦᠨ ᠮᠢᠩᠭᠠᠨ ᠬᠡᠭᠡᠰᠦᠳᠦ﹀﹀ ᠬᠡᠮᠡᠬᠦ ᠠᠯᠳᠠᠷᠳᠦ ᠲᠡᠤᠬᠡᠨ ᠨᠤᠮ ᠢᠶᠠᠨ ᠪᠢᠴᠢᠵᠦ᠂ ᠮᠤᠩᠭᠤᠯ ᠲᠡᠤᠬᠡ ᠰᠤᠶᠤᠯ ᠤᠨ ᠦᠢᠯᠡᠰ ᠲᠤ ᠪᠠᠯᠠᠷᠠᠰᠢ ᠦᠭᠡᠢ ᠬᠤᠪᠢ ᠨᠡᠮᠡᠭᠦᠷᠢ ᠪᠠᠨ ᠦᠵᠡᠭᠦᠯᠦᠭᠰᠡᠨ ᠶᠤᠮ᠂ ︿︿ᠬᠡᠭᠡᠰᠦᠳᠦ﹀﹀ ᠪᠢᠴᠢᠭ ᠨᠢ ᠳᠡᠯᠡᠬᠡᠢ ᠶᠢᠨ ᠮᠤᠩᠭᠤᠯ ᠰᠤᠳᠤᠯᠭᠠᠨ ᠳᠠᠬᠢ ᠴᠢᠬᠤᠯᠠ ᠲᠤᠯᠭᠤᠷ ᠪᠢᠴᠢᠭ ᠢᠶᠠᠷ ᠦᠨᠡᠯᠡᠭᠳᠡᠨ ᠬᠡᠷᠡᠭᠯᠡᠭᠳᠡᠵᠦ ᠪᠤᠢ  ᠃                     ᠡᠬᠡ ᠤᠷᠤᠨᠴᠢ ᠦᠵᠡᠯᠳᠡᠨ —  ᠰᠤᠳᠨᠠᠮᠷᠠᠪᠳᠠᠨ ᠴᠢᠨ ᠸᠠᠩ      ᠰᠤᠳᠨᠠᠮᠷᠠᠪᠳᠠᠨ ᠪᠤᠯ 1899 ᠤᠨ ᠳᠤ ᠦᠵᠦᠮᠦᠴᠢᠨ ᠪᠠᠷᠠᠭᠤᠨ ᠬᠤᠰᠢᠭᠤᠨ ᠤ ᠵᠠᠰᠠᠭ ᠬᠤᠱᠤᠢ ᠴᠢᠨ ᠸᠠᠩ ᠤᠨ ᠵᠡᠷᠭᠡ ᠬᠡᠷᠬᠡᠮ ᠢ ᠵᠠᠯᠭᠠᠮᠵᠢᠯᠠᠪᠠ᠂ ᠲᠡᠷᠡ  ᠰᠢᠯᠢ ᠶᠢᠨ ᠭᠤᠤᠯ ᠴᠢᠭᠤᠯᠭᠠᠨ ᠤ ᠳᠡᠳ᠋ ᠵᠢᠩᠬᠢᠨᠢ ᠳᠠᠷᠤᠭ᠎ᠠ ᠶᠢᠨ ᠲᠤᠰᠢᠶᠠᠯ ᠤᠨ ᠠᠯᠪᠠᠨ ᠳᠤ ᠭᠤᠴᠢ ᠭᠠᠷᠤᠢ ᠵᠢᠯ ᠦᠢᠯᠡᠴᠢᠯᠡᠵᠦ᠂ ᠲᠤᠬᠠᠢ ᠶᠢᠨ ᠦᠶ᠎ᠡ ᠶᠢᠨ ᠴᠠᠬᠠᠷ ᠮᠤᠵᠢ ᠶᠢᠨ ᠵᠠᠰᠠᠭ ᠤᠨ ᠭᠠᠵᠠᠷ ᠤᠨ ᠭᠡᠰᠢᠭᠦᠨ᠂ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠶᠠᠪᠤᠳᠠᠯ ᠤᠨ ᠬᠤᠷᠢᠶᠠᠨ ᠤ ᠲᠠᠷᠤᠭ᠎ᠠ᠂ ᠠᠮᠤᠷ ᠢ ᠬᠠᠮᠠᠭᠠᠯᠠᠬᠤ ᠶᠡᠷᠦᠩᠬᠡᠢ ᠰᠧᠯᠢᠩ᠂ ᠬᠠᠭᠤᠷᠮᠠᠭ ᠮᠤᠩᠭᠤᠯ ᠤᠨ ᠴᠡᠷᠢᠭ ᠵᠠᠰᠠᠭ ᠤᠨ ᠤᠷᠳᠤᠨ ᠤ ᠳᠡᠳ᠋ ᠲᠡᠷᠢᠭᠦᠯᠡᠭᠴᠢ ᠶᠢᠨ ᠲᠦᠷᠦ ᠨᠡᠶᠢᠭᠡᠮ ᠤᠨ ᠴᠢᠬᠤᠯᠠ ᠲᠤᠰᠢᠶᠠᠯ ᠤᠳ ᠢ ᠬᠠᠪᠰᠤᠷᠭᠠᠨ ᠬᠠᠷᠢᠭᠤᠴᠠᠵᠦ ᠪᠠᠶᠢᠭᠰᠠᠨ ᠦᠪᠦᠷ ᠮᠤᠩᠭᠤᠯ ᠤᠨ ᠲᠡᠤᠬᠡᠨ ᠳᠤ ᠨᠡᠷ᠎ᠡ ᠬᠦᠨᠳᠦᠳᠡᠢ ᠤᠯᠤᠰ ᠲᠦᠷᠦᠴᠢᠨ ᠪᠠᠶᠢᠪᠠ᠂ ᠨᠢᠭᠡᠨ ᠡᠳᠦᠷ  ᠶᠠᠫᠤᠨ ᠬᠦᠮᠦᠨ ᠢᠷᠡᠵᠦ ᠰᠤ ᠴᠢᠨ ᠸᠠᠩ ᠠᠴᠠ ︿︿ᠬᠠᠯᠬ᠎ᠠ ᠮᠤᠩᠭᠤᠯ ᠤᠨ ᠤᠯᠠᠭᠠᠨ ᠨᠠᠮ᠂ ᠮᠠᠨᠵᠦ ᠤᠯᠤᠰ᠂ ᠲᠤᠮᠳᠡᠳᠦ ᠢᠷᠭᠡᠨ ᠤᠯᠤᠰ᠂ ᠮᠠᠨ ᠤ ᠶᠠᠫᠤᠨ ᠤᠯᠤᠰ ᠤᠨ ᠠᠯᠢ ᠶᠢ ᠨᠢ ᠳᠠᠭᠠᠬᠤ ᠪᠤᠢ﹀﹀ ᠭᠡᠰᠡᠨ ᠳᠤ ︿︿ᠪᠢ ᠪᠤᠯ ᠴᠢᠭᠤᠯᠭᠠᠨ ᠲᠠᠷᠤᠭ᠎ᠠ ᠬᠦᠮᠦᠨ᠂ ᠲᠤᠮᠳᠠᠳᠦ ᠢᠷᠭᠡᠨ ᠤᠯᠤᠰ ᠮᠠᠨ ᠳᠤ ᠮᠠᠭᠤ ᠦᠭᠡᠢ᠂ ᠳᠡᠭᠡᠷᠡᠩᠭᠦᠢ ᠢᠳᠡᠷᠡᠭᠦᠨ ᠠᠯᠢ ᠨᠢᠭᠡ ᠬᠦᠮᠦᠨ ᠢ ᠪᠢ ᠳᠠᠭᠠᠬᠤ ᠦᠭᠡᠢ᠂ ᠳᠡᠯᠡᠬᠡᠢ ᠭᠦᠷᠦᠨ ᠤ ᠶᠡᠭᠡ ᠶᠣᠰᠤ ᠶᠢ ᠳᠠᠭᠠᠨ᠎ᠠ﹀﹀ ᠭᠡᠵᠦ ᠡᠷᠡᠰ ᠳᠠᠰᠤ ᠬᠠᠷᠢᠭᠤᠯᠤᠯ᠎ᠠ ᠭᠡᠳᠡᠭ᠂ ᠪᠠᠰᠠ ᠨᠢᠭᠡᠨ ᠡᠳᠦᠷ ᠶᠠᠫᠤᠨᠴᠤᠳ ᠰᠢᠯᠢ ᠶᠢᠨ ᠭᠤᠤᠯ ᠢ ᠲᠤᠪᠳᠤᠯᠵᠦ᠂ ᠤᠯᠠᠨ ᠲᠤᠭᠠᠨ ᠤ ᠮᠠᠰᠢᠨ ᠲᠡᠷᠭᠡ ᠪᠠᠷ ᠦᠪᠴᠢ ᠬᠤᠶᠠᠭᠳᠦ ᠴᠡᠷᠢᠭ ᠤᠳ ᠢᠶᠠᠨ ᠲᠡᠭᠡᠭᠡᠵᠦ ᠪᠠᠰᠠ ᠬᠤᠶᠠᠷ ᠨᠢᠰᠭᠡᠯ ᠤᠨ ᠠᠭᠠᠷ ᠤᠨ ᠰᠡᠷᠭᠡᠶᠢᠯᠡᠯᠳᠡ ᠲᠠᠢ ᠪᠠᠷ ᠬᠠᠮᠤᠭ ᠲᠦᠷᠦᠭᠦᠨ ᠳᠤ ᠦᠵᠦᠮᠦᠴᠢᠨ ᠸᠠᠩ ᠤᠨ ᠤᠷᠳᠤᠨ ᠪᠤᠯᠤᠨ ᠬᠤᠰᠢᠭᠤ ᠶᠠᠮᠤᠨ ᠢ ᠪᠦᠰᠡᠯᠡᠨ ᠠᠪᠴᠤ ᠲᠤᠰᠠᠯᠠᠭᠴᠢ ᠠᠴᠠ ᠡᠬᠢᠯᠡᠨ ᠤᠯᠠᠨ ᠬᠦᠮᠦᠨ ᠢ ᠫᠤᠤ ᠲᠤᠯᠭᠠᠨ ᠬᠦᠭᠡᠭᠡᠨ ᠭᠠᠷᠴᠤ᠂ ᠸᠠᠩ ᠤᠨ ᠤᠷᠳᠤᠨ ᠳᠤ ᠠᠪᠴᠢᠷᠠᠭᠠᠳ ᠳᠠᠬᠢᠨ ᠰᠤᠳᠨᠠᠮᠷᠠᠪᠳᠠᠨ ᠪᠠ ᠪᠠᠶᠠᠨᠪᠤᠯᠠᠭ ᠬᠤᠶᠠᠷ ᠢ ᠤᠯᠠᠨ ᠠᠴᠠ ᠰᠠᠯᠭᠠᠵᠦ ᠫᠤᠤ ᠲᠤᠯᠭᠠᠵᠦ ︿︿ᠲᠠᠨ ᠤ ᠰᠢᠯᠢ ᠶᠢᠨ ᠭᠤᠤᠯ ᠤᠨ ᠴᠢᠭᠤᠯᠭᠠᠨ᠂ ᠮᠠᠨ ᠤ ᠶᠠᠫᠤᠨ ᠬᠠᠭᠠᠨ ᠤ ᠵᠠᠷᠯᠢᠭ ᠢ ᠳᠠᠭᠠᠵᠦ᠂ ᠮᠠᠨᠵᠦ ᠤᠯᠤᠰ ᠲᠤ ᠤᠷᠤᠵᠦ ᠦᠭᠬᠦ ᠬᠡᠷᠡᠭᠳᠡᠢ﹀﹀ ᠭᠡᠵᠦ ᠰᠦᠷᠳᠡᠭᠦᠯᠬᠦ ᠳᠤ ᠰᠤ ᠴᠢᠨ ᠸᠠᠩ ᠦᠴᠦᠬᠡᠨ ᠴᠤ ᠴᠢᠷᠠᠢ ᠬᠤᠪᠢᠯᠬᠤ ᠮᠠᠶ᠋ᠢᠭ ᠦᠭᠡᠢ ᠪᠠᠷ ︿︿ᠲᠠ ᠨᠠᠷ ᠬᠤᠶᠠᠷᠬᠠᠨ ᠬᠦᠮᠦᠨ ᠢ ᠠᠯᠠᠴᠢᠬᠠᠳ ᠰᠢᠯᠢ ᠶᠢᠨ ᠭᠤᠤᠯ ᠴᠢᠭᠤᠯᠭᠠᠨ ᠢ ᠤᠷᠤᠭᠤᠯᠤᠴᠢᠬᠠᠨ᠎ᠠ ᠭᠡᠳᠡᠭ ᠴᠢᠨᠢ ᠱᠠᠯ ᠳᠠᠮᠠᠢ ᠬᠡᠷᠡᠭ᠂ ᠬᠠᠷᠢᠨ ᠮᠠᠨ ᠤ ᠴᠢᠭᠤᠯᠭᠠᠨ ᠤ ᠬᠤᠷᠠᠯ ᠢᠶᠠᠷ ᠶᠠᠷᠢᠯᠴᠠᠪᠠᠯ ᠵᠤᠬᠢᠨ᠎ᠠ﹀﹀ ᠬᠡᠭᠦ ᠳᠤ ︿︿ᠲᠠ ᠴᠢᠨᠢ ᠴᠢᠭᠤᠯᠭᠠᠨ ᠳᠠᠷᠤᠭ᠎ᠠ ᠪᠠᠶᠢᠭᠠᠳ ᠶᠠᠭᠠᠬᠢᠭᠠᠳ ᠮᠡᠳᠡᠳᠡᠭ ᠦᠭᠡᠢ ᠶᠤᠮ︖﹀﹀ ᠭᠡᠵᠦ ᠶᠠᠫᠤᠨ ᠬᠦᠮᠦᠨ ᠢ ᠠᠰᠠᠭᠤᠬᠤ ᠳᠤ ︿︿ᠪᠢ ᠭᠠᠭᠴᠠᠭᠠᠷ ᠡᠵᠡᠨ ᠮᠡᠳᠡᠵᠦ ᠴᠢᠳᠠᠬᠤ ᠦᠭᠡᠢ᠂ ᠤᠯᠠᠨ ᠨᠤᠶᠠᠳ ᠲᠤᠰᠢᠶᠠᠯᠳᠠᠨ ᠲᠠᠢ ᠵᠦᠪᠳᠡᠬᠦ ᠨᠢ ᠵᠦᠢ ᠶᠤᠰᠤᠨ ᠤ ᠬᠡᠷᠡᠭ﹀﹀ ᠭᠡᠵᠦ ᠡᠷᠡᠰ ᠳᠠᠰᠦ ᠵᠤᠷᠢᠭ ᠢᠶᠠᠨ ᠢᠯᠡᠷᠬᠡᠶᠢᠯᠡᠬᠦ ᠳᠤ ᠶᠠᠫᠤᠨ ᠤ ᠭᠤᠸᠠᠨᠳᠦᠩᠵᠢᠶᠦᠨ ᠴᠡᠷᠢᠭ ᠤᠨ ᠰᠧᠯᠢᠩ ᠲᠢᠶᠠᠨ ᠵᠦᠩ ᠯᠦᠩ ᠵᠢᠢ ᠶᠠᠭᠤ ᠪᠤᠳᠤᠭᠰᠠᠨ ᠢ ᠪᠤᠤ ᠮᠡᠳᠡ᠂ ᠶᠡᠬᠡᠯ᠎ᠡ ᠢᠨᠢᠶᠡᠭᠡᠳ ᠴᠡᠷᠢᠭ ᠢᠶᠠᠨ ᠳᠠᠳᠠᠭᠰᠠᠨ ᠪᠠᠶᠢᠵᠠᠢ᠃      ᠰᠤᠳᠨᠠᠮᠷᠠᠪᠳᠠᠨ ᠴᠢᠨ ᠸᠠᠩ ᠲᠡᠷᠡ ᠬᠦ ᠦᠢᠮᠡᠭᠡᠨ ᠪᠤᠳᠤᠯᠢᠶᠠᠨ ᠲᠠᠢ ᠤᠯᠤᠰ ᠲᠦᠷᠦ ᠶᠢᠨ ᠬᠦᠴᠦᠨ ᠤ ᠰᠠᠮᠠᠭᠤᠷᠠᠯ ᠵᠢᠴᠢ ᠬᠠᠷᠢ ᠶᠢᠨ ᠲᠦᠷᠢᠮᠡᠬᠡᠶᠢᠯᠡᠭᠴᠢᠳ ᠳᠤ ᠡᠵᠡᠯᠡᠭᠳᠡᠭᠰᠡᠨ ᠪᠠᠶᠢᠳᠠᠯ ᠤᠨ ᠲᠤᠤᠷ᠎ᠠ ᠨᠢᠭᠡᠨ ᠤᠯᠤᠰ ᠲᠦᠷᠦᠴᠢ ᠶᠢᠨ ᠬᠤᠪᠢ ᠪᠠᠷ ᠴᠢᠭᠤᠯᠭᠠᠨ ᠬᠤᠰᠢᠭᠤ ᠪᠠᠨ ᠠᠯᠢ ᠴᠢᠳᠠᠬᠤ ᠪᠠᠷ ᠪᠠᠶ᠎ᠡ ᠪᠠᠨ ᠳᠠᠭᠠᠭᠠᠭᠰᠠᠨ᠂ ᠨᠡᠶᠢᠭᠡᠮ ᠤᠨ ᠬᠦᠭᠵᠢᠯ ᠤᠨ ᠵᠢᠮ᠎ᠡ ᠶᠤᠰᠤ ᠪᠠᠷ ᠨᠤᠲᠤᠭ ᠤᠷᠤᠨ ᠤ ᠠᠰᠠᠭᠤᠳᠠᠯ ᠢᠶᠠᠨ ᠦᠪᠡᠷᠳᠡᠭᠡᠨ ᠰᠡᠢᠳᠪᠤᠷᠢᠯᠡᠵᠦ᠂ ᠨᠡᠶᠢᠭᠡᠮ ᠤᠨ ᠡᠩᠬᠡ ᠳᠠᠶᠢᠪᠤᠩ ᠲᠤᠭᠳᠠᠭᠤᠨ ᠪᠠᠶᠢᠯᠭᠠᠬᠤ ᠶᠢ ᠵᠤᠷᠢᠭᠰᠠᠨ ᠪᠠᠶᠢᠨ᠎ᠠ᠃                         ᠠᠬᠤᠶᠢᠴᠢ ᠦᠵᠡᠯ ᠤᠨ ᠢᠷᠠᠭᠤ ᠨᠠᠶᠢᠷᠠᠭᠴᠢ —  ᠭᠠᠮᠠᠯᠠ ᠵᠠᠬᠢᠷᠤᠭᠴᠢ      ᠭᠠᠮᠠᠯᠠ ᠪᠤᠯ 19 ᠳ᠋ᠤᠭᠡᠷ ᠵᠠᠭᠤᠨ ᠤ ᠰᠡᠭᠦᠯᠴᠢ 20 ᠳ᠋ᠤᠭᠠᠷ ᠵᠠᠭᠤᠨ ᠤ ᠡᠬᠢᠨ ᠤ ᠦᠶ᠎ᠡ ᠶᠢᠨ ᠬᠦᠮᠦᠨ᠂ ᠰᠢᠯᠢ ᠶᠢᠨ ᠭᠤᠤᠯ ᠴᠢᠭᠤᠯᠭᠠᠨ ᠤ ᠦᠵᠦᠮᠦᠴᠢᠨ ᠵᠡᠭᠦᠨ ᠭᠠᠷᠤᠨ ᠬᠤᠰᠢᠭᠤᠨ ᠤ ᠠᠬᠢ ᠰᠤᠮᠤᠨ ᠤ ᠬᠠᠷᠢᠶᠠᠳᠦ ᠬᠠᠪᠬᠠᠴᠢᠨ ᠤᠪᠤᠭᠳᠠᠢ ᠬᠡᠤᠬᠡᠨ ᠤ ᠶᠡᠭᠡ ᠬᠦᠪᠡᠭᠦᠨ ᠪᠤᠯᠤᠨ ᠵᠠᠶᠠᠭᠠᠵᠠᠢ᠃ ᠲᠡᠷᠡ ᠲᠦᠷᠦᠯᠬᠢ ᠰᠡᠴᠡᠨ ᠰᠡᠷᠭᠦᠯᠡᠩ ᠰᠤᠷᠬᠤᠢ ᠳᠤ ᠲᠤᠷᠠᠳᠠᠢ ᠲᠤᠯᠠ ᠡᠴᠢᠭᠡ ᠨᠢ ᠲᠡᠭᠦᠨ ᠢ ᠵᠠᠬᠢᠷᠤᠭᠴᠢ ᠯᠤᠪᠰᠠᠩᠳᠤᠩᠷᠤᠪ ᠢᠶᠠᠷ ᠴᠠᠭᠠᠨ ᠲᠤᠯᠤᠭᠠᠢ ᠵᠢᠭᠠᠯᠭᠠᠨ᠂ ᠮᠤᠩᠭᠤᠯ ᠪᠢᠴᠢᠭ ᠰᠤᠷᠬᠤ ᠰᠠᠶᠢᠨ ᠰᠠᠭᠤᠷᠢ ᠶᠢ ᠳᠠᠯᠪᠢᠵᠠᠢ᠂ ᠬᠤᠷᠠᠭ᠎ᠠ ᠲᠤᠭᠤᠯ ᠬᠠᠷᠢᠭᠤᠯᠬᠤ ᠪᠠᠭ᠎ᠠ ᠨᠠᠰᠤᠨ ᠳᠠᠭᠠᠨ ᠨᠤᠮ ᠪᠢᠴᠢᠭ ᠢ ᠰᠤᠷᠤᠯᠴᠠᠨ ᠡᠵᠡᠮᠰᠢᠬᠦ ᠪᠠᠨ ᠰᠤᠯᠠᠷᠠᠭᠤᠯᠤᠭᠰᠠᠨ ᠦᠭᠡᠢ ᠪᠠᠷ ᠨᠤᠮ ᠤᠯᠠᠨ ᠤᠩᠰᠢᠬᠤ᠂ ᠴᠡᠭᠡᠵᠢᠯᠡᠬᠦ᠂ ᠬᠤᠯᠪᠤᠭ᠎ᠠ ᠦᠭᠡ ᠶᠢ ᠴᠤᠭᠯᠠᠭᠤᠯᠤᠨ ᠳᠡᠮᠳᠡᠭᠯᠡᠬᠦ ᠵᠡᠷᠭᠡ ᠠᠷᠭ᠎ᠠ ᠪᠠᠷ ᠰᠢᠯᠦᠭ ᠢ ᠬᠡᠷᠬᠢᠨ ᠪᠢᠴᠢᠬᠦ ᠲᠤᠬᠠᠢ ᠠᠩᠬᠠᠨ ᠤ ᠪᠡᠯᠡᠳᠭᠡᠯ ᠪᠤᠯᠪᠠᠰᠤᠷᠠᠯ ᠢ ᠬᠢᠭᠰᠡᠨ ᠪᠠᠶᠢᠨ᠎ᠠ᠂ ᠲᠡᠭᠡᠭᠡᠳ ᠨᠤᠲᠤᠭᠯᠠᠨ ᠪᠤᠢ ᠭᠠᠵᠠᠷ ᠤᠰᠤᠨ ᠢᠶᠠᠨ ᠮᠠᠭᠳᠠᠬᠤ ᠳᠠᠭᠠᠨ᠄                 ︿︿ᠬᠤᠤᠰ ᠵᠠᠭᠠᠨ᠎ᠠ ᠶᠢᠨ ᠰᠢᠨᠵᠢ ᠲᠠᠢ                 ᠬᠤᠯᠪᠤᠭ᠎ᠠ ᠬᠤᠶᠠᠷ ᠪᠤᠮᠪᠠᠳᠦ  ︵ᠲᠤᠪᠤᠭ ᠤᠨ ᠨᠡᠷ᠎ᠡ︶                 ᠬᠤᠪᠤᠷ ᠡᠷᠳᠡᠨᠢ ᠶᠢᠨ ᠰᠢᠨᠵᠢ ᠲᠠᠢ                 ᠬᠤᠩᠬᠤᠷ ᠲᠦᠭᠦᠷᠡᠩ ᠵᠢᠰᠢᠭᠦᠤ ︵ᠨᠠᠭᠤᠷ ᠤᠨ ᠨᠡᠷ᠎ᠡ︶                 ᠤᠷᠢᠨ ᠲᠤᠯᠠᠭᠠᠨ ᠨᠦᠮᠦᠷᠢ ᠳᠤ ᠴᠢᠨᠢ                 ᠤᠨᠳᠠᠵᠦ ᠦᠰᠦᠯ᠎ᠡ ᠮᠢᠨᠦ ᠪᠠᠶ᠎ᠡ᠂                 ᠤᠨᠳᠤᠷᠤᠯ ᠡᠯᠪᠡᠭ ᠤᠰᠤᠨ ᠳᠤ ᠴᠢᠨᠢ                 ᠤᠬᠢᠶᠠᠵᠦ ᠦᠰᠦᠯ᠎ᠡ ᠮᠢᠨᠦ ᠪᠠᠶ᠎ᠡ﹀﹀ ᠭᠡᠵᠦ ᠤᠷᠠᠨ ᠳᠡᠮᠳᠡᠢ ᠤᠶᠠᠩᠭᠠᠯᠠᠯ᠎ᠠ ᠭᠡᠳᠡᠭ᠃      ᠭᠠᠮᠠᠯᠠ ᠠᠷᠪᠠᠨ ᠲᠤᠯᠤᠭᠠᠳᠠᠢ ᠳᠠᠭᠠᠨ ᠬᠤᠰᠢᠭᠤ ᠶᠠᠮᠤᠨ ᠤ ᠰᠤᠷᠬᠤ ᠪᠢᠴᠢᠭᠡᠴᠢ ᠪᠤᠯᠵᠦ᠂ ᠲᠠᠷᠠᠭ᠎ᠠ ᠨᠢ ᠶᠠᠮᠤᠨ ᠤ ᠵᠢᠩᠬᠢᠨᠢ ᠪᠢᠴᠢᠭᠡᠴᠢ᠂ ᠠᠬᠢ ᠰᠤᠮᠤᠨ ᠤ ᠵᠠᠩᠭᠢ᠂ ᠬᠤᠰᠢᠭᠤ ᠵᠠᠯᠠᠨ᠂ ᠬᠤᠰᠢᠭᠤ ᠮᠡᠶᠢᠷᠡᠨ ᠵᠡᠷᠭᠡ ᠲᠤᠰᠢᠶᠠᠯ ᠳᠤ ᠳᠠᠪᠰᠢᠭᠰᠠᠭᠠᠷ ᠭᠤᠴᠢᠨ ᠲᠤᠯᠤᠭᠠᠳᠠᠢ ᠬᠤᠰᠢᠭᠤ ᠵᠠᠬᠢᠷᠤᠭᠴᠢ ᠪᠤᠯᠤᠭᠰᠠᠨ ᠪᠠᠶᠢᠨ᠎ᠠ᠃ ᠲᠡᠷᠡ ᠠᠯᠪᠠᠨ ᠠᠵᠢᠯ ᠳᠤ ᠶᠠᠭᠠᠷᠠᠤ ᠵᠠᠯᠠᠭᠤ ᠨᠠᠰᠤᠨ ᠳᠠᠭᠠᠨ ᠭᠡᠳ᠂ ᠠᠭᠰᠢᠷᠠᠭ᠎ᠠ ᠪᠤᠯᠤᠭᠠᠳ ᠡᠪᠡᠳᠴᠢᠨ ᠠᠷᠬᠠᠭ ᠲᠠᠢ ᠪᠠᠶᠢᠭᠰᠠᠨ ᠴᠤ ᠲᠡᠷᠡ᠂ ᠠᠷᠠᠳ ᠤᠨ ᠢᠷᠠᠭᠤ ᠨᠠᠶᠢᠷᠠᠭ ᠤᠨ ᠰᠢᠯᠦᠭ ᠢᠶᠠᠨ ᠠᠯᠤᠰᠯᠠᠯ ᠦᠭᠡᠢ ᠠᠰᠬᠠᠷᠠᠭᠤᠯᠤᠭᠰᠠᠭᠠᠷ ᠪᠠᠶᠢᠵᠦ᠂ ᠲᠦᠮᠡᠨ ᠤ ᠪᠠᠨ ᠲᠤᠮᠳᠠ ︿︿ᠰᠢᠯᠦᠭᠴᠢᠨ ᠭᠠᠮᠠᠯᠠ﹀﹀ ᠭᠡᠵᠦ ᠠᠯᠳᠠᠷᠰᠢᠵᠠᠢ᠃ ᠲᠡᠭᠦᠨ ᠤ ᠭᠠᠷ ᠪᠢᠴᠢᠮᠡᠯ ᠢᠶᠠᠷ ᠦᠯᠡᠳᠡᠭᠡᠭᠰᠡᠨ ︿︿ᠲᠤᠭ ᠤᠨ ᠳᠠᠭᠠᠳᠬᠠᠯ﹀﹀᠂ ︿︿ᠨᠠᠶᠢᠷ ᠤᠨ ᠪᠦᠬᠡ﹀﹀᠂ ︿︿ᠡᠳᠦᠷ ᠤᠨ ᠤᠷᠳᠦ ᠶᠢ ᠦᠩᠭᠡᠷᠡᠭᠡᠬᠦ ᠳᠤ﹀﹀ ᠵᠡᠷᠭᠡ ᠠᠯᠢ ᠤᠯᠠᠨ ᠢᠷᠠᠭᠤ ᠨᠠᠶᠢᠷᠠᠭ ᠨᠢ ᠮᠤᠩᠭᠤᠯ ᠤᠯᠤᠰ ᠤᠨ ᠠᠯᠳᠡᠷᠳᠦ ᠡᠷᠳᠡᠮᠳᠡᠨ ᠼ᠊᠂ ᠲᠠᠮᠳᠢᠨᠰᠦᠷᠦᠩ ᠤᠨ ᠦᠨᠳᠦᠷ ᠦᠨᠡᠯᠡᠯᠳᠡ ᠶᠢ ᠤᠯᠵᠦ᠂ ᠭᠠᠮᠠᠯᠠ ᠶᠢᠨ ᠨᠠᠮᠳᠠᠷ ᠪᠠ ᠵᠡᠷᠢᠮ ᠪᠦᠲᠦᠭᠡᠯ ᠨᠢ ︿︿ᠵᠠᠭᠤᠨ ᠪᠢᠯᠢᠭ﹀﹀ ᠲᠤᠨᠢ ᠳᠡᠭᠡᠵᠢᠯᠡᠭᠳᠡᠭᠰᠡᠨ ᠪᠠᠶᠢᠨ᠎ᠠ᠃                        ᠤᠷᠴᠢᠨ ᠦᠶ᠎ᠡ ᠶᠢᠨ ᠤᠳᠬ᠎ᠠ ᠵᠤᠬᠢᠶᠠᠯᠴᠢ —  ᠲᠦᠢᠩᠺᠡᠷ      ᠲᠦᠢᠩᠺᠡᠷ ᠪᠤᠯ 19 ᠳ᠋ᠤᠭᠡᠷ ᠵᠠᠭᠤᠨ ᠤ ᠰᠡᠭᠦᠯᠴᠢ 20 ᠳ᠋ᠤᠭᠠᠷ ᠵᠠᠭᠤᠨ ᠤ ᠡᠬᠢᠨ ᠤ ᠬᠦᠮᠦᠨ᠂ ᠰᠢᠯᠢ ᠶᠢᠨ ᠭᠤᠤᠯ ᠴᠢᠭᠤᠯᠭᠠᠨ ᠤ ᠦᠵᠦᠮᠦᠴᠢᠨ ᠪᠠᠷᠠᠭᠤᠨ ᠬᠤᠰᠢᠭᠤᠨ ᠤ ᠠᠷᠪᠠᠳᠤᠭᠠᠷ ᠦᠶ᠎ᠡ ᠶᠢᠨ ᠬᠤᠱᠤᠢ ᠰᠡᠴᠡᠨ ᠴᠢᠨ ᠸᠠᠩ ᠫᠤᠩᠰᠤᠭᠨᠠᠮᠵᠢᠯ ᠤᠨ ᠠᠴᠢ ᠬᠦᠪᠡᠭᠦᠨ᠂ ᠬᠤᠰᠢᠭᠤ ᠨᠡᠶᠢᠳᠡ ᠪᠠᠷ ᠢᠶᠠᠨ ︿︿ᠲᠦᠢᠩᠺᠡᠷ ᠡᠩᠡ﹀﹀ ᠭᠡᠵᠦ ᠡᠷᠭᠦᠮᠵᠢᠯᠡᠨ ᠳᠠᠭᠤᠳᠠᠳᠠᠭ ᠶᠤᠮ᠂ ᠲᠡᠷᠡ ᠰᠡᠴᠡᠨ ᠮᠡᠷᠭᠡᠨ ᠤᠯᠠᠨ ᠠᠴᠠ ᠬᠡᠳᠦᠶᠢᠳᠴᠤ ᠤᠢ ᠪᠢᠯᠢᠭ ᠰᠢᠯᠭᠠᠷᠠᠭᠰᠠᠨ ᠢᠶᠠᠷ ᠳᠠᠪᠰᠢᠩᠭᠤᠢ ᠢᠷᠠᠭᠤ ᠨᠠᠶᠢᠷᠠᠭᠴᠢ᠂ ᠤᠨᠢᠰᠤᠭ᠎ᠠ ᠶᠢᠨ ᠵᠤᠬᠢᠶᠠᠯᠴᠢ᠂ ᠰᠤᠷᠭᠠᠨ ᠬᠦᠮᠦᠵᠢᠯ ᠤᠨ ᠵᠢᠳᠭᠦᠯᠳᠡᠨ ᠪᠤᠯᠵᠦ ᠠᠯᠳᠠᠷᠰᠢᠭᠰᠠᠨ ᠪᠠᠶᠢᠨ᠎ᠠ᠃ ᠲᠡᠭᠦᠨ ᠤ ᠠᠯᠢ ᠤᠯᠠᠨ ᠡᠷᠬᠢᠮ ᠨᠠᠨᠳᠢᠨ ᠵᠤᠬᠢᠶᠠᠯ ᠪᠦᠲᠦᠭᠡᠯ ᠢ ᠰᠤᠳᠤᠯᠤᠭᠴᠢᠳ ᠲᠤᠤᠷᠠᠬᠢ ᠮᠡᠳᠦ ᠬᠡᠳᠦᠨ ᠳᠠᠯ᠎ᠠ ᠪᠠᠷ ᠬᠤᠷᠢᠶᠠᠩᠭᠤᠶᠢᠯᠠᠨ ᠳ᠋ᠦᠩᠨᠡᠭᠰᠡᠨ ᠪᠠᠶᠢᠨ᠎ᠠ᠄      ︵1︶ ᠰᠤᠷᠭᠠᠨ ᠬᠦᠮᠦᠵᠢᠯ ᠤᠨ ᠤᠨᠴᠠᠯᠢᠭ ᠦᠢᠯᠡᠳᠦᠯ ᠲᠠᠢ ᠪᠢᠯᠢᠭ ᠰᠤᠷᠭᠠᠯ ᠤᠨ ᠰᠢᠯᠦᠭ᠂ ᠡᠭᠦᠨ ᠳᠤ ︿︿ᠰᠠᠶᠢᠨ ᠦᠭᠡᠰ ᠤᠨ ᠰᠤᠷᠭᠠᠯ﹀﹀᠂ ︿︿ᠬᠡᠤᠭᠡᠳ ᠤᠨ ᠰᠤᠷᠭᠠᠯ﹀﹀ ᠵᠡᠷᠭᠡ ᠪᠠᠭᠳᠠᠨ᠎ᠠ᠃      ︵2︶ ᠢᠷᠦᠭᠡᠯ ᠮᠠᠭᠳᠠᠭᠠᠯ ᠤᠨ ᠴᠢᠨᠠᠷᠳᠠᠢ ᠰᠢᠯᠦᠭ᠂ ᠡᠭᠦᠨ ᠳᠤ ︿︿ᠮᠤᠷᠢᠨ ᠴᠤᠯᠠ﹀﹀᠂ ︿︿ᠵᠢᠷᠭᠠᠯᠠᠩᠳᠦ ᠨᠠᠢᠮᠠᠨ ᠮᠤᠷᠢᠨ ᠤ ᠮᠠᠭᠳᠠᠭᠠᠯ﹀﹀᠂ ︿︿ᠭᠡᠷ ᠤᠨ ᠢᠷᠦᠭᠡᠯ﹀﹀᠂ ︿︿ᠬᠤᠷᠢᠮ ᠤᠨ ᠬᠡᠯᠡᠮᠦᠷ﹀﹀᠂ ︿︿ᠠᠷᠢᠬᠢᠨ ᠦᠭᠡ﹀﹀ ᠂ ︿︿ᠢᠨᠵᠢ ᠶᠢᠨ ᠳᠠᠩᠰᠠᠨ ᠳᠠᠭᠤᠳᠠᠯᠭ᠎ᠠ﹀﹀ ᠪᠠ ︿︿ᠵᠢᠷᠤᠭᠠᠨ ᠵᠢᠷᠤᠭ᠎ᠠ ᠤᠯᠠᠭᠠᠨ﹀﹀᠂ ︿︿ᠪᠤᠭᠳᠠ ᠶᠢᠨ ᠠᠭᠤᠯᠠ ᠶᠢᠨ ᠰᠧᠨᠳᠡᠯ﹀﹀ ᠵᠡᠷᠭᠡ ᠤᠯᠠᠨ ᠪᠦᠳᠦᠭᠡᠯ ᠪᠤᠢ᠃      ︵3︶ ᠤᠶᠤᠨ ᠤ ᠤᠨᠳᠤᠷᠠᠭ᠎ᠠ ᠪᠤᠯᠤᠭᠰᠠᠨ ᠤᠨᠢᠰᠤᠭ᠎ᠠ ᠳᠠᠭᠠᠪᠤᠷᠢ ᠶᠢᠨ ᠵᠤᠬᠢᠶᠠᠯ᠂ ᠤᠨᠥᠰᠤᠭ᠎ᠠ ᠳᠠᠭᠠᠪᠤᠷᠢ ᠶᠢᠨ ᠵᠤᠬᠢᠶᠠᠯ ᠨᠢ ᠲᠦᠢᠩᠺᠡᠷ ᠤᠨ ᠵᠤᠬᠢᠶᠠᠯ ᠤᠨ ᠭᠤᠤᠯ ᠨᠢᠷᠤᠭᠤ ᠪᠤᠯᠵᠦ ᠪᠦᠷᠢᠯᠳᠦᠭᠰᠡᠨ ᠶᠤᠮ᠃                 ᠰᠤᠷᠭᠠᠨ ᠬᠦᠮᠦᠵᠢᠯ ᠤᠨ ᠤᠬᠠᠭᠠᠨᠳᠠᠨ ᠪᠦᠭᠡᠳ ᠬᠡᠯᠡ ᠰᠢᠨᠵᠢᠯᠡᠯ ᠤᠨ ᠡᠷᠳᠡᠮᠳᠡᠨ —  ᠭᠢᠯᠢᠵᠢᠨᠳᠠᠢ      ᠭᠢᠯᠢᠵᠢᠨᠳᠠᠢ ᠪᠤᠯ ᠤᠤᠯ ᠤᠨ ᠦᠵᠦᠮᠦᠴᠢᠨ ᠪᠠᠷᠠᠭᠤᠨ ᠬᠤᠰᠢᠭᠤᠨ ᠤ ᠪᠡᠷᠡᠭᠤᠨ ᠰᠢᠷᠠᠨᠤᠳ ᠰᠤᠮᠤᠨ ᠤ ᠬᠠᠷᠢᠶᠠᠳᠦ ᠬᠡᠪᠳᠡᠭᠦᠯ ᠤᠪᠤᠭᠳᠦ ᠴᠢᠯᠠᠭᠤᠨᠪᠠᠭᠠᠳᠦᠷ ᠤᠨ ᠳᠤ 1905 ᠤᠨ ᠤ ᠬᠦᠬᠡᠭᠴᠢᠨ ᠮᠤᠭᠠᠢ ᠵᠢᠯ ᠬᠦᠪᠡᠭᠦᠨ ᠦᠷ᠎ᠡ ᠨᠢ ᠪᠤᠯᠵᠦ ᠵᠠᠶᠠᠭᠠᠵᠠᠢ᠂ ᠨᠠᠩᠬᠢᠶᠠᠳ ᠨᠡᠷ᠎ᠡ ᠨᠢ ᠶᠦᠩ ᠲᠢᠩ ᠭᠡᠳᠡᠭ᠃ ᠲᠡᠷᠡ ᠬᠤᠰᠢᠭᠤ ᠤᠷᠳᠤᠨ ᠰᠤᠷᠭᠠᠭᠤᠯᠢ ᠳᠤ ᠪᠢᠴᠢᠭ ᠦᠵᠡᠵᠦ᠂ ᠤᠷᠳᠤᠨ ᠤ ᠪᠢᠴᠢᠭᠡᠴᠢ ᠶᠢᠨ ᠠᠵᠢᠯ ᠢ ᠬᠢᠵᠦ ᠪᠠᠶᠢᠬᠤ ᠳᠠᠭᠠᠨ ᠪᠢᠴᠢᠵᠦ ᠨᠠᠶᠢᠷᠠᠭᠤᠯᠬᠤ ᠳᠠᠭᠠᠨ ᠤᠨᠴᠠ ᠮᠡᠷᠭᠡᠰᠢᠵᠦ᠂ ᠬᠦᠮᠦᠰ ᠤᠨ ᠢᠳᠡᠭᠡᠯ ᠪᠢᠰᠢᠷᠡᠯ ᠢ ᠤᠯᠤᠭᠰᠠᠨ ᠪᠠᠶᠢᠵᠠᠢ᠂ ᠬᠤᠷᠢᠨ ᠲᠦᠷᠪᠡᠳᠡᠢ ᠲᠡᠭᠡᠨ ᠮᠤᠩᠭᠤᠯ ᠪᠢᠴᠢᠭᠡᠴᠢ ᠶᠢᠨ ᠵᠠᠬᠢᠷᠤᠭᠴᠢ ᠶᠢᠨ ᠲᠤᠰᠢᠶᠠᠯ ᠳᠤ ᠳᠡᠪᠰᠢᠨ ᠠᠵᠢᠯᠯᠠᠬᠤ ᠳᠠᠭᠠᠨ ᠰᠢᠯᠢ ᠶᠢᠨ ᠭᠤᠤᠯ ᠴᠢᠭᠤᠯᠭᠠᠨ ᠤ ᠡᠯ᠎ᠡ ᠬᠤᠰᠢᠭᠤᠳ ᠤᠨ ᠪᠢᠴᠢᠭᠡᠴᠢ ᠨᠠᠷ ᠠᠴᠠ ᠤᠷᠤᠶᠢᠯᠠᠵᠦ ᠬᠡᠯᠡᠵᠦ ᠶᠠᠷᠢᠬᠤ ᠨᠢ ᠪᠤᠰᠤᠳ ᠠᠴᠠ ᠤᠨᠴᠠᠭᠠᠢ ᠤᠴᠢᠷ ᠬᠤᠷᠢᠨ ᠨᠠᠢᠮᠠᠳᠠᠢ ᠳᠠᠭᠠᠨ ︿︿ᠰᠢᠯᠢ ᠶᠢᠨ ᠭᠤᠤᠯ ᠴᠢᠭᠤᠯᠭᠠᠨ ᠤ ᠴᠢᠭᠤᠯᠤᠯᠳᠦ ᠬᠠᠭᠠᠯᠭ᠎ᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ﹀﹀ ᠲᠤ ᠴᠢᠭᠤᠯᠭᠠᠨ ᠳ᠋ᠠ ᠶᠢᠨ ᠲᠦᠯᠦᠭᠡᠯᠡᠭᠴᠢ ᠪᠠᠷ ᠲᠤᠮᠢᠯᠠᠭᠳᠠᠨ ᠠᠵᠢᠯᠯᠠᠵᠠᠢ᠂ ᠲᠡᠷᠡ ᠤᠯᠤᠰ ᠲᠦᠷᠦ ᠶᠢᠨ ᠦᠢᠮᠡᠭᠡᠨ ᠲᠡᠪᠵᠢᠶᠠᠨ ᠲᠠᠢ ᠤᠨ ᠵᠢᠯ ᠤᠳ ᠲᠤ ᠭᠤᠮᠢᠨᠳᠠᠩ ᠨᠠᠮ ᠤᠨ ᠭᠡᠰᠢᠭᠦᠨ ᠤ ᠬᠤᠪᠢ ᠳᠤ ᠴᠠᠬᠠᠷ ᠮᠤᠵᠢ ᠶᠢᠨ ᠵᠠᠰᠠᠭ ᠤᠨ ᠤᠷᠳᠤᠨ ᠤ ᠵᠦᠪᠯᠡᠭᠴᠢ᠂ ᠱᠠᠨ ᠰᠢ ᠮᠤᠵᠢ ᠶᠢᠨ ᠲᠠᠶᠢᠶᠤᠸᠠᠨ ᠳᠠᠬᠢ ᠠᠮᠤᠷᠵᠢᠭᠤᠯᠬᠤ ᠵᠠᠬᠢᠷᠭᠠᠨ ᠤ ᠵᠦᠪᠯᠡᠭᠴᠢ᠂ ᠨᠠᠨᠵᠢᠩ ᠬᠤᠳᠠ ᠳᠠᠬᠢ ᠮᠤᠩᠭᠤᠯ ᠲᠦᠪᠡᠳ ᠤᠨ ᠵᠦᠪᠯᠡᠯ ᠤᠨ ᠪᠠᠶᠢᠴᠠᠭᠠᠭᠴᠢ᠂ ᠭᠠᠨᠰᠦ ᠮᠤᠵᠢ ᠶᠢᠨ ᠵᠠᠰᠠᠭ ᠤᠨ ᠤᠷᠳᠤᠨ ᠤ ᠵᠦᠪᠯᠡᠭᠴᠢ᠂ ᠮᠤᠩᠭᠤᠯ ᠲᠦᠪᠡᠳ ᠤᠨ ᠵᠦᠪᠯᠡᠯ ᠤᠨ ᠲᠤᠰᠬᠠᠢ ᠲᠤᠰᠢᠶᠠᠯᠳᠠᠨ ᠵᠡᠷᠭᠡ ᠡᠭᠦᠷᠭᠡ ᠲᠤᠰᠢᠶᠠᠯ ᠬᠠᠷᠢᠭᠤᠴᠠᠨ ᠶᠠᠪᠤᠵᠠᠢ᠃ ᠲᠡᠷᠡ ᠬᠡᠳᠦᠶᠢᠪᠡᠷ ᠬᠠᠳᠠᠭᠤ ᠪᠡᠷᠬᠡ ᠴᠠᠭ ᠲᠦᠷᠦ ᠳᠤ ᠡᠭᠦᠷᠭᠡ ᠠᠯᠪᠠ ᠭᠦᠢᠴᠡᠳᠭᠡᠵᠦ ᠶᠠᠪᠤᠭᠰᠠᠨ ᠴᠤ ᠦᠨᠳᠦᠰᠦᠳᠡᠨ ᠤᠭᠰᠠᠭᠠᠳᠠᠨ ᠤ ᠪᠠᠨ ᠢᠷᠡᠭᠡᠳᠦᠢ ᠳᠤ ᠰᠡᠳᠭᠢᠯ ᠳᠠᠯᠪᠢᠵᠦ᠂ ᠰᠤᠶᠤᠯ ᠰᠤᠷᠭᠠᠨ ᠬᠦᠮᠦᠵᠢᠯ ᠰᠠᠶ᠋ᠢ ᠦᠨᠳᠦᠰᠦᠳᠡᠨ ᠤ ᠮᠠᠨᠳᠤᠯ ᠬᠦᠭᠵᠢᠯ ᠢ ᠪᠡᠶᠡᠯᠡᠭᠦᠯᠵᠦ ᠴᠢᠳᠠᠬᠤ ᠶᠢ ᠤᠶᠢᠯᠠᠭᠠᠵᠦ ᠮᠡᠳᠡᠭᠰᠡᠨ ᠠᠴᠠ ᠪᠢᠷ ᠪᠡᠭᠡ ᠲᠠᠢ ᠨᠦᠬᠦᠷᠯᠡᠨ ᠪᠢᠴᠢᠭ ᠴᠠᠭᠠᠰᠤ ᠲᠠᠢ ᠨᠠᠶᠢᠵᠢᠯᠡᠵᠦ᠂ ᠮᠤᠩᠭᠤᠯ ᠰᠤᠷᠭᠠᠨ ᠬᠦᠮᠦᠵᠢᠯ ᠤᠨ ᠦᠢᠯᠡᠰ ᠤᠨ ᠲᠦᠯᠦᠭᠡ ᠤᠶᠤᠨ ᠳᠠᠷᠢᠬᠢ ᠪᠠᠨ ᠰᠢᠪᠬᠠᠵᠦ᠂ ︿︿ᠮᠤᠩᠭᠤᠯ ᠬᠡᠯᠡ ᠶᠢ ᠬᠢᠯᠪᠡᠷ ᠲᠦᠷᠭᠡᠨ ᠰᠤᠷᠬᠤ ᠠᠷᠭ᠎ᠠ﹀﹀᠂ ︿︿ᠮᠤᠩᠭᠤᠯ ᠬᠡᠯᠡ ᠵᠦᠢ﹀﹀᠂ ︿︿ᠮᠤᠩᠭᠤᠯ ᠦᠭᠡᠰ ᠤᠨ ᠲᠤᠯᠢ﹀﹀᠂ ︿︿ᠮᠤᠩᠭᠤᠯ ᠬᠢᠳᠡᠳ ᠦᠭᠡᠰ ᠤᠨ ᠲᠤᠯᠢ﹀﹀᠂ ︿︿ᠲᠦᠮᠡᠨ ᠦᠰᠦᠭ ᠤᠨ ᠳᠠᠶᠢᠯᠪᠤᠷᠢ﹀﹀᠂ ︿︿ᠮᠤᠩᠭᠤᠯ ᠲᠦᠪᠡᠳ ᠬᠠᠪᠰᠤᠷᠭᠠᠭᠰᠠᠨ ᠡᠮ ᠤᠨ ᠵᠤᠷ ᠤᠨ ᠡᠮᠬᠢᠳᠭᠡᠯ﹀﹀ ᠵᠡᠷᠭᠡ ᠮᠠᠰᠢ ᠤᠯᠠᠨ ᠦᠨᠡᠳᠦ ᠵᠤᠬᠢᠶᠠᠯ ᠪᠦᠲᠦᠭᠡᠯ ᠢ ᠭᠠᠷᠭᠠᠭᠰᠠᠨ ᠪᠠᠶᠢᠨ᠎ᠠ᠃                       ᠪᠦᠬᠦ ᠤᠯᠤᠰ ᠤᠨ ᠠᠷᠠᠳ ᠤᠨ ᠲᠦᠯᠦᠭᠡᠯᠡᠭᠴᠢ — ᠮᠠᠯᠴᠢᠨ ᠡᠷᠬᠢᠮᠪᠠᠳᠦ      ᠡᠷᠬᠢᠮᠪᠠᠳᠦ ᠪᠤᠯ ᠤᠤᠯ ᠤᠨ ᠦᠵᠦᠮᠦᠴᠢᠨ ᠪᠠᠷᠠᠭᠤᠨ ᠬᠤᠰᠢᠭᠤᠨ ᠤ ᠬᠦᠷᠢᠶ᠎ᠡ ᠰᠦᠮ᠎ᠡ ᠶᠢᠨ ᠮᠤᠯᠤᠮ ᠯᠠᠮᠠ ᠶᠢᠨ ᠭᠡᠭᠡᠨ ᠭᠤᠷᠪᠠᠨ ᠬᠤᠷᠢᠨ ᠤ ᠪᠦᠭᠡᠨᠡᠷ ᠬᠤᠷᠢᠨ ᠤ ᠬᠠᠷᠢᠶᠠᠳᠦ ᠤᠤᠬᠠᠳ ᠤᠪᠤᠭᠳᠦ ᠷᠠᠳᠨ᠎ᠠ ᠶᠢᠨ ᠬᠦᠪᠡᠭᠦᠨ ᠦᠷ᠎ᠡ ᠨᠢ ᠪᠤᠯᠵᠦ᠂ 1922 ᠤᠨ ᠤ ᠬᠠᠷ᠎ᠠ ᠨᠤᠬᠠᠢ ᠵᠢᠯ ᠮᠡᠨᠳᠦᠯᠡᠵᠠᠢ᠂ ᠤᠷᠢᠶᠠᠩᠬᠠᠨ ᠤᠪᠤᠭᠳᠦ ᠲᠠᠩᠭᠤᠳ ᠤᠨ ᠬᠡᠤᠬᠡᠨ ᠪᠠᠶᠠᠨ ᠦᠷᠡᠴᠢᠯᠡᠨ ᠡᠷᠭᠦᠵᠦ ᠭᠠᠯ ᠭᠤᠯᠤᠮᠳᠠ ᠢᠶᠠᠨ ᠵᠠᠯᠭᠠᠮᠵᠢᠯᠠᠭᠤᠯᠵᠠᠢ᠂ ᠵᠡᠭᠦᠨ ᠦᠵᠦᠮᠦᠴᠢᠨ ᠬᠤᠰᠢᠭᠤᠨ ᠤ ᠡᠬᠡᠪᠤᠯᠠᠭ ᠳᠠᠯᠠᠪᠠᠢ ᠶᠢᠨ ᠬᠠᠷᠠᠭᠤᠪᠢ ᠰᠠᠯᠪᠤᠷᠢ ᠳᠠᠯᠠᠪᠠᠢ ᠶᠢᠨ ᠬᠦᠮᠦᠨ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠭᠡᠰᠢᠭᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠭᠤᠴᠠᠭᠠᠨ ᠤ ᠲᠦᠯᠦᠭᠡᠯᠡᠭᠴᠢ᠂ ᠲᠤᠮᠳᠠᠳᠦ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠲᠠᠪᠤᠳᠤᠭᠠᠷ ᠬᠤᠭᠤᠴᠠᠭᠠᠨ ᠤ ᠭᠡᠰᠢᠭᠦᠨ᠂ ᠤᠷᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢ᠂ ᠵᠡᠭᠦᠨ ᠦᠵᠦᠮᠦᠴᠢᠨ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠠᠵᠢᠯᠯᠠᠵᠦ ᠦᠩᠭᠡᠷᠡᠪᠡ᠂ ᠪᠠᠰᠠ ᠴᠤ ᠤᠯᠤᠰ ᠤᠨ ᠨᠢᠭᠡᠳᠦᠭᠡᠷ ᠳᠡᠰ ᠤᠨ ᠳᠠᠮᠢᠷᠴᠢᠨ᠂ ᠤᠯᠤᠰ ᠤᠷᠤᠨ ᠳᠠᠭᠠᠨ ᠠᠯᠳᠠᠷᠳᠠᠢ ᠮᠤᠩᠭᠤᠯ ᠪᠦᠬᠡ ᠶᠢᠨ ᠠᠪᠤᠷᠭᠤ ᠶᠠᠪᠤᠭᠰᠠᠨ ᠲᠡᠤᠬᠡᠳᠦ ᠬᠦᠮᠦᠨ ᠪᠢᠯᠡ᠃      ᠲᠡᠷᠡ᠂ 1948 ᠤᠨ ᠠᠴᠠ ᠠᠷᠠᠳᠴᠢᠯᠠᠭᠰᠠᠨ ᠬᠤᠪᠢᠰᠬᠠᠯ ᠳᠤ ᠤᠷᠤᠯᠴᠠᠵᠦ᠂ ᠡᠬᠡ ᠤᠷᠤᠨ ᠤ ᠴᠢᠯᠦᠭᠡᠯᠡᠯᠳᠡ ᠪᠠ ᠰᠤᠯᠤᠩᠭᠤᠰ ᠢ ᠲᠤᠰᠠᠯᠠᠬᠤ ᠳᠠᠶᠢᠨ ᠳᠤ ᠶᠡᠭᠡ ᠬᠡᠮᠵᠢᠶᠡᠨ ᠤ ᠴᠡᠷᠢᠭ ᠤᠨ ᠠᠭᠳᠠ ᠪᠤᠯᠤᠨ ᠡᠳ᠋ ᠪᠤᠳᠠᠰ ᠵᠤᠭᠤᠰ ᠮᠦᠩᠭᠦ ᠪᠠᠷ ᠳᠡᠮᠵᠢᠨ ᠲᠤᠰᠠᠯᠠᠵᠦ᠂ ᠤᠯᠤᠰ ᠢᠶᠠᠨ ᠬᠠᠶᠢᠷᠠᠯᠠᠬᠤ ᠦᠵᠡᠯ ᠢᠨᠲ᠋ᠧᠷᠨᠠᠼᠢᠤᠨᠠᠯ ᠤᠨ ᠵᠤᠷᠢᠭ ᠰᠠᠨᠠᠭ᠎ᠠ ᠶᠢ ᠢᠯᠡᠷᠡᠭᠦᠯᠵᠠᠢ  ᠃      ᠡᠷᠬᠢᠮᠪᠠᠳᠦ᠂ ᠠᠯᠢ ᠡᠷᠳᠡ 1958 ᠤᠨ ᠳᠤ ᠬᠤᠶᠢᠴᠢ ᠦᠶ᠎ᠡ ᠶᠢᠨ ᠬᠢᠨ ᠤ ᠰᠤᠶᠤᠯ ᠮᠡᠳᠡᠯᠭᠡ ᠡᠵᠡᠮᠰᠢᠬᠦ ᠶᠢ ᠰᠠᠨᠠᠭᠠᠴᠢᠯᠠᠨ᠂ ᠡᠵᠢᠨᠠᠭᠤᠷ ᠪᠠᠭ᠎ᠠ ᠰᠤᠷᠭᠠᠭᠤᠯᠢ ᠶᠢ ᠪᠠᠶᠢᠭᠤᠯᠬᠤ ᠳᠤ ᠦᠪᠴᠢ ᠪᠦᠷᠢᠶᠡᠰᠤᠳᠠᠢ ᠲᠤᠮᠤ ᠮᠤᠩᠭᠤᠯ ᠭᠡᠷ ᠢᠶᠠᠨ ᠬᠦᠷᠭᠡᠨ ᠦᠭᠴᠦ᠂ ᠬᠢᠴᠢᠶᠡᠯ ᠤᠨ ᠭᠡᠷ ᠤᠨ ᠠᠰᠠᠭᠤᠳᠠᠯ ᠢ ᠨᠢ ᠰᠡᠢᠳᠪᠤᠷᠢᠯᠡᠪᠡ᠂ 1980 ‍ᠭᠠᠳ ᠤᠨ ᠤ ᠡᠬᠢ ᠪᠠᠷ ᠮᠠᠯ ᠤᠨ ᠡᠬᠡ ᠪᠡᠯᠡ ᠪᠤᠯᠬᠤ 7 ᠲᠦᠮᠡ 4 ᠮᠢᠩᠭ᠎ᠠ ᠭᠠᠷᠤᠢ ᠲᠦᠭᠦᠷᠢᠭ ᠠᠷᠠᠳ ᠤᠨ ᠵᠤᠭᠤᠰ ᠢᠶᠠᠨ ᠪᠦᠬᠦᠨ ᠢ ᠰᠤᠷᠭᠠᠨ ᠬᠦᠮᠦᠵᠢᠯ ᠤᠨ ᠦᠢᠯᠡᠰ ᠲᠤ ᠡᠷᠭᠦᠵᠦ᠂ ᠡᠬᠡᠪᠤᠯᠠᠭ ᠪᠠᠭ᠎ᠠ ᠰᠤᠷᠭᠠᠭᠤᠯᠢ ᠶᠢ ᠰᠢᠨ᠎ᠡ ᠪᠠᠷ ᠴᠤᠭᠴᠠᠯᠠᠨ ᠪᠠᠶᠢᠭᠤᠯᠬᠤ ᠳᠤ ᠲᠤᠮᠤᠬᠠᠨ ᠬᠤᠪᠢ ᠨᠡᠮᠡᠷᠢ ᠪᠠᠨ ᠦᠵᠡᠭᠦᠯᠦᠭᠰᠡᠨ ᠶᠤᠮ᠃                       ᠬᠦᠷᠢᠶ᠎ᠡ ᠰᠦᠮ᠎ᠡ ᠶᠢᠨ ᠠᠷᠪᠠᠳᠤᠭᠠᠷ ᠲᠦᠷᠢ ᠶᠢᠨ ᠭᠡᠭᠡᠨ ᠲᠤᠪᠳᠤᠨᠨᠤᠷᠪᠤ      ᠳᠤᠪᠳᠤᠨᠨᠤᠷᠪᠤ ᠪᠤᠯ ᠤᠤᠯ ᠤᠨ ᠪᠠᠷᠠᠭᠤᠨ ᠦᠵᠦᠮᠦᠴᠢᠨ ᠬᠤᠰᠢᠭᠤᠨ ᠤ ᠪᠠᠴᠢ ᠰᠤᠮᠤᠨ ᠤ ᠬᠠᠷᠢᠶᠠᠳᠦ ᠪᠠᠯᠵᠢᠨᠢᠮ᠎ᠠ ᠳᠠᠶᠢᠵᠢ ᠪᠤᠯᠤᠨ ᠡᠬᠡ ᠳᠡᠯᠭᠡᠷᠮ᠎ᠡ ᠶᠢᠨ ᠬᠦᠪᠡᠭᠦᠨ ᠦᠷ᠎ᠡ ᠨᠢ ᠪᠤᠯᠵᠦ᠂ 1932 ᠤᠨ ᠤ ᠬᠠᠷ᠎ᠠ ᠪᠡᠴᠢᠨ ᠵᠢᠯ ᠲᠦᠷᠦᠵᠠᠢ᠂ ᠬᠤᠪᠢᠯᠭᠠᠨᠳᠠᠨ ᠤ ᠨᠤᠮ ᠤᠨ ᠨᠡᠷ᠎ᠡ ᠨᠢ ᠯᠤᠪᠰᠠᠩᠳᠠᠨᠵᠢᠨᠫᠠᠷᠢᠩᠯᠠᠶᠢᠷᠠᠪᠵᠠᠢ ᠭᠡᠳᠡᠭ᠂ ᠭᠤᠷᠪᠠᠨ ᠨᠠᠰᠤᠳᠠᠢ ᠳᠠᠭᠠᠨ ᠬᠦᠷᠢᠶ᠎ᠡ ᠰᠦᠮ᠎ᠡ ᠶᠢᠨ ᠠᠷᠪᠠᠳᠤᠭᠠᠷ ᠭᠡᠭᠡᠨ ᠢᠶᠠᠷ ᠰᠢᠷᠡᠭᠡᠨ᠎ᠡ ᠵᠠᠯᠠᠭᠳᠠᠪᠠ᠃      ᠭᠡᠭᠡᠨᠳᠡᠨ᠂ ᠡᠬᠡ ᠤᠷᠤᠨ ᠤ ᠪᠦᠳᠦᠭᠡᠨ ᠪᠠᠶᠢᠭᠤᠯᠤᠯᠳᠠ ᠪᠤᠯᠤᠨ ᠰᠤᠯᠤᠩᠭᠤᠰ ᠢ ᠳᠤᠰᠠᠯᠠᠬᠤ ᠳᠠᠶᠢᠨ ᠳᠤ ᠶᠡᠭᠡ ᠬᠡᠮᠵᠢᠶᠡᠨ ᠤ ᠮᠦᠩᠭᠦ ᠪᠤᠳᠠᠰ᠂ ᠤᠯᠠᠨ ᠲᠤᠭᠠᠨ ᠤ ᠴᠡᠷᠢᠭ ᠤᠨ ᠠᠭᠳᠠ ᠬᠦᠷᠭᠡᠨ ᠦᠭᠴᠦ᠂ ᠤᠯᠤᠰ ᠢᠶᠠᠨ ᠬᠠᠶᠢᠷᠠᠯᠠᠬᠤ ᠦᠵᠡᠯ ᠤᠨ ᠵᠤᠷᠢᠭ ᠰᠠᠨᠠᠭ᠎ᠠ ᠶᠢ ᠪᠠᠳᠠᠷᠠᠭᠤᠯᠤᠭᠰᠠᠨ ᠶᠤᠮ᠂ ᠲᠡᠷᠡ ᠡᠷᠳᠡᠮ ᠨᠤᠮ ᠢ ᠴᠢᠬᠤᠯᠠᠴᠢᠯᠠᠨ᠂ ᠰᠦᠮ᠎ᠡ ᠬᠡᠶᠢᠳ ᠳᠡᠭᠡᠨ ᠮᠤᠩᠭᠤᠯ ᠪᠢᠴᠢᠭ ᠵᠢᠭᠠᠬᠤ ᠰᠤᠷᠭᠠᠭᠤᠯᠢ ᠪᠠᠶᠢᠭᠤᠯᠵᠦ᠂ ᠤᠯᠠᠨ ᠵᠠᠯᠠᠭᠤ ᠯᠠᠮᠠ ᠨᠠᠷ ᠲᠤ ᠰᠤᠶᠤᠯ ᠪᠢᠴᠢᠭ ᠡᠵᠡᠮᠰᠢᠭᠦᠯᠵᠠᠢ᠂ ᠤᠯᠤᠰ ᠠᠴᠠ ᠲᠤᠯᠤᠭᠠᠳᠠ ᠪᠠᠭ᠎ᠠ ᠰᠤᠷᠭᠠᠭᠤᠯᠢ ᠶᠢ ᠪᠠᠶᠢᠭᠤᠯᠬᠤ ᠳᠤ ᠦᠪᠡᠷ ᠤᠨ ᠤᠷᠳᠤᠨ ᠪᠠ ᠭᠡᠭᠡᠨ ᠰᠠᠩ ᠢᠶᠠᠨ ᠡᠷᠭᠦᠵᠦ᠂ ᠪᠠᠶᠢᠷᠢ ᠶᠢᠨ ᠭᠡᠷ ᠬᠢᠴᠢᠶᠡᠯ ᠤᠨ ᠲᠢᠩᠬᠢᠮ ᠦᠭᠡᠢ ᠠᠰᠠᠭᠤᠳᠠᠯ ᠢ ᠳᠠᠰᠤᠯᠠᠨ ᠦᠭᠭᠦᠭᠰᠡᠨ ᠪᠠ ᠨᠢᠭᠡ ᠪᠦᠯᠦᠭ ᠡᠷᠳᠡᠮ ᠲᠠᠢ ᠯᠠᠮᠠ ᠨᠠᠷ ᠢ ᠭᠠᠷᠭᠠᠵᠦ᠂ ᠰᠤᠷᠭᠠᠭᠤᠯᠢ ᠪᠠᠶᠢᠭᠤᠯᠬᠤ ᠠᠵᠢᠯ ᠳᠤ ᠬᠠᠪᠰᠤᠷᠠᠭᠤᠯᠤᠨ ᠬᠤᠪᠢ ᠨᠡᠮᠡᠭᠦᠷᠢ ᠪᠠᠨ ᠵᠤᠷᠢᠭᠤᠯᠤᠭᠰᠠᠨ ᠶᠤᠮ᠃                                                                      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号