2017ᠤᠨ ᠤ ᠪᠦᠬᠦ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠠᠵᠢᠯ ᠤᠨ ᠠᠬᠤᠢ ᠲᠠᠯᠠᠪᠠᠢ ᠶᠢᠨ ᠬᠤᠷᠠᠯ ᠢ ᠮᠠᠨ ᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2017/5/15
     5ᠰᠠᠷ᠎ᠠ ᠶᠢᠨ 11 ᠤ ᠡᠳᠦᠷ  ᠂ ᠪᠦᠬᠦ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠠᠵᠢᠯ ᠤᠨ ᠠᠬᠤᠢ ᠲᠠᠯᠠᠪᠠᠢ ᠶᠢᠨ ᠬᠤᠷᠠᠯ ᠢ ᠮᠠᠨ ᠤ ᠬᠤᠰᠢᠭᠤᠨ ᠳᠤ ᠬᠤᠷᠠᠯᠳᠤᠵᠤ᠂ ᠠᠶᠢᠮᠠᠭ ᠤᠨ ᠰᠤᠷᠭᠠᠨ ᠬᠥᠮᠥᠵᠢᠯ ᠤᠨ ᠲᠤᠪᠴᠢᠶ᠎ᠠ᠂ ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠶᠢᠮᠠᠭ ᠤᠨ ᠬᠠᠷᠢᠶ᠎ᠠ ᠰᠤᠷᠭᠠᠭᠤᠯᠢ ᠵᠢᠴᠢ ᠡᠯ᠎ᠡ ᠬᠤᠰᠢᠭᠤ ᠰᠢᠶᠠᠨ ᠤ ᠬᠤᠳᠠ ︵ᠲᠤᠭᠤᠷᠢᠭ︶ ᠤᠨ ᠰᠤᠷᠭᠠᠨ ᠬᠥᠮᠥᠵᠢᠯ ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠰᠤᠷᠤᠯᠭ᠎ᠠ ᠶᠢᠨ ᠳᠡᠳᠬᠦᠮᠵᠢ ᠶᠢᠨ ᠠᠵᠢᠯ ᠢ ᠬᠤᠪᠢᠳᠠᠨ ᠬᠠᠷᠢᠭᠤᠴᠠᠵᠤ ᠪᠠᠶᠢᠭ᠎ᠠ ᠬᠠᠷᠢᠭᠤᠴᠠᠯᠭᠠᠳᠠᠨ᠂ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠲᠦᠪ ᠤᠨ ᠡᠷᠬᠢᠯᠡᠭᠴᠢ ᠵᠡᠷᠭᠡ ᠨᠡᠶᠢᠲᠡ36 ᠬᠦᠮᠦᠨ ᠬᠤᠷᠠᠯ ᠳᠤ ᠤᠷᠤᠯᠴᠠᠭᠰᠠᠨ ᠪᠠᠶᠢᠨ᠎ᠠ  ᠃      ᠬᠤᠷᠠᠯ ᠳᠡᠭᠡᠷ᠎ᠡ᠂ ᠵᠡᠭᠦᠨ ᠦᠵᠦᠮᠦᠴᠢᠨ  ᠬᠤᠰᠢᠭᠤᠨ ᠤ ᠰᠤᠷᠭᠠᠨ ᠬᠥᠮᠥᠵᠢᠯ ᠰᠢᠨᠵᠢᠯᠡᠭᠡ ᠮᠡᠷᠭᠡᠵᠢᠯ ᠤᠨ ᠲᠤᠪᠴᠢᠶ᠎ᠠ ᠨᠢ ᠮᠠᠨ ᠤ ᠬᠤᠰᠢᠭᠤᠨ ᠤ ᠰᠤᠷᠤᠯᠭ᠎ᠠ ᠶᠢᠨ ᠳᠡᠳᠬᠦᠮᠵᠢ ᠶᠢᠨ ᠠᠵᠢᠯ ᠤᠨ ᠲᠠᠯ᠎ᠠ ᠪᠠᠷ ᠨᠡᠶᠢᠳᠡᠯᠢᠭ ᠶᠠᠷᠢᠶ᠎ᠠ ᠲᠠᠯᠪᠢᠵᠤ᠂ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠲᠦᠪ ᠤᠨ ᠡᠷᠬᠢᠯᠡᠭᠴᠢ ᠨᠠᠷᠠᠨ ᠨᠦᠬᠦᠷ ᠠᠴᠠ 2017 ᠤᠨ ᠤ ᠰᠤᠷᠤᠯᠭ᠎ᠠ ᠶᠢᠨ ᠳᠡᠳᠬᠦᠮᠵᠢ ᠶᠢᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠤᠭᠰᠠᠨ ᠪᠠᠶᠢᠨ᠎ᠠ ᠃ ᠬᠠᠮᠤᠭ ᠰᠡᠭᠦᠯ ᠳᠤ ᠠᠶᠢᠮᠠᠭ ᠤᠨ ᠰᠤᠷᠭᠠᠨ ᠬᠥᠮᠥᠵᠢᠯ ᠤᠨ ᠲᠤᠪᠴᠢᠶ᠎ᠠ ᠶᠢᠨ ᠳᠡᠳ᠋ ᠳᠠᠷᠤᠭ᠎ᠠ ᠢᠳᠡᠷᠬᠡᠭ ᠠᠴᠠ ᠶᠠᠷᠢᠶ᠎ᠠ ᠲᠠᠯᠪᠢᠭᠰᠠᠨ ᠪᠠᠶᠢᠨ᠎ᠠ᠃ ᠲᠡᠷᠡ  ᠴᠢᠬᠤᠯᠠᠴᠢᠯᠠᠬᠤ ᠳᠠᠭᠠᠨ᠂ ᠰᠤᠷᠤᠭᠴᠢ ᠶᠢ ᠳᠡᠳᠬᠦᠬᠦ ᠠᠵᠢᠯ ᠤᠨ ᠡᠭᠦᠷᠭᠡ ᠬᠦᠨᠳᠦ ᠮᠦᠷᠲᠡᠭᠡᠨ ᠠᠯᠤᠰ ᠬᠡᠳᠤ ᠶᠢᠨ ᠠᠴᠢ ᠬᠤᠯᠪᠤᠭᠳᠠᠯ ᠲᠠᠢ ᠶᠤᠮ᠂ ᠪᠢᠳᠡ ᠰᠤᠷᠤᠯᠭ᠎ᠠ ᠶᠢᠨ ᠳᠡᠳᠬᠦᠮᠵᠢ ᠶᠢᠨ ᠠᠵᠢᠯᠳᠠᠨ ᠪᠤᠯᠤᠭᠰᠠᠨ ᠤ ᠬᠤᠪᠢ ᠳᠤ᠂ ᠡᠷᠬᠡᠪᠰᠢ ᠡᠨᠡᠬᠦ  ᠠᠵᠢᠯ ᠢ ᠰᠠᠶᠢᠳᠤᠷ ᠬᠢᠵᠤ᠂ ᠪᠤᠳᠠᠳᠠᠢ ᠬᠢᠬᠦ ᠶᠢᠨ ᠬᠠᠮᠳᠦ᠂ ᠡᠯ᠎ᠡ ᠭᠠᠵᠠᠷ ᠤᠷᠤᠨ ᠤ ᠢᠵᠢ ᠪᠦᠷᠢᠳᠦᠭᠰᠡᠨ ᠪᠡᠯᠡ ᠮᠥᠩᠭᠦ ᠶᠢ ᠨᠠᠶᠢᠳᠠᠪᠦᠷᠢᠵᠢᠭᠤᠯᠬᠤ᠂ ᠶᠠᠳᠠᠭᠤ ᠶᠢ ᠵᠦᠪ ᠤᠨᠤᠪᠴᠢᠳᠠᠢ ᠳᠡᠳᠭᠦᠭᠦ᠂ ᠠᠮᠢᠳᠤᠷᠠᠯ ᠨᠢ ᠬᠦᠴᠢᠷᠳᠡᠯᠳᠠᠢ ᠰᠤᠷᠤᠭᠴᠢᠳ ᠤᠨ ᠪᠠᠶᠢᠳᠠᠯ ᠢ ᠤᠶᠢᠯᠠᠭᠠᠬᠤ᠂ ᠰᠤᠷᠤᠯᠭ᠎ᠠ ᠶᠢᠨ ᠳᠡᠳᠬᠦᠮᠵᠢ ᠶᠢᠨ ᠢᠳᠡᠭᠡᠮᠵᠢᠳᠤ ᠵᠢᠭᠡᠯᠡᠯᠭᠡ ᠶᠢ ᠬᠤᠷᠢᠶᠠᠬᠤ ᠠᠵᠢᠯ ᠢ ᠰᠠᠶᠢᠳᠤᠷ ᠬᠢᠬᠦ᠂ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠬᠤ᠂ ᠳᠡᠮᠵᠢᠯᠡᠭᠡ ᠶᠢᠨ  ᠲᠤᠰᠬᠠᠢ ᠲᠦᠷᠦᠯ ᠤᠨ ᠪᠡᠯᠡ ᠮᠦᠩᠭᠦᠨ ᠤ ᠬᠢᠨᠠᠯᠳᠠ ᠬᠠᠮᠢᠶᠠᠷᠤᠯᠳᠠ ᠶᠢᠨ ᠲᠤᠭᠲᠠᠴᠠ ᠶᠢ ᠲᠡᠭᠦᠯᠳᠡᠷᠵᠢᠭᠦᠯᠬᠦ᠂ ᠪᠦᠬᠦ ᠠᠶᠢᠮᠠᠭ ‍ᠤᠨ‌‍ᠰᠤᠷᠤᠯᠭ᠎ᠠ ᠶᠢᠨ ᠳᠡᠳᠬᠦᠮᠵᠢ ᠶᠢᠨ ᠠᠵᠢᠯ ᠤᠨ ᠰᠤᠷᠠᠭ ᠵᠠᠩᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠤᠳᠠᠲᠠᠢ ᠱᠠᠭᠠᠷᠳᠠᠯᠭ᠎ᠠ ᠳᠤᠷᠠᠳᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号