ᠤᠯᠢᠶᠠᠰᠤᠳᠡᠢ ᠪᠠᠯᠭᠠᠰᠤ
ᠨᠡᠶᠢᠲᠡᠯᠡᠭᠰᠡᠨ ᠴᠠᠭ᠄
2017/5/22
     ᠤᠯᠢᠶᠠᠰᠤᠳᠠᠢ ᠪᠠᠯᠭᠠᠰᠤ ᠨᠢ  ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠳᠤ ᠬᠡᠰᠡᠭ ᠲᠤ ᠪᠠᠶᠢᠷᠢᠯᠠᠵᠤ᠂ ᠮᠤᠩᠭᠤᠯ ᠦᠨᠳᠦᠰᠦᠳᠡᠨ ᠢᠶᠠᠷ ᠭᠤᠤᠯ ᠴᠤᠭᠴᠠ ᠪᠤᠯᠭᠠᠭᠰᠠᠨ᠂ ᠬᠢᠳᠠᠳ᠂ ᠬᠤᠳᠤᠩ᠂ ᠮᠠᠨᠵᠤ ᠵᠡᠷᠭᠡ ᠶᠢᠰᠤᠨ ᠦᠨᠳᠤᠰᠤᠳᠡᠨ ᠢᠶᠠᠷ ᠪᠦᠷᠢᠯᠳᠦᠭᠰᠡᠨ ᠬᠢᠯᠢ ᠬᠢᠵᠠᠭᠠᠷ ᠤᠷᠤᠨ ᠤ ᠪᠢᠴᠢᠬᠠᠨ ᠪᠠᠯᠭᠠᠰᠤ ᠪᠤᠯᠬᠤ ᠪᠦᠭᠡᠳ ᠵᠡᠭᠦᠨ ᠦᠵᠦᠮᠦᠴᠢᠨ ᠬᠤᠰᠢᠭᠤᠨ ᠤ ᠤᠯᠤᠰ ᠲᠦᠷᠦ᠂ ᠠᠵᠤ ᠠᠬᠤᠢ᠂ ᠰᠤᠶᠤᠯ᠂ ᠰᠤᠷᠠᠭ ᠵᠠᠩᠬᠢ ᠶᠢᠨ ᠲᠦᠪ ᠮᠦᠨ᠃      ᠤᠯᠢᠶᠠᠰᠤᠳᠠᠢ ᠪᠠᠯᠭᠠᠰᠤ ᠨᠢ ᠤᠤᠯ ᠳᠠᠭᠠᠨ ᠴᠧᠩ ᠭᠤᠸᠠᠨ ᠬᠦᠩᠱᠧ ᠬᠡᠮᠡᠨ ᠨᠡᠷᠡᠶᠢᠳᠴᠦ᠂ 1961 ᠤᠨ ᠎ ᠤ 6 ᠰᠠᠷ᠎ᠠ ᠳᠤ ᠠᠩᠬ᠎ᠠ ᠪᠠᠶᠢᠭᠤᠯᠤᠭᠳᠠᠵᠦ᠂ 1984 ᠤᠨ ᠤ 3 ᠰᠠᠷ᠎ᠠ ᠳᠤ ᠦᠭᠡᠶᠢᠰᠭᠡᠭᠳᠡᠨ᠂ ᠤᠳᠤ ᠶᠢᠨ ᠤᠯᠢᠶᠠᠰᠤᠳᠡᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠪᠠᠶᠢᠭᠤᠯᠤᠭᠰᠠᠨ ᠪᠠᠶᠢᠨ᠎ᠠ᠃ 2001 ᠤᠨ ᠪᠠ 2006 ᠤᠨ ᠳᠤ᠂ ᠬᠤᠶᠠᠷ ᠤᠳᠠᠭᠠᠨ ᠤ ᠰᠤᠮᠤ ᠪᠠᠯᠭᠠᠰᠤᠨ ᠤ ᠪᠠᠶᠢᠭᠤᠯᠤᠮᠵᠢ ᠶᠢᠨ ᠦᠭᠡᠷᠡᠴᠢᠯᠠᠯᠳᠠ ᠲᠤᠮᠳᠠ᠂ ᠤᠤᠯ ᠤᠨ ᠦᠩᠳᠦ ᠰᠤᠮᠤ ᠬᠢᠭᠡᠳ ᠲᠤᠮᠳᠠᠭᠤᠪᠢ ᠰᠤᠮᠤ ᠶᠢ ᠨᠡᠶᠢᠯᠡᠬᠦᠯᠵᠦ᠂ ᠤᠳᠤ ᠶᠢᠨ ᠤᠯᠢᠶᠠᠰᠤᠳᠡᠢ ᠪᠠᠯᠭᠠᠰᠤ ᠶᠢ ᠪᠦᠷᠢᠯᠳᠦᠬᠦᠯᠵᠠᠢ  ᠃ ᠤᠳᠤ ᠪᠠᠯᠭᠠᠰᠤᠨ ᠤ ᠪᠦᠬᠦ ᠨᠤᠳᠤᠭ ᠳᠡᠪᠢᠰᠭᠡᠷ 5463 ᠳᠡᠭᠰᠢ ᠳᠦᠷᠪᠡᠯᠵᠢᠨ ᠺᠢᠯᠤᠮᠧᠲᠷ ᠪᠠᠶᠢᠵᠤ᠂ ᠪᠠᠯᠭᠠᠰᠤᠨ ᠲᠦᠪ  9 ᠳᠡᠭᠰᠢ ᠳᠦᠷᠪᠡᠯᠵᠢᠨ ᠺᠢᠯᠤᠮᠧᠲᠷ᠂ 686 ᠲᠦᠮᠡᠨ ᠮᠤ᠋ ᠪᠠᠶᠢᠭᠠᠯᠢᠭ ᠡᠪᠡᠰᠤ ᠪᠡᠯᠴᠢᠭᠡᠷ ᠲᠠᠢ᠂ ᠶᠢᠰᠤᠨ ᠬᠠᠷᠢᠶᠠᠳᠤ ᠭᠠᠴᠠᠭ᠎ᠠ᠂ ᠳᠤᠯᠤᠭᠠᠨ ᠨᠡᠶᠢᠭᠡᠮ ᠳᠤᠭᠤᠷᠢᠭ ᠲᠠᠢ᠂ ᠪᠦᠬᠦ ᠪᠠᠯᠭᠠᠰᠤ 17637 ᠡᠷᠦᠭᠡ᠂ 41874 ᠬᠦᠮᠦᠨ ᠠᠮᠠ ᠲᠠᠢ ᠪᠠᠶᠢᠵᠦ᠂ ᠡᠬᠦᠨ ᠳᠤ᠂ ᠮᠠᠯᠵᠢᠬᠤ ᠤᠷᠤᠨ ᠤ ᠬᠦᠮᠦᠨ ᠠᠮᠠ 1505 ᠡᠷᠦᠬᠡ᠂ 5134 ᠬᠦᠮᠦᠨ ᠠᠮᠠ ᠲᠠᠢ᠂ ᠬᠤᠳᠠ ᠪᠠᠯᠭᠠᠰᠤᠨ ᠤ ᠬᠦᠮᠦᠨ ᠠᠮᠠ 16110 ᠡᠷᠦᠬᠡ᠂ 36740 ᠬᠦᠮᠦᠨ ᠠᠮᠠ ᠲᠠᠢ ᠪᠠᠶᠢᠵᠤ᠂ ᠮᠠᠯᠴᠢᠳ ᠤᠨ ᠬᠦᠮᠦᠨ ᠪᠦᠷᠢ ᠶᠢᠨ ᠲᠡᠭᠰᠢᠳᠭᠡᠭᠰᠡᠨ ᠴᠡᠪᠡᠷ ᠤᠷᠤᠯᠭ᠎ᠠ 9054 ᠲᠦᠬᠦᠷᠢᠭ ᠲᠤ ᠬᠦᠷᠴᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠵᠡᠮᠳᠡᠵᠦ ᠪᠤᠯᠬᠤᠶᠢᠴᠠ ᠤᠷᠤᠯᠭ᠎ᠠ 29930 ᠲᠦᠭᠦᠷᠢᠭ ᠲᠤ ᠬᠦᠷᠴᠠᠢ᠃ 2016 ᠤᠨ ᠳᠤ᠂ ᠪᠦᠬᠦ ᠪᠠᠯᠭᠠᠰᠤᠨ ᠤ ᠮᠠᠯᠵᠢᠯ ᠤᠨ ᠤᠨ ᠤ ᠮᠠᠯ ᠤᠨ ᠲᠤᠭ᠎ᠠ 25 ᠲᠦᠮᠡᠨ ᠲᠤᠯᠤᠭᠠᠢ ᠳᠤ ᠬᠦᠷᠴᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ  ᠪᠠᠳᠤ ᠪᠠᠬᠢ ᠰᠠᠭᠤᠷᠢ ᠶᠢ ᠲᠠᠯᠪᠢᠵᠠᠢ᠃      ᠤᠯᠢᠶᠠᠰᠤᠳᠠᠢ  ᠪᠠᠯᠭᠠᠰᠤ ᠨᠢ ᠵᠠᠮ ᠬᠠᠷᠢᠯᠴᠠᠭ᠎ᠠ ᠳᠦᠭᠦᠮ ᠲᠦᠳᠡ᠂ ᠴᠢᠮᠡᠭᠡ ᠵᠠᠩᠬᠢ ᠲᠦᠷᠭᠡᠨ᠂  ᠨᠤᠳᠤᠭ ᠪᠡᠯᠴᠢᠭᠡᠷ ᠦᠡᠭ ᠰᠢᠮᠡᠯᠢᠭ᠂ ᠡᠬᠢ ᠪᠠᠶᠠᠯᠢᠭ ᠪᠠᠶᠠᠨ ᠲᠠᠩᠰᠤᠭ ᠪᠠᠶᠢᠵᠦ᠂ ᠠᠭᠤᠳᠠᠮ ᠶᠡᠭᠡ ᠲᠠᠯ᠎ᠠ ᠨᠤᠳᠤᠭ ᠲᠡᠭᠡᠷ᠎ᠡ ᠪᠦᠷᠬᠦᠳ᠂ ᠴᠢᠨ᠋ᠸ᠎ᠠ᠂ ᠬᠠᠶᠢᠷᠠᠭᠤᠴᠠᠢ ᠵᠡᠷᠭᠡ ᠬᠡᠭᠡᠷ᠎ᠡ ᠶᠢᠨ ᠠᠷᠢᠶᠠᠳᠠᠨ ᠲᠠᠢ᠂ ᠮᠦᠬᠦ᠂ ᠤᠳ᠋ᠪᠠᠯ᠎ᠠ ᠴᠡᠴᠡᠭ ᠵᠡᠷᠭᠡ ᠭᠡᠭᠡᠷ᠎ᠡ ᠶᠢᠨ ᠤᠷᠭᠤᠮᠠᠯ ᠪᠠ ᠡᠯ᠎ᠡ ᠵᠦᠢᠯ ᠤᠨ ᠡᠮᠳᠦ ᠤᠷᠭᠤᠮᠠᠯ  ᠎ ᠲᠠᠢ᠂ ᠴᠢᠯᠠᠭᠤᠨ ᠲᠤᠰᠤ᠂ ᠨᠡᠭᠦᠷᠡᠰᠦ᠂ ᠦᠩᠭᠡᠳᠦ ᠲᠡᠮᠦᠷᠯᠢᠭ ᠵᠡᠷᠭᠡ ᠠᠭᠤᠷᠬᠠᠢ ᠶᠢᠨ ᠬᠠᠳᠠᠭᠠᠯᠠᠭᠳᠠᠴᠠ ᠲᠠᠢ᠂ ᠮᠦᠨᠴᠦ ᠳᠠᠶᠠᠩ ᠳᠡᠯᠡᠬᠡᠢ ᠳᠤ ᠠᠯᠳᠠᠷᠳᠠᠢ《 ᠦᠵᠦᠮᠦᠴᠢᠨ ᠬᠤᠨᠢ 》᠎ ᠶᠢᠨ ᠭᠠᠷᠤᠯᠳᠠ ᠶᠢᠨ ᠤᠷᠤᠨ ᠪᠤᠯᠬᠤ ᠪᠦᠬᠡᠳ ᠲᠤᠮᠳᠠᠳᠤ ᠭᠠᠳᠠᠭᠠᠳᠤ ᠳᠤ ᠠᠯᠳᠠᠷᠳᠠᠢ ᠠᠽᠢᠶ᠎ᠠ ᠶᠢᠨ ᠭᠤᠷᠪᠠᠨ ᠶᠡᠭᠡ ᠬᠦᠷᠢᠶ᠎ᠡ ᠰᠦᠮ᠎ᠡ ᠶᠢᠨ ᠨᠢᠬᠡ ᠨᠢ ᠠᠳᠡ ᠪᠠᠶᠢᠷᠢᠯᠠᠳᠠᠭ᠃ ᠡᠳᠦᠬᠡ 204 ᠪᠠ 101 ᠮᠤᠵᠢ ᠶᠢᠨ ᠳᠡᠰ ᠤᠨ ᠵᠠᠰᠠᠮᠠᠯ ᠵᠠᠮ ᠨᠢ ᠵᠡᠭᠦᠨ ᠪᠠᠷᠠᠭᠤᠨ ᠢ ᠬᠤᠯᠪᠤᠵᠤ᠂ ᠡᠮᠤᠨᠡᠰᠢ ᠤᠯᠠᠭᠠᠨᠬᠳᠠ ᠬᠤᠳᠠ ᠶᠢ ᠳᠠᠮᠵᠢᠨ ᠰᠢᠭᠤᠳ ᠵᠢᠨᠵᠸᠤ ᠭᠠᠷᠠᠮ ᠳᠤ ᠬᠦᠷᠳᠡᠭ᠂ ᠤᠮᠠᠷᠠᠰᠢ ᠵᠡᠭᠦᠨ ᠬᠠᠳᠠᠪᠴᠢ ᠪᠤᠭᠤᠮᠳᠠ ᠪᠠᠷ ᠳᠠᠮᠵᠢᠨ ᠮᠤᠩᠭᠤᠯ ᠤᠯᠤᠰ ᠯᠤᠭ᠎ᠠ ᠨᠡᠪᠳᠡᠷᠡᠵᠤ᠂ ᠪᠠᠶᠠᠠᠬᠤᠸᠠ ᠠᠴᠠ ᠵᠡᠬᠦᠨ ᠬᠠᠳᠠᠪᠴᠢ ᠬᠦᠷᠬᠦ ᠵᠠᠰᠠᠮᠠᠯ ᠵᠠᠮ ᠨᠢ ᠠᠽᠢᠶ᠎ᠠ ᠡᠸᠦ᠋ᠷᠤᠫᠡ ᠶᠢᠨ ᠶᠡᠭᠡ ᠬᠠᠭᠤᠷᠠᠢ ᠶᠢᠨ ᠴᠢᠬᠤᠯᠠ ᠬᠦᠭᠦᠷᠭᠡ ᠪᠤᠯᠵᠠᠢ᠃ ᠪᠠᠯᠭᠠᠰᠤᠨ ᠲᠦᠪ ᠠᠴᠠ ᠵᠡᠬᠦᠨᠰᠢ  ᠎ ᠪᠠᠨ 27 ᠺᠢᠯᠤᠮᠧᠲᠷ ᠲᠤ ᠪᠠᠶᠢᠷᠢᠯᠠᠵᠦ ᠪᠠᠶᠢᠭ᠎ᠠ ᠤᠯᠢᠶᠠᠰᠤᠳᠡᠢ ᠠᠭᠤᠯᠠᠨ ᠤ ᠦᠵᠡᠮᠵᠢ ᠶᠢᠨ ᠤᠷᠤᠨ ᠨᠢ ᠲᠠᠯᠠᠢ ᠶᠢᠨ ᠲᠦᠪᠰᠢᠨ ᠠᠴᠠ ᠲᠡᠭᠡᠭᠰᠢ 1050 ᠮᠧᠲᠷ ᠪᠠᠶᠢᠵᠦ᠂ ᠭᠤᠶᠢᠳᠠ ᠰᠠᠶᠢᠬᠠᠨ ᠪᠠᠶᠢᠭᠠᠯᠢ ᠶᠢᠨ ᠦᠵᠡᠮᠵᠢ ᠲᠠᠢ᠂ ᠬᠠᠴᠢᠨ ᠰᠤᠨᠢᠨ ᠲᠡᠥᠭᠡ ᠶᠢᠨ ᠤᠯᠠ ᠮᠦᠷ ᠲᠠᠢ᠂ ᠦᠪᠡᠷᠮᠢᠴᠡ ᠤᠨᠴᠠᠯᠢᠭ ᠪᠦᠬᠦᠢ ᠭᠠᠵᠠᠷ ᠤᠨ ᠪᠠᠶᠢᠷᠢᠰᠢᠯ ᠲᠠᠢ ᠪᠠᠶᠢᠵᠦ᠂ ᠦᠨᠳᠦᠰᠦᠳᠡᠨ ᠤ ᠤᠨᠴᠠᠯᠢᠭ ᠲᠠᠢ ᠵᠢᠭᠤᠯᠴᠢᠯᠠᠯ ᠤᠨ ᠦᠢᠯᠡᠰ ᠦᠷᠨᠢᠨ ᠬᠦᠭᠵᠢᠵᠦ ᠪᠠᠶᠢᠨ᠎ᠠ᠃      ᠤᠶᠢᠷ᠎ᠠ ᠶᠢᠨ ᠵᠢᠯ ᠤᠳ ᠲᠤ᠂ ᠤᠯᠢᠶᠠᠰᠤᠳᠠᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠨᠢ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠵᠦᠪ ᠤᠨᠤᠪᠴᠢᠳᠠᠢ ᠤᠳᠤᠷᠢᠳᠤᠯᠭ᠎ᠠ ᠳᠤᠤᠷ᠎ᠠ᠂ ᠡᠬᠢ ᠪᠠᠶᠠᠯᠢᠭ ᠪᠠ ᠤᠷᠤᠨ ᠪᠠᠶᠢᠷᠢ ᠶᠢᠨ ᠳᠠᠪᠠᠭᠤᠯᠢᠭ ᠢᠶᠠᠨ ᠠᠰᠢᠭᠯᠠᠵᠤ᠂ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢ ᠲᠡᠷᠢᠬᠦᠨ ᠴᠢᠬᠤᠯᠠ ᠪᠠᠶᠢᠷᠢᠨ ᠳᠤ ᠲᠠᠯᠪᠢᠵᠦ᠂ ᠬᠤᠳᠠ  ᠬᠦᠳᠡᠭᠡ ᠶᠢ ᠨᠢᠭᠡᠳᠭᠡᠨ ᠲᠦᠯᠥᠪᠵᠢᠬᠦᠯᠵᠦ᠂ ᠭᠤᠷᠪᠠ ᠶᠢ ᠬᠠᠮᠳᠤ ᠳᠤᠨᠢ ᠪᠠᠶᠢᠯᠭᠠᠵᠦ᠂ ᠨᠡᠶᠢᠭᠡᠮ ᠵᠢᠷᠤᠮᠳᠤ ᠰᠢᠨ᠎ᠠ ᠬᠦᠳᠡᠭᠡ ᠲᠤᠰᠬᠤᠨ ᠤ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠠᠬᠢᠴᠡ ᠶᠢ ᠲᠦᠷᠭᠡᠳᠭᠡᠵᠦ᠂ ︽ᠠᠮᠢ ᠠᠬᠤᠢ᠂ ᠦᠨᠳᠦᠷ ᠦᠷ᠎ᠡ ᠠᠰᠢᠭᠳᠤ᠂ ᠡᠷᠴᠢᠮᠵᠢᠬᠦᠯᠥᠭᠰᠡᠨ︾ ᠮᠠᠯ ᠠᠵᠤ ᠠᠬᠤᠢ ᠶᠢᠨ ᠬᠦᠭᠵᠢᠯᠳᠡ ᠶᠢᠨ ᠵᠠᠮ ᠢᠶᠠᠷ ᠵᠠᠮᠨᠠᠵᠦ᠂ ᠪᠠᠯᠭᠠᠰᠤᠨ ᠲᠦᠪ ᠤᠨ ᠦᠢᠯᠡᠳᠦᠯ ᠢ ᠪᠠᠳᠠᠷᠠᠭᠤᠯᠵᠦ᠂ ᠨᠡᠶᠢᠭᠡᠮ ᠤᠨ ᠬᠠᠮᠢᠶᠠᠷᠤᠯᠳᠠ ᠶᠢ ᠰᠢᠨ᠎ᠡ ᠶᠢ ᠡᠬᠦᠳᠬᠦ ᠠᠵᠢᠯ ᠢ ᠢᠳᠡᠪᠬᠢᠳᠡᠢ ᠰᠦᠪᠡᠭᠴᠢᠯᠠᠵᠦ᠂  7 ᠨᠡᠶᠢᠭᠡᠮ ᠲᠤᠭᠤᠷᠢᠭ ᠢ  110 ᠭᠡᠰᠡᠭ ᠪᠤᠯᠭᠠᠨ ᠲᠤᠭᠤᠶᠢᠯᠠᠩ ᠬᠤᠪᠢᠶᠠᠵᠦ᠂ ᠲᠤᠭᠤᠶᠢᠯᠠᠩᠴᠢᠯᠠᠭᠰᠠᠨ ᠬᠠᠮᠢᠶᠠᠷᠤᠯᠳᠠ ᠶᠢ  ᠪᠤᠳᠠᠳᠠᠢ ᠭᠡᠷᠡᠭᠵᠢᠬᠦᠯᠵᠦ᠂ ᠲᠦᠷᠢᠮᠵᠢᠭᠰᠡᠨ ᠨᠠᠶᠢᠭᠡᠮ ᠤᠨ ᠬᠠᠮᠢᠶᠠᠷᠤᠯᠳᠠ ᠎ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠪᠠ᠃ ᠤᠶᠤᠨ ᠤ ᠪᠠ ᠪᠤᠳᠠᠰ ᠤᠨ ᠪᠤᠯᠪᠠᠰᠤᠨ ᠢ ᠡᠬᠦᠳᠦᠨ ᠪᠠᠶᠢᠭᠤᠯᠬᠤ ᠠᠵᠢᠯᠯᠠᠭ᠎ᠠ ᠶᠢ ᠴᠦᠬᠦᠷᠡᠰᠢ ᠦᠭᠡᠢ ᠦᠷᠨᠢᠬᠦᠯᠵᠦ᠂ ᠠᠵᠤ ᠠᠬᠤᠢ᠂ ᠰᠤᠶᠤᠯ  ᠵᠢᠴᠢ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠤᠷᠢᠳ ᠡᠮᠦᠨ᠎ᠡ ᠭᠠᠷᠤᠭ᠎ᠠ ᠦᠭᠡᠢ ᠦᠳᠳᠡᠷ ᠲᠦᠷᠭᠡᠨ ᠬᠦᠭᠵᠢᠵᠤ᠂  ᠤᠯᠤᠰ ᠤᠨ ᠲᠡᠰ ᠤᠨ ᠠᠷᠢᠭᠤᠨ ᠴᠡᠪᠡᠷ ᠪᠠᠯᠭᠠᠰᠤ᠂ ᠦᠪᠡᠷᠳᠡᠭᠡᠨ ᠵᠠᠰᠠᠬᠤ ᠤᠷᠤᠨ ᠤ ᠨᠠᠢᠮᠠᠨ ᠤᠳᠤᠨ ᠲᠡᠰ ᠤᠨ ᠪᠤᠯᠪᠠᠰᠤᠨ ᠪᠠᠯᠭᠠᠰᠤ ᠵᠡᠷᠭᠡ ᠢᠷᠡᠭᠤ ᠠᠯᠳᠠᠷ ᠢ  ᠤᠷᠢᠳ ᠬᠤᠵᠢᠳ ᠬᠦᠷᠳᠡᠭᠰᠡᠨ ᠪᠠᠶᠢᠨ᠎ᠠ᠃       ᠦᠵᠦᠮᠦᠴᠢᠨ ᠨᠤᠳᠤᠭ ᠤᠨ ᠦᠵᠡᠰᠭᠦᠯᠡᠩᠳᠤ ᠰᠠᠶᠢᠬᠠᠨ ᠦᠡᠭᠭᠡ ᠦᠵᠡᠮᠵᠢ᠂ ᠡᠭᠡᠯ ᠪᠤᠷᠤᠭᠵᠢᠭᠤᠨ ᠠᠷᠠᠳ ᠎ ᠤᠨ ᠵᠠᠩ ᠵᠠᠩᠰᠢᠯ᠂ ᠪᠠᠶᠠᠨ ᠲᠠᠩᠰᠤᠭ ᠡᠬᠢ ᠪᠠᠶᠠᠯᠢᠭ᠂ ᠠᠭᠤᠵᠢᠭᠤ ᠪᠠᠭᠳᠠᠭᠠᠮᠵᠢᠳᠠᠢ ᠲᠦᠷᠦ ᠶᠢᠨ ᠪᠤᠳᠤᠯᠭ᠎ᠠ ᠪᠠ ᠡᠷᠴᠢ ᠴᠢᠩᠭ᠎ᠠ ᠬᠦᠭᠵᠢᠯᠳᠡ ᠶᠢᠨ ᠪᠠᠶᠢᠳᠠᠯ ᠳᠤᠤᠷ᠎ᠠ᠂ ᠠᠵᠢᠯᠴᠢ ᠪᠤᠷᠤᠭᠵᠢᠭᠤᠨ ᠡᠯ᠎ᠡ ᠦᠨᠳᠤᠰᠤᠳᠡᠨ ᠤ ᠠᠷᠠᠳ ᠲᠦᠮᠡᠨ ᠨᠢ ᠤᠯᠢᠶᠠᠰᠤᠳᠠᠢ ᠪᠠᠯᠭᠠᠰᠤ ᠪᠠᠨ ᠳᠤᠮᠳᠠᠳᠤ ᠤᠯᠤᠰ ᠤᠨ ᠤᠮᠠᠷᠠᠳᠤ ᠬᠢᠯᠢ ᠶᠢᠨ ᠨᠢᠭᠡᠨ ᠭᠡᠷᠡᠯᠳᠤ ᠰᠤᠪᠤᠳ ᠪᠤᠯᠭᠠᠨ ᠪᠦᠳᠦᠭᠡᠨ ᠪᠠᠶᠢᠭᠤᠯᠬᠤ ᠨᠢ ᠯᠠᠪᠳᠠᠢ ᠶᠤᠮ᠃
 
ᠢᠷᠡᠯᠲᠡ᠄ ᠤᠯᠢᠶᠠᠰᠤᠳᠡᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号