ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ《ᠰᠦᠯᠳᠡ》 ᠪᠠᠭ ᠎ ᠨᠢ 2017 ᠤᠨ ᠤ《ᠲᠠᠮᠢᠷ ᠤᠨ ᠯᠤᠲᠲ᠋ᠧᠷᠢ ᠬᠤᠨᠳᠠᠭᠠᠲᠤ》 ᠪᠦᠬᠦ  ᠤᠷᠤᠨ ᠤ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠮᠦᠷᠦᠶᠢᠴᠡᠭᠡᠨ ᠵᠢᠴᠢ ᠵᠠᠯᠠᠭᠤᠴᠤᠳ ᠪᠠᠭᠠᠴᠤᠳ ᠤᠨ U ᠲᠦᠷᠦᠯ ᠤᠨ ᠬᠦᠯ ᠪᠦᠮᠪᠦᠭᠡ ᠶᠢᠨ ᠬᠠᠮᠲᠤᠷᠠᠭᠰᠠᠨ ᠤᠷᠤᠯᠳᠤᠭᠠᠨ ᠤ U9 ᠳᠤᠭᠤᠶᠢᠯᠠᠩ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2017/5/11
     2017ᠤᠨ ᠤ 5 ᠰᠠᠷ᠎ᠠ ᠶᠢᠨ 4᠎ ᠤ ᠡᠳᠦᠷ ᠠᠴᠠ 5 ᠰᠠᠷ᠎ᠠ ᠶᠢᠨ 10᠎ ᠤ ᠡᠳᠦᠷ ᠪᠤᠯᠲᠠᠯ᠎ᠠ ᠲᠦᠩᠯᠢᠶᠣᠣ  ᠬᠤᠳᠠ ᠳᠤ ᠶᠠᠪᠤᠭᠳᠠᠭᠰᠠᠨ 2017 ᠤᠨ ᠤ《ᠲᠠᠮᠢᠷ ᠤᠨ ᠯᠤᠲᠲ᠋ᠧᠷᠢ ᠬᠤᠨᠳᠠᠭᠠᠲᠤ》 ᠪᠦᠬᠦ ᠤᠷᠤᠨ ᠤ ᠵᠠᠯᠠᠭᠤᠴᠤᠳ  ᠪᠠᠭᠠᠴᠤᠳ ᠤᠨ ᠬᠦᠯ ᠪᠦᠮᠪᠦᠭᠡ ᠶᠢᠨ ᠮᠦᠷᠦᠶᠢᠴᠡᠭᠡᠨ ᠵᠢᠴᠢ ᠵᠠᠯᠠᠭᠤᠴᠤᠳ ᠪᠠᠭᠠᠴᠤᠳ ᠤᠨ U ᠲᠦᠷᠦᠯ ᠤᠨ ᠬᠦᠯ  ᠪᠦᠮᠪᠦᠭᠡ ᠶᠢᠨ ᠬᠠᠮᠲᠤᠷᠠᠭᠰᠠᠨ ᠤᠷᠤᠯᠳᠤᠭᠠᠨ ᠤ U9 ᠳᠤᠭᠤᠶᠢᠯᠠᠩ ᠳᠤ ᠵᠡᠭᠦᠨ ᠦᠵᠦᠮᠦᠴᠢᠨ ᠬᠤᠰᠢᠭᠤᠨ ᠤ ᠮᠤᠩᠭᠤᠯ  ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ《ᠰᠦᠯᠳᠡ》 ᠪᠠᠭ ᠤᠨ ᠲᠠᠮᠢᠷᠴᠢᠳ ᠰᠢᠯᠢ ᠶᠢᠨ ᠭᠤᠤᠯ  ᠠᠶᠢᠮᠠᠭ ᠢ ᠲᠦᠯᠤᠭᠡᠯᠡᠨ ᠤᠷᠤᠯᠴᠠᠭᠠᠳ ᠠᠯᠲᠠᠨ ᠬᠤᠨᠳᠠᠭ᠎ᠠ ᠲᠤᠰᠤᠭᠰᠠᠨ ᠪᠠᠶᠢᠨ᠎ᠠ  ᠃      ᠤᠷᠤᠯᠳᠤᠭᠠᠨ ᠤ ᠶᠠᠪᠤᠴᠠ ᠳᠤ ᠲᠠᠮᠢᠷᠴᠢᠳ ᠦᠪᠡᠷ ᠤᠨ ᠪᠦᠮᠪᠦᠭᠡ ᠲᠤᠭᠯᠠᠬᠤ ᠠᠪᠢᠶᠠᠰ ᠴᠢᠳᠠᠪᠤᠷᠢ ᠪᠠᠨ ᠭᠦᠢᠴᠡᠳ  ᠪᠠᠳᠠᠷᠠᠭᠤᠯᠤᠨ᠂ ᠬᠠᠮᠤᠭ ᠤᠨ ᠰᠢᠯᠢᠳᠡᠭ ᠪᠠᠶᠢᠳᠠᠯ ᠢᠶᠠᠷ ᠤᠷᠤᠯᠴᠠᠵᠤ᠂ ᠬᠦᠬᠡᠬᠤᠳᠠ ᠶᠢᠨ ᠠᠩᠭᠢ ᠶᠢ 8᠄0᠂ ᠦᠬᠠᠢ  ᠬᠤᠲᠠ ᠶᠢᠨ ᠠᠩᠭᠢ ᠶᠢ 15᠄0᠂ ᠤᠯᠠᠭᠠᠨᠴᠠᠪ ᠬᠤᠳᠠ ᠶᠢᠨ ᠠᠩᠭᠢ ᠶᠢ 5᠄0᠂ ᠲᠦᠩᠯᠢᠶᠣᠣ ᠬᠤᠳᠠ ᠶᠢᠨ ᠠᠩᠭᠢ ᠶᠢ  5᠄3᠎ ᠪᠠᠷ ᠲᠤᠰ ᠲᠤᠰ ᠳᠠᠪᠠᠵᠤ᠂ ᠬᠠᠭᠠᠰ ᠰᠢᠢᠳᠪᠦᠷᠢᠲᠦ ᠤᠷᠤᠯᠳᠤᠭᠠᠨ ᠳᠤ ᠬᠢᠩᠭᠠᠨ ᠠᠶᠢᠮᠠᠭ ᠤᠨ ᠠᠩᠭᠢ ᠶᠢ 14  ᠄0᠎ ᠪᠠᠷ ᠢᠯᠠᠵᠤ᠂ ᠰᠢᠢᠳᠪᠦᠷᠢᠲᠦ ᠤᠷᠤᠯᠳᠤᠭᠠᠨ ᠳᠤ ᠲᠦᠩᠯᠢᠶᠣᠣ ᠬᠤᠳᠠ ᠶᠢᠨ ᠠᠩᠭᠢ ᠶᠢ 2᠄1᠎ ᠪᠠᠷ ᠢᠯᠠᠨ᠂ ᠪᠦᠬᠦ  ᠲᠠᠯᠠᠪᠠᠢ ᠤᠷᠤᠯᠳᠤᠭᠠᠨ ᠳᠤ ᠪᠦᠷᠢᠨ ᠢᠯᠠᠭᠰᠠᠨ ᠬᠢᠷᠢ ᠪᠦᠲᠤᠮᠵᠢ ᠪᠠᠷ ᠲᠡᠷᠢᠭᠦᠯᠡᠭᠰᠡᠨ ᠪᠠᠶᠢᠨ᠎ᠠ  ᠃      ᠲᠤᠰ ᠤᠳᠠᠭᠠᠨ ᠤ ᠤᠷᠤᠯᠳᠤᠭᠠᠨ ᠳᠤ《ᠰᠦᠯᠳᠡ》 ᠪᠠᠭ ᠤᠨ ᠲᠠᠮᠢᠷᠴᠢᠨ ᠭᠤᠷᠪᠠ ᠶᠢᠨ ᠨᠢᠭᠡ ᠠᠩᠭᠢ ᠶᠢᠨ  ᠮᠠᠨᠳᠤᠯ᠎ᠠ ᠨᠡᠶᠢᠲᠡ27 ᠪᠦᠮᠪᠦᠭᠡ ᠤᠷᠤᠭᠤᠯᠵᠤ᠂《ᠰᠢᠯᠢᠳᠡᠭ ᠲᠠᠮᠢᠷᠴᠢᠨ》᠎ ᠢᠶᠠᠷ ᠰᠤᠩᠭᠤᠭᠳᠠᠨ᠂ ᠤᠶᠤᠨᠪᠢᠯᠢᠭ᠌  ᠪᠠᠭᠰᠢ《 ᠰᠢᠯᠢᠳᠡᠭ ᠲᠠᠰᠬᠠᠯᠵᠢᠭᠤᠯᠤᠭᠴᠢ》᠎ ᠪᠠᠷ ᠰᠤᠩᠭᠤᠭᠳᠠᠪᠠ᠃      ᠠᠮᠵᠢᠯᠳᠠ ᠤᠯᠤᠭᠰᠠᠨ ᠲᠠᠮᠢᠷᠴᠢᠳ ᠲᠤ ᠪᠠᠨ ᠪᠠᠶᠠᠷ ᠬᠦᠷᠭᠡᠶ᠎ᠡ᠂ ᠰᠢᠷᠭᠠᠭᠤ ᠵᠢᠯᠤᠭᠤᠳᠤᠭᠰᠠᠨ ᠰᠤᠷᠭᠠᠭᠴᠢ  ᠪᠠᠭᠰᠢ ᠳᠤ ᠪᠠᠨ ᠪᠠᠶᠠᠷ ᠬᠦᠷᠭᠡᠶ᠎ᠠ︕
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号