ᠤᠷᠤᠨ ᠤ ᠠᠪᠤᠷᠭᠤ —  ᠡᠷᠳᠡᠨᠢ ᠶᠢᠨ ᠨᠢᠮ᠎ᠡ
ᠨᠡᠶᠢᠲᠡᠯᠡᠭᠰᠡᠨ ᠴᠠᠭ᠄
2017/4/28
ᠪᠠ᠊᠂ ᠭᠧᠨᠳᠤᠨ                       ᠤᠷᠤᠨ ᠤ ᠠᠪᠤᠷᠭᠤ —  ᠡᠷᠳᠡᠨᠢ ᠶᠢᠨ ᠨᠢᠮ᠎ᠡ                ᠤᠷᠤᠨ ᠤ ᠠᠪᠤᠷᠭᠤ ᠡᠷᠳᠡᠨᠢ ᠶᠢᠨ ᠨᠢᠮ᠎ᠡ ᠪᠤᠯ ᠤᠯᠤᠰ ᠤᠷᠤᠨ ᠳᠠᠭᠠᠨ ᠠᠯᠳᠠᠷ ᠨᠠᠷ᠎ᠡ ᠪᠠᠨ ᠮᠠᠨᠳᠤᠭᠤᠯᠵᠦ᠂ ᠪᠡᠶ᠎ᠡ ᠲᠠᠮᠢᠷ ᠤᠨ ᠳᠠᠪᠴᠠᠩ ᠳᠡᠭᠡᠷ᠎ᠡ ᠨᠡᠷ᠎ᠡ ᠭᠠᠷᠴᠤ᠂ ᠤᠯᠤᠰ ᠤᠨ ᠲᠡᠰ ᠤᠨ ᠰᠢᠯᠢᠳᠡᠭ ᠲᠠᠮᠢᠷᠴᠢᠨ ᠪᠤᠯᠤᠭᠰᠠᠨ ᠶᠤᠮ ᠃ ᠲᠡᠷᠡ ᠪᠠᠷ 1941 ᠤᠨ ᠤ ᠴᠠᠭᠠᠭᠴᠢᠨ ᠮᠤᠭᠠᠢ ᠵᠢᠯ᠂ ᠤᠤᠯ ᠤᠨ ᠦᠵᠦᠮᠦᠴᠢᠨ ᠪᠠᠷᠠᠭᠤᠨ ᠬᠤᠰᠢᠭᠤᠨ ᠤ ᠠᠤᠬᠤᠳ ᠰᠤᠮᠤᠨ ᠤ ᠪᠤᠷᠵᠢᠭᠢᠨ ᠤᠪᠤᠭᠳᠤ ᠡᠷᠳᠡᠨᠢ ᠳᠠᠶᠢᠵᠢ ᠶᠢᠨ ᠭᠤᠷᠪᠠᠳᠤᠭᠠᠷ ᠬᠦᠪᠡᠭᠦᠨ ᠪᠤᠯᠤᠨ ᠲᠦᠷᠦᠵᠠᠢ᠂ ᠠᠶᠢᠮᠠᠭ ᠤᠰᠤᠨ ᠤ ᠬᠢᠨᠢ ᠲᠡᠭᠦᠤ ᠨᠠᠷ ᠨᠢ ᠲᠡᠭᠦᠨ ᠢ ︽ᠠᠨᠵᠠ︾ ᠭᠡᠵᠦ ᠡᠷᠭᠦᠮᠵᠢᠯᠡᠨ ᠳᠠᠭᠤᠳᠠᠳᠠᠭ᠃      ᠨᠢᠮ᠎ᠡ ᠭᠤᠸᠠᠢ ᠠᠷᠪᠠᠨ ᠵᠢᠷᠭᠤᠭᠠᠳᠠᠢ ᠠᠴᠠ ᠡᠬᠢᠯᠡᠨ᠂ ᠪᠦᠬᠡ ᠶᠢᠨ ᠠᠪᠢᠶᠠᠰ ᠢᠶᠠᠨ ᠢᠯᠡᠷᠡᠭᠦᠯᠦᠨ᠂ ᠰᠤᠯᠠ ᠴᠠᠭ ᠪᠠᠶᠢᠪᠠᠯ ᠬᠠᠳᠠᠭᠤᠵᠢᠯᠳᠠᠢ ᠪᠤᠯᠪᠠᠰᠤᠷᠠᠭᠰᠠᠨ ᠠᠴᠠ ᠪᠦᠬᠡ ᠶᠢᠨ ᠦᠨᠳᠤᠰᠤᠨ ᠮᠡᠷᠭᠡᠵᠢᠯ ᠢ ᠡᠵᠡᠮᠰᠢᠨ᠂ ᠨᠠᠩ ᠴᠤ 1957 ᠤᠨ ᠤ ᠠᠶᠢᠮᠠᠭ ᠤᠨ ᠶᠡᠭᠡ ᠨᠠᠶᠢᠷ ᠤᠨ ᠬᠡᠤᠬᠡᠳ ᠤᠨ ᠪᠦᠬᠡ ᠳᠤ ᠪᠠᠷᠢᠯᠳᠤᠭᠠᠳ ᠳᠡᠳ᠋ᠯᠡᠭᠰᠡᠨ ᠠᠴᠠ ᠡᠬᠢᠯᠡᠨ ᠤᠯᠠᠨ ᠤ ᠠᠩᠬᠠᠷᠤᠯ ᠢ ᠳᠠᠳᠠᠠᠭᠰᠠᠨ ᠪᠠᠶᠢᠳᠠᠭ᠃ ᠲᠡᠭᠦᠨ ᠤ ᠤᠯᠤᠰ ᠤᠷᠤᠨ ᠤ ᠪᠦᠬᠡ ᠶᠢᠨ ᠤᠷᠤᠯᠳᠤᠭᠠᠨ ᠳᠤ ᠤᠷᠤᠯᠴᠠᠭᠰᠠᠨ ᠢ ᠲᠠᠮᠳᠡᠭᠯᠡᠪᠡᠯ᠄      1960 ᠤᠨ ᠳᠤ ᠦᠪᠦᠷ ᠮᠤᠩᠭᠤᠯ ᠤᠨ ᠪᠦᠬᠡ ᠶᠢᠨ ᠠᠩᠭᠢ ᠳᠤ ᠤᠷᠤᠵᠦ᠂ 1962 ᠤᠨ ᠳᠤ ᠳᠡᠯᠡᠬᠡᠢ ᠶᠢᠨ ᠴᠢᠯᠦᠭᠡᠳᠦ ᠮᠠᠶ᠋ᠢᠭ ᠤᠨ ᠪᠦᠬᠡ ᠶᠢᠨ ᠤᠷᠤᠯᠳᠤᠭᠠᠨ ᠳᠤ ᠤᠷᠤᠨ ᠢᠶᠠᠨ ᠲᠦᠯᠦᠭᠡᠯᠡᠨ ᠤᠷᠤᠯᠴᠠᠵᠦ ᠡᠬᠢᠯᠡᠪᠡ᠃ 1963 ᠤᠨ ᠤ ᠪᠡᠭᠡᠵᠢᠩ ᠳᠤ ᠪᠤᠯᠤᠭᠰᠠᠨ ᠪᠦᠬᠦ ᠤᠯᠤᠰ ᠤᠨ ᠲᠤᠮᠳᠠᠳᠤ ᠮᠠᠶ᠋ᠢᠭ ᠤᠨ ᠪᠦᠬᠡ ᠶᠢᠨ ᠬᠦᠩᠭᠡᠨ ᠳᠡᠰ ᠤᠨ ᠤᠷᠤᠯᠳᠤᠭᠠᠨ ᠳᠤ ᠳᠡᠳ᠋ᠯᠡᠪᠡ᠃ ᠤᠷᠤᠯᠳᠤᠭᠠᠨ ᠳᠤ ᠪᠡᠭᠡᠵᠢᠩ᠂ ᠲᠢᠶᠠᠨᠵᠢᠨ᠂ ᠱᠠᠨ ᠰᠢ᠂ ᠠᠨᠾᠦ᠋ᠢ᠂ ᠴᠢᠯᠦᠭᠡᠯᠡᠬᠦ ᠴᠡᠷᠢᠭ ᠤᠨ ᠠᠩᠭᠢ᠂ ᠡᠾᠧᠪᠸᠢ᠂ ᠦᠪᠦᠷ ᠮᠤᠩᠭᠤᠯ᠂ ᠰᠢᠨᠵᠢᠶᠠᠩ ᠵᠡᠷᠭᠡ ᠨᠠᠢᠮᠠᠨ ᠮᠤᠵᠢ ᠬᠤᠳᠠ ᠤᠷᠤᠯᠴᠠᠪᠠ᠃      1964 ᠤᠨ ᠤ ᠪᠡᠭᠡᠵᠢᠩ ᠳᠤ ᠪᠤᠯᠤᠭᠰᠠᠨ ᠪᠦᠬᠦ ᠤᠯᠤᠰ ᠤᠨ ᠲᠤᠮᠳᠠᠳᠤ ᠮᠠᠶ᠋ᠢᠭ ᠤᠨ ᠪᠦᠬᠡ ᠶᠢᠨ ᠤᠷᠤᠯᠳᠤᠭᠠᠨ ᠤ ᠬᠦᠩᠭᠡᠨ ᠳᠡᠰ ᠲᠤ ᠭᠤᠳᠠᠭᠠᠷᠯᠠᠪᠠ᠃ ᠤᠷᠤᠯᠳᠤᠭᠠᠨ ᠳᠤ ᠱᠠᠩᠬᠠᠢ᠂ ᠱᠠᠨ ᠰᠢ᠂ ᠡᠾᠧᠪᠸᠢ᠂ ᠦᠪᠦᠷ ᠮᠤᠩᠭᠤᠯ᠂ ᠠᠨᠾᠦ᠋ᠢ᠂ ᠰᠢᠨᠵᠢᠶᠠᠩ᠂ ᠪᠡᠭᠡᠵᠢᠩ᠂ ᠲᠢᠶᠠᠨᠵᠢᠨ᠂ ᠴᠢᠯᠦᠭᠡᠯᠡᠬᠦ ᠴᠡᠷᠢᠭ ᠤᠨ ᠠᠩᠭᠢ ᠵᠡᠷᠭᠡ ᠮᠤᠵᠢ ᠬᠤᠳᠠ ᠶᠢᠨ ᠲᠠᠮᠢᠷᠴᠢᠳ ᠤᠷᠤᠯᠴᠠᠪᠠ᠃ ᠮᠦᠨ ᠵᠢᠯ ᠤᠨ ᠲᠠᠪᠤᠳᠤᠭᠠᠷ ᠰᠠᠷ᠎ᠠ ᠳᠤ ᠪᠤᠯᠤᠭᠰᠠᠨ ᠪᠦᠬᠦ ᠤᠯᠤᠰ ᠤᠨ ᠬᠦᠩᠭᠡᠨ ᠳᠡᠰ ᠤᠨ ᠤᠷᠤᠯᠳᠤᠭᠠᠨ ᠳᠤ ᠳᠡᠳ᠋ᠯᠡᠪᠡ  ᠃      1965 ᠤᠨ ᠤ ᠪᠡᠭᠡᠵᠢᠩ ᠳᠤ ᠪᠤᠯᠤᠭᠰᠠᠨ ᠪᠦᠬᠦ ᠤᠯᠤᠰ ᠤᠨ ᠲᠤᠮᠳᠠᠳᠤ ᠮᠠᠶ᠋ᠢᠭ ᠤᠨ ᠬᠦᠩᠭᠡᠨ ᠳᠡᠰ ᠤᠨ ᠤᠷᠤᠯᠳᠤᠭᠠᠨ ᠳᠤ ᠳᠡᠳ᠋ᠯᠡᠪᠡ᠃ ᠤᠷᠤᠯᠳᠤᠭᠠᠨ ᠳᠤ ᠪᠡᠭᠡᠵᠢᠩ  ᠂ ᠡᠾᠧᠪᠸᠢ᠂ ᠦᠪᠦᠷ ᠮᠤᠩᠭᠤᠯ᠂ ᠰᠢᠨᠵᠢᠶᠠᠩ᠂ ᠯᠢᠶᠤᠤᠨᠢᠩ᠂ ᠱᠠᠨ ᠰᠢ᠂ ᠡᠾᠧᠨᠠᠨ᠂ ᠲᠢᠶᠠᠨᠵᠢᠨ᠂ ᠠᠨᠾᠦ᠋ᠢ᠂ ᠴᠢᠯᠦᠭᠡᠯᠡᠬᠦ ᠴᠡᠷᠢᠭ ᠤᠨ ᠠᠩᠭᠢ ᠵᠡᠷᠭᠡ ᠮᠤᠵᠢ ᠬᠤᠳᠠ ᠶᠢᠨ ᠲᠠᠮᠢᠷᠴᠢᠳ ᠤᠷᠤᠯᠴᠠᠪᠠ᠃ ᠮᠦᠨ ᠵᠢᠯ ᠤᠨ ᠤᠷᠤᠨ ᠤ ᠲᠤᠮᠳᠠᠳᠤ ᠮᠠᠶ᠋ᠢᠭ ᠤᠨ ᠪᠦᠬᠡ ᠶᠢᠨ ᠤᠷᠤᠯᠳᠤᠭᠠᠨ ᠤ ᠬᠦᠩᠭᠡᠨ ᠳᠡᠰ ᠲᠤ ᠳᠡᠳ᠋ᠯᠡᠪᠡ᠃      1965 ᠤᠨ ᠤ ᠪᠡᠭᠡᠵᠢᠩ ᠳᠤ ᠪᠤᠯᠤᠭᠰᠠᠨ ᠪᠦᠬᠦ ᠤᠯᠤᠰ ᠤᠨ ᠬᠤᠶᠠᠳᠤᠭᠠᠷ ᠬᠤᠭᠤᠴᠠᠭᠠᠨ ᠤ ᠲᠤᠮᠳᠠᠳᠤ ᠮᠠᠶ᠋ᠢᠭ ᠤᠨ ᠪᠦᠬᠡ ᠶᠢᠨ ᠬᠦᠩᠭᠡᠨ ᠳᠡᠰ ᠤᠨ ᠤᠷᠤᠯᠳᠤᠭᠠᠨ ᠳᠤ ᠲᠠᠪᠤᠳᠤᠭᠠᠷ ᠲᠤ ᠤᠷᠤᠪᠠ᠃      1970 ᠤᠨ ᠤ ᠬᠦᠬᠡᠬᠤᠳᠠ ᠳᠤ ᠪᠤᠯᠤᠭᠰᠠᠨ ᠪᠦᠬᠦ ᠤᠷᠤᠨ ᠤ ᠲᠤᠮᠳᠠᠳᠤ ᠮᠠᠶ᠋ᠢᠭ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠦᠩᠭᠡᠨ ᠳᠡᠰ ᠲᠤ ᠲᠡᠷᠢᠭᠦᠯᠡᠪᠡ᠃      1971 ᠤᠨ ᠤ ᠪᠤᠭᠤᠳᠤ ᠳᠤ ᠪᠤᠯᠤᠭᠰᠠᠨ ᠤᠷᠤᠨ ᠤ ᠵᠠᠯᠠᠭᠤᠴᠤᠳ ᠤᠨ ᠲᠤᠮᠳᠠᠳᠤ ᠮᠠᠶ᠋ᠢᠭ ᠤᠨ ᠪᠦᠬᠡ ᠶᠢᠨ ᠤᠷᠤᠯᠳᠤᠭᠠᠨ ᠤ ᠳᠡᠳ᠋ ᠬᠦᠨᠳᠤ ᠳᠡᠰ ᠲᠤ ᠲᠡᠷᠢᠭᠦᠯᠡᠪᠡ᠃      1973 ᠤᠨ ᠤ ᠰᠢᠯᠢ ᠶᠢᠨ ᠬᠤᠳᠠ ᠳᠤ ᠪᠤᠯᠤᠭᠰᠠᠨ ᠪᠦᠬᠦ ᠤᠷᠤᠨ ᠤ ᠲᠤᠮᠳᠠᠳᠤ ᠮᠠᠶ᠋ᠢᠭ ᠤᠨ ᠪᠦᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ 68 ᠺᠢᠯᠦᠭᠷᠠᠮ ᠤᠨ ᠳᠡᠰ ᠲᠤ ᠲᠡᠷᠢᠭᠦᠯᠡᠪᠡ᠃      1974 ᠤᠨ ᠤ ᠬᠦᠬᠡᠬᠤᠳᠠ ᠳᠤ ᠪᠤᠯᠤᠭᠰᠠᠨ ᠤᠷᠤᠨ ᠤ ᠲᠤᠮᠳᠠᠳᠤ ᠮᠠᠶ᠋ᠢᠭ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ 74 ᠺᠢᠯᠦᠭᠷᠠᠮ ᠤᠨ ᠳᠡᠰ ᠲᠤ ᠲᠡᠷᠢᠭᠦᠯᠡᠪᠡ᠃      1975 ᠤᠨ ᠤ ᠰᠢᠯᠢ ᠶᠢᠨ ᠬᠤᠳᠠ ᠳᠤ ᠪᠤᠯᠤᠭᠰᠠᠨ ᠪᠦᠬᠦ ᠤᠷᠤᠨ ᠤ ᠲᠤᠮᠳᠠᠳᠤ ᠮᠠᠶ᠋ᠢᠭ ᠤᠨ ᠪᠦᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ 68 ᠺᠢᠯᠦᠭᠷᠠᠮ ᠤᠨ ᠳᠡᠰ ᠲᠤ ᠲᠡᠷᠢᠭᠦᠯᠡᠪᠡ᠃ ᠮᠦᠨ ᠵᠢᠯ ᠤᠨ ᠴᠠᠩ ᠵᠸᠤ ᠳᠤ ᠪᠤᠯᠤᠭᠰᠠᠨ ᠪᠦᠬᠦ ᠤᠯᠤᠰ ᠤᠨ ᠲᠤᠮᠳᠠᠳᠤ ᠮᠠᠶ᠋ᠢᠭ ᠤᠨ ᠪᠦᠬᠡ ᠶᠢᠨ ᠬᠦᠩᠭᠡᠨ ᠳᠡᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠲᠡᠷᠢᠭᠦᠯᠡᠪᠡ᠃ ᠤᠷᠤᠯᠳᠤᠭᠠᠨ ᠳᠤ ᠪᠡᠭᠡᠵᠢᠩ᠂ ᠲᠢᠶᠠᠨᠵᠢᠨ᠂ ᠡᠾᠧᠪᠸᠢ᠂ ᠦᠪᠦᠷ ᠮᠤᠩᠭᠤᠯ᠂ ᠯᠢᠶᠤᠤᠨᠢᠩ᠂ ᠱᠠᠨ ᠰᠢ ᠵᠡᠷᠭᠡ ᠮᠤᠵᠢ ᠬᠤᠳᠠ ᠶᠢᠨ ᠲᠠᠮᠢᠷᠴᠢᠳ ᠤᠷᠤᠯᠴᠠᠪᠠ᠃      ᠬᠤᠰᠢᠭᠤ ᠨᠤᠲᠤᠭ ᠤᠨ ᠨᠠᠶᠢᠷ ᠨᠠᠭᠠᠳᠤᠮ ᠳᠤ ᠪᠠᠷᠢᠯᠳᠤᠵᠦ ᠶᠠᠪᠤᠭᠰᠠᠨ ᠢ ᠳᠡᠮᠳᠡᠭᠯᠡᠪᠡᠯ᠄      1964 ᠤᠨ ᠤ ᠡᠬᠡᠪᠤᠯᠠᠭ ᠮᠠᠯᠵᠢᠯ ᠤᠨ ᠳᠠᠯᠠᠪᠠᠢ ᠶᠢᠨ 256 ᠪᠦᠬᠡ ᠪᠠᠷᠢᠯᠳᠤᠭᠰᠠᠨ ᠨᠠᠶᠢᠷ ᠲᠤ ᠳᠡᠳ᠋ᠯᠡᠪᠡ᠃      1964 ᠤᠨ ᠤ ᠡᠵᠢᠨᠠᠭᠤᠷ ᠨᠢᠭᠡᠳᠦᠯ ᠤᠨ 256 ᠪᠦᠬᠡ ᠲᠠᠢ ᠨᠠᠶᠢᠷ ᠲᠤ ᠲᠦᠳᠡᠭᠡᠷᠯᠡᠪᠡ᠃      1974 ᠤᠨ ᠤ ᠪᠠᠶᠠᠨᠬᠦᠭᠡᠪᠦᠷ ᠨᠢᠭᠡᠳᠦᠯ ᠤᠨ 256 ᠪᠦᠬᠡ ᠪᠠᠷᠢᠯᠳᠤᠭᠰᠠᠨ ᠨᠠᠶᠢᠷ ᠲᠤ ᠲᠦᠳᠡᠭᠡᠷᠯᠡᠪᠡ᠃ ᠮᠦᠨ ᠵᠢᠯ ᠤᠨ ᠡᠵᠢᠨᠠᠭᠤᠷ ᠨᠢᠭᠡᠳᠦᠯ ᠤᠨ 256 ᠪᠦᠬᠡ ᠪᠠᠷᠢᠯᠳᠤᠭᠰᠠᠨ ᠨᠠᠶᠢᠷ ᠲᠤ ᠭᠤᠳᠠᠭᠠᠷᠯᠠᠵᠦ᠂ ᠲᠤᠮᠳᠠᠭᠤᠪᠢ ᠨᠢᠭᠡᠳᠦᠯ ᠤᠨ 256 ᠪᠦᠬᠡ ᠲᠠᠢ ᠨᠠᠶᠢᠷ ᠲᠤ ᠲᠦᠳᠡᠭᠡᠷᠯᠡᠪᠡ᠃ ᠪᠤᠯᠠᠭ ᠨᠢᠭᠡᠳᠦᠯ ᠤᠨ 256 ᠪᠦᠬᠡ ᠪᠠᠷᠢᠯᠳᠤᠭᠰᠠᠨ ᠨᠠᠶᠢᠷ ᠲᠤ ᠳᠡᠳ᠋ᠯᠡᠭᠰᠡᠨ ᠪᠠᠶᠢᠨ᠎ᠠ᠃      1982 ᠤᠨ ᠤ ᠪᠦᠬᠦ ᠠᠶᠢᠮᠠᠭ ᠤᠨ 1024 ᠪᠦᠬᠡ ᠪᠠᠷᠢᠯᠳᠤᠭᠰᠠᠨ ᠶᠡᠭᠡ ᠨᠠᠶᠢᠷ ᠲᠤ᠂ ᠨᠢᠮ᠎ᠡ ᠭᠤᠸᠠᠢ ᠵᠤᠳᠤᠭ ᠡᠯᠭᠦᠨ ᠵᠠᠯᠠᠭᠤ ᠪᠦᠬᠡᠴᠤᠳ ᠲᠠᠢ ᠦᠵᠡᠯᠴᠡᠨ 64 ᠳᠤ ᠤᠷᠤᠭᠰᠠᠨ ᠪᠠᠶᠢᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号