ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2017/4/7
     ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠨᠢ 1980 ᠣᠨ ᠳᠤ ᠪᠠᠶᠢᠭᠤᠯᠣᠭᠳᠠᠵᠣ᠂ ︽ᠳᠣᠮᠳᠠᠭᠤᠪᠢ ᠰᠣᠮᠣᠨ ᠤ ᠪᠠᠭ᠎ᠠ ᠰᠣᠷᠭᠠᠭᠤᠯᠢ︾ ᠭᠡᠵᠦ ᠨᠡᠷᠡᠶᠢᠳᠣᠭ᠍ᠳᠡᠵᠦ ᠪᠠᠶᠢᠭᠰᠠᠨ ᠠᠴᠠ᠂ 2004 ᠣᠨ ᠳᠤ ︽ᠣᠯᠢᠶᠠᠰᠣᠲᠠᠢ ᠪᠠᠯᠭᠠᠰᠣᠨ ᠤ ᠪᠠᠭ᠎ᠠ ᠰᠣᠷᠭᠠᠭᠤᠯᠢ︾  ᠬᠡᠵᠦ ᠬᠤᠶᠠᠳᠠᠬᠢ ᠨᠡᠷ᠎ᠡ ᠪᠠᠨ ᠦᠭᠡᠷᠡᠴᠢᠯᠡᠭᠡᠳ᠂ 2007 ᠣᠨ ᠳᠤ ᠵᠡᠬᠦᠨ ᠦᠵᠦᠮᠦᠴᠢᠨ ᠬᠤᠰᠢᠭᠤᠨ ᠤ ᠪᠠᠨ14 ᠰᠣᠮᠣᠨ ᠤ ᠪᠠᠭ᠎ᠠ ᠰᠣᠷᠭᠠᠭᠤᠯᠢ ᠶᠢ ᠴᠣᠮᠬᠠᠳᠬᠠᠨ ᠲᠦᠪᠯᠡᠷᠡᠬᠦᠯᠵᠦ᠂ ᠬᠤᠰᠢᠭᠤ ᠵᠠᠰᠠᠭ ᠤᠨ ᠣᠷᠳᠣᠨ ᠠᠴᠠ ︽ᠵᠡᠬᠦᠨ ᠦᠵᠦᠮᠦᠴᠢᠨ ᠬᠤᠰᠢᠭᠤᠨ ᠤ ᠮᠣᠩᠭᠤᠯ ᠦᠨᠳᠦᠰᠦᠲᠡᠨ ᠤ ᠬᠤᠶᠠᠳᠣᠭᠠᠷ ᠪᠠᠭ᠎ᠠ ᠰᠣᠷᠭᠠᠭᠤᠯᠢ︾ ᠬᠡᠵᠦ ᠳᠠᠬᠢᠨᠲᠠ ᠦᠭᠡᠷᠡᠴᠢᠯᠡᠨ ᠨᠡᠷᠡᠶᠢᠳᠴᠦ᠂ ᠬᠤᠰᠢᠭᠤ ᠳᠡᠰ ᠤᠨ ᠰᠣᠷᠭᠠᠭᠤᠯᠢ ᠪᠣᠯᠣᠭᠰᠠᠨ ᠪᠠᠶᠢᠨ᠎ᠠ᠃ ᠣᠳᠣᠬᠠᠨ ᠳᠤ ᠮᠠᠨ ᠤ ᠰᠣᠷᠭᠠᠭᠤᠯᠢ ᠨᠢ 113 ᠨᠡᠷ᠎ᠡ ᠪᠠᠭᠰᠢ ᠠᠵᠢᠯᠲᠠᠨ᠂ 30 ᠠᠩᠬᠢ᠂ 1301 ᠰᠣᠷᠣᠭᠴᠢ ᠲᠠᠢ᠃ ᠰᠣᠷᠭᠠᠭᠤᠯᠢ ᠶᠢᠨ ᠬᠦᠷᠢᠶᠡᠨ ᠤ ᠡᠵᠡᠯᠡᠬᠦ ᠲᠠᠯᠠᠪᠠᠢ 37795 ᠺᠦᠸᠠᠳ᠋ ᠮᠧᠲᠷ ᠪᠠᠶᠢᠵᠦ᠂ ᠪᠠᠷᠢᠯᠭ᠎ᠠ ᠶᠢᠨ ᠲᠠᠯᠠᠪᠠᠢ 9274 ᠺᠦᠸᠠᠳ᠋ ᠮᠧᠲᠷ ᠪᠠᠶᠢᠨ᠎ᠠ ᠃ ᠭᠤᠴᠢᠭᠠᠳ ᠵᠢᠯ ᠤᠨ ᠲᠣᠷᠰᠢ ᠮᠠᠨ ᠤ ᠰᠣᠷᠭᠠᠭᠤᠯᠢ ᠨᠢ ᠨᠠᠮ ᠵᠠᠰᠠᠭ ᠤᠨ ᠬᠠᠯᠠᠮᠵᠢᠯᠠᠯ ᠪᠠ ᠵᠦᠪ ᠣᠨᠣᠪᠴᠢᠲᠠᠢ ᠣᠳᠣᠷᠢᠳᠣᠯᠭ᠎ᠠ ᠶᠢᠨ ᠳᠣᠣᠷ᠎ᠠ ᠴᠢᠷᠮᠠᠶᠢᠨ ᠲᠡᠮᠡᠴᠡᠵᠦ᠂ ᠴᠠᠭ ᠦᠶ᠎ᠡ ᠲᠠᠢ ᠵᠡᠷᠭᠡᠴᠡᠨ ᠣᠷᠣᠭᠰᠢᠯᠠᠨ᠂ ᠰᠣᠷᠭᠠᠭᠤᠯᠢ ᠶᠢᠨ ᠪᠣᠲᠠᠲᠠᠢ ᠪᠠᠶᠢᠳᠠᠯ ᠬᠢᠭᠡᠳ ᠨᠡᠶᠢᠭᠡᠮ ᠤᠨ ᠬᠦᠭᠵᠢᠯᠲᠡ ᠳᠤ ᠲᠣᠬᠢᠷᠠᠭᠤᠯᠣᠨ ᠰᠣᠷᠭᠠᠭᠤᠯᠢ ᠡᠷᠬᠢᠯᠡᠬᠦ ᠣᠨᠣᠯᠵᠢᠭᠤᠨ ᠢᠶᠠᠨ ᠰᠢᠨᠡᠴᠢᠯᠡᠵᠦ᠂ ᠵᠢᠭᠠᠨ ᠰᠣᠷᠭᠠᠯᠳᠠ ᠪᠠᠷ ᠭᠤᠣᠯ ᠪᠣᠯᠭᠠᠵᠣ᠂ ᠰᠣᠷᠣᠭᠴᠢ ᠨᠢᠭᠡᠪᠦᠷᠢ ᠶᠢ ᠭᠦᠭᠵᠢᠭᠦᠯᠵᠣ᠂ ᠪᠢᠴᠢᠭ ᠵᠢᠭᠠᠵᠣ ᠬᠦᠮᠦᠨ ᠬᠦᠮᠦᠵᠢᠭᠦᠯᠬᠦ᠂ ᠬᠠᠮᠢᠶᠠᠷᠣᠯᠳᠠ ᠪᠠᠷ ᠬᠦᠮᠦᠨ ᠬᠦᠮᠦᠵᠢᠭᠦᠯᠬᠦ᠂ ᠣᠷᠴᠢᠨ ᠲᠣᠭᠤᠷᠢᠨ ᠢᠶᠠᠷ ᠬᠦᠮᠦᠨ ᠬᠦᠮᠦᠵᠢᠭᠦᠯᠬᠦ᠂ ᠦᠢᠯᠡᠴᠢᠯᠡᠭᠡ ᠪᠠᠷ ᠬᠦᠮᠦᠨ ᠬᠦᠮᠦᠵᠢᠭᠦᠯᠬᠦ ᠶᠢ ᠪᠠᠷᠢᠮᠳᠠᠯᠠᠵᠣ᠂ ᠰᠢᠨ᠎ᠡ ᠶᠢ ᠡᠭᠦᠳᠣᠨ᠂ ᠬᠢᠴᠢᠶᠡᠯᠯᠡᠭᠡ ᠶᠢᠨ ᠦᠷ᠎ᠠ ᠠᠰᠢᠭ ᠢᠶᠠᠨ ᠲᠡᠭᠡᠭᠰᠢᠯᠡᠬᠦᠯᠵᠣ᠂ ᠦᠨᠳᠣᠰᠣᠳᠡᠨ ᠤ ᠣᠨᠴᠠᠯᠢᠭ ᠲᠣᠪᠣᠶᠢᠮ᠎ᠠ᠂ ᠦᠵᠦᠮᠦᠴᠢᠨ ᠲᠦᠮᠡᠨ ᠤ ᠰᠡᠳᠬᠢᠯ ᠳᠤ ᠬᠠᠨᠣᠮᠵᠢᠳᠠᠢ ᠰᠣᠷᠭᠠᠭᠤᠯᠢ ᠶᠢ ᠪᠦᠳᠦᠭᠡᠨ ᠪᠠᠶᠢᠭᠤᠯᠬᠤ ᠪᠠᠷ ᠴᠢᠷᠮᠠᠶᠢᠵᠣ᠂ ᠦᠨᠳᠣᠰᠣᠳᠡᠨ ᠤ ᠰᠣᠷᠭᠠᠨ ᠬᠦᠮᠦᠵᠢᠯ ᠤᠨ ᠦᠢᠯᠡᠰ ᠲᠤ ᠦᠨᠠᠨᠴᠢ ᠪᠠᠷ  ᠦᠢᠯᠡᠴᠢᠯᠡᠵᠣ ᠢᠷᠡᠭᠰᠡᠨ ᠪᠠᠶᠢᠨ᠎ᠡ᠃      ᠲᠤᠰ ᠰᠤᠷᠭᠠᠭᠤᠯᠢ ᠨᠢ ᠤᠷᠤᠨ ᠲᠡᠰ ᠤᠨ ︽ᠪᠤᠯᠪᠠᠰᠤᠨ ᠨᠢᠭᠡᠴᠢ︾᠂ ᠤᠷᠤᠨ ᠲᠡᠰ ᠤᠨ ︽ᠬᠠᠤᠯᠢ ᠲᠦᠭᠡᠮᠡᠯᠵᠢᠬᠦᠯᠵᠦ᠂ ᠬᠠᠤᠯᠢ ᠶᠤᠰᠤ ᠪᠠᠷ ᠰᠢᠢᠳᠪᠦᠷᠢᠯᠡᠨ ᠵᠠᠰᠠᠭᠰᠠᠨ ᠲᠡᠷᠢᠬᠦᠨ ᠤ ᠨᠢᠭᠡᠴᠢ︾᠂ ᠤᠷᠤᠨ ᠳᠡᠰ ᠤᠨ ︽ᠤᠳᠤ ᠦᠶ᠎ᠡ ᠶᠢᠨ ᠰᠤᠷᠭᠠᠨ ᠬᠦᠮᠦᠵᠢᠯ ᠤᠨ ᠮᠡᠷᠭᠡᠵᠢᠯ ᠤᠨ ᠰᠢᠯᠢᠳᠡᠭ ᠰᠤᠷᠭᠠᠭᠤᠯᠢ︾᠂ ᠤᠷᠤᠨ ᠳᠡᠰ ᠤᠨ ︽ᠨᠠᠷᠢᠯᠢᠭ ᠬᠠᠮᠢᠶᠠᠷᠤᠯᠲᠠ ᠶᠢᠨ ᠳᠠᠭᠤᠷᠢᠶᠠᠯ ᠰᠤᠷᠭᠠᠭᠤᠯᠢ︾᠂ ᠠᠶᠢᠮᠠᠭ ᠳᠡᠰ ᠤᠨ ︽ᠦᠨᠳᠦᠰᠦᠲᠡᠨ ᠤ ᠪᠠᠷᠢᠮᠵᠢᠶᠠᠲᠦ ᠰᠤᠷᠭᠠᠭᠤᠯᠢ︾᠂ ᠠᠶᠢᠮᠠᠭ ᠳᠡᠰ ᠤᠨ ︽ᠰᠤᠷᠭᠠᠭᠤᠯᠢ ᠶᠢᠨ ᠬᠠᠮᠢᠶᠠᠷᠤᠯᠲᠠ ᠶᠢᠨ ᠲᠡᠷᠢᠭᠦᠨ ᠤ ᠰᠤᠷᠭᠠᠭᠤᠯᠢ︾᠂ ᠠᠶᠢᠮᠠᠭ ᠳᠡᠰ ᠤᠨ ︽ᠤᠷᠴᠢᠨ ᠠᠬᠤᠢ ᠶᠢᠨ ᠪᠠᠷᠢᠮᠵᠢᠶᠠᠲᠦ ᠰᠤᠷᠭᠠᠭᠤᠯᠢ︾ ᠵᠡᠷᠭᠡ ᠢᠷᠠᠭᠤ ᠠᠯᠳᠠᠷ ᠢ ᠳᠡᠭᠡᠳᠦᠯᠡᠨ ᠶᠠᠪᠤᠭ᠎ᠠ ᠦᠵᠦᠮᠦᠴᠢᠨ ᠨᠤᠳᠤᠭ ᠤᠨ ᠬᠡᠤᠬᠡᠳ ᠪᠠᠭᠠᠴᠤᠳ ᠤᠨ ᠰᠤᠶᠤᠯ ᠤᠨ ᠦᠯᠦᠭᠡᠢ ᠪᠤᠯᠬᠤ ᠶᠤᠮ᠃      ᠰᠤᠷᠤᠭᠴᠢᠳ ᠤᠨ ᠪᠦᠬᠦ ᠲᠠᠯ᠎ᠠ ᠶᠢᠨ ᠬᠦᠭᠵᠢᠯᠲᠠ ᠳᠤ ᠵᠤᠷᠢᠭᠤᠯᠤᠭᠰᠠᠨ ᠬᠢᠴᠢᠶᠡᠯᠯᠡᠭᠡ ᠶᠢ ᠪᠦᠷᠢᠨ ᠨᠡᠬᠡᠬᠡᠵᠦ ᠪᠠᠶᠢᠬᠤ ᠮᠦᠷᠲᠡᠭᠡᠨ ᠤᠷᠮ᠎ᠠ ᠲᠠᠢ ᠬᠢᠴᠢᠶᠡᠯᠯᠡᠨ᠂ ᠶᠠᠰᠤᠯᠢᠭ ᠵᠢᠭᠠᠵᠤ ᠰᠤᠷᠤᠭᠴᠢ ᠪᠠᠨ ᠬᠠᠶᠢᠷᠠᠯᠠᠨ᠂ ᠰᠤᠶᠤᠯ ᠢᠶᠠᠨ ᠬᠦᠨᠳᠦᠳᠭᠡᠵᠦ᠂ ᠰᠤᠷᠭᠠᠨ ᠬᠦᠮᠦᠵᠢᠬᠦᠯᠬᠦ ᠶᠢ ᠵᠤᠷᠢᠵᠤ ᠶᠠᠪᠤᠨ᠎ᠠ᠃ ︽ᠢᠳᠡᠪᠬᠢᠲᠠᠢ ᠰᠤᠷᠤᠯᠴᠠᠵᠤ᠂ ᠤᠷᠮ᠎ᠠ ᠲᠠᠢ ᠰᠤᠳᠤᠯᠳᠠᠭ︾ ᠪᠠᠭᠰᠢ ᠶᠢᠨ ᠡᠩᠨᠡᠭᠡ ᠶᠢ ᠪᠦᠲᠦᠬᠡᠨ ᠪᠠᠶᠢᠭᠤᠯᠬᠤ ᠪᠠᠷ ᠬᠠᠷᠠᠯᠲᠠ ᠪᠠᠨ ᠪᠤᠯᠭᠠᠵᠤ᠂ ᠪᠠᠭᠰᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠳᠡᠭᠡᠭᠰᠢᠯᠡᠭᠦᠯᠬᠦ ᠪᠠᠷ ᠴᠢᠷᠮᠠᠶᠢᠵᠤ ᠢᠷᠡᠪᠡ᠃ ᠵᠢᠭᠠᠨ ᠰᠤᠷᠭᠠᠯᠲᠠ ᠶᠢᠨ ᠲᠤᠮᠳᠠ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠦᠨ ᠪᠠᠭᠰᠢ ᠪᠤᠯᠭᠠᠨ ᠦᠪᠡᠷ ᠤᠨ ᠭᠡᠰᠡᠨ ᠰᠤᠳᠤᠯᠭᠠᠨ ᠬᠢᠵᠦ᠂ ︽ᠰᠤᠳᠤᠯᠭᠠᠨ ᠢᠶᠠᠷ ᠵᠢᠭᠠᠨ ᠰᠤᠷᠭᠠᠯᠲᠠ ᠪᠠᠨ ᠠᠬᠢᠭᠤᠯᠬᠤ᠂ ᠰᠤᠳᠤᠯᠭᠠᠨ ᠢᠶᠠᠷ ᠰᠤᠷᠭᠠᠭᠤᠯᠢ  ᠪᠠᠨ ᠬᠦᠭᠵᠢᠬᠦᠯᠬᠦ︾ ᠶᠢ ᠲᠤᠭᠤᠰᠢᠯᠠᠭᠤᠯᠤᠨ ᠬᠡᠷᠡᠭᠵᠢᠬᠦᠯᠪᠡ᠃      ︽ᠮᠤᠩᠭᠤᠯ ᠬᠡᠯᠡ ᠪᠢᠴᠢᠭ ᠤᠨ ᠬᠢᠴᠢᠶᠡᠯᠯᠡᠭᠡ ᠳᠤ ᠵᠠᠩ ᠦᠢᠯᠡ ᠶᠢ ᠠᠭᠤᠰᠬᠠᠨ ᠵᠢᠭᠠᠬᠤ︾ ᠰᠤᠳᠤᠯᠭᠠᠨ  ᠢᠶᠠᠷ ᠰᠤᠷᠭᠠᠭᠤᠯᠢ ᠶᠢᠨ ᠤᠨᠴᠠᠯᠢᠭ ᠪᠤᠯᠭᠠᠵᠤ ᠪᠠᠶᠢᠭᠰᠠᠨ ᠠᠴᠠ ᠪᠠᠨ ᠪᠦᠬᠦ ᠬᠢᠴᠢᠶᠡᠯ ᠲᠦᠷᠦᠯ ᠳᠤ ᠮᠤᠩᠭᠤᠯ ᠵᠠᠩ ᠦᠢᠯᠡ ᠶᠢ ᠠᠭᠤᠰᠬᠠᠨ ᠵᠢᠭᠠᠬᠤ ᠲᠡᠶᠢᠰᠢ ᠬᠦᠭᠵᠢᠨ ᠪᠠᠳᠠᠷᠠᠪᠠ᠃ ᠰᠤᠷᠤᠭᠴᠢᠳ ᠤᠨ ᠨᠠᠰᠤᠨ ᠤ ᠤᠨᠴᠠᠯᠢᠭ ᠲᠤ ᠲᠤᠬᠢᠷᠠᠭᠰᠠᠨ ᠰᠤᠶᠤᠯ ᠲᠡᠤᠬᠡ᠂ ᠶᠤᠰᠤ ᠵᠠᠩᠰᠢᠯ ᠵᠡᠷᠭᠡ ᠠᠭᠤᠯᠭ᠎ᠠ ᠠᠴᠠ ᠰᠤᠩᠭᠤᠯᠲᠠ ᠶᠢᠨ ᠴᠢᠨᠠᠷᠲᠠᠢ ᠪᠤᠷᠤ ᠮᠠᠲ᠋ᠧᠷᠢᠶᠠᠯ ᠴᠤᠭᠯᠠᠭᠤᠯᠵᠤ ᠨᠤᠲᠤᠭ ᠤᠷᠤᠨ ᠤ ᠡᠷᠲᠡᠮᠲᠡᠨ ᠮᠡᠷᠭᠡᠳ ᠠᠴᠠ ᠵᠦᠪᠯᠡᠯᠭᠡ ᠠᠪᠴᠦ 1— 6 ᠤᠨ ᠤ ᠪᠦᠷᠢᠨ ᠢᠵᠢ ᠠᠷᠪᠠᠨ ᠬᠤᠶᠠᠷ ᠳᠡᠪᠲᠡᠷ ︽ᠦᠪ ᠰᠤᠶᠤᠯ ᠤᠨ ᠠᠯᠲᠠᠨ ᠬᠡᠯᠬᠢᠶ᠎ᠡ︾ ᠵᠠᠩ ᠦᠢᠯᠡ ᠶᠢᠨ ᠬᠢᠴᠢᠶᠡᠯ  ᠤᠨ ᠪᠢᠴᠢᠭ ᠢ ᠡᠮᠬᠢᠳᠬᠡᠨ ᠨᠠᠶᠢᠷᠠᠭᠤᠯᠵᠤ ᠰᠤᠷᠭᠠᠭᠤᠯᠢ ᠶᠢᠨ ᠬᠢᠴᠢᠶᠡᠯ ᠳᠤ ᠪᠠᠨ ᠠᠰᠢᠭᠯᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号