ᠬᠠᠳᠠᠪᠴᠢ ᠪᠠᠯᠭᠠᠰᠤ
ᠨᠡᠶᠢᠲᠡᠯᠡᠭᠰᠡᠨ ᠴᠠᠭ᠄
2017/5/23
     ᠬᠠᠳᠠᠪᠴᠢ ᠪᠠᠯᠭᠠᠰᠤ ᠨᠢ ᠵᠠᠭᠦᠨ ᠦᠵᠦᠮᠦᠴᠢᠨ ᠬᠤᠰᠢᠭᠤᠨ ᠤ ᠪᠠᠷᠠᠭᠤᠨ ᠬᠤᠶᠢᠲᠤ ᠵᠦᠭ ᠲᠤ ᠲᠤᠮᠳᠠᠲᠤ ᠮᠤᠩᠭᠤᠯ ᠤᠨ ᠬᠢᠯᠢ ᠳᠡᠭᠡᠷᠡᠬᠢ 1046 ᠨᠤᠮᠧᠷᠲᠦ ᠬᠢᠯᠢ ᠶᠢᠨ ᠪᠠᠭᠠᠨ᠎ᠠ ᠶᠢᠨ ᠤᠶᠢᠷᠠᠯᠴᠠᠭ᠎ᠠ ᠪᠠᠶᠢᠷᠢᠰᠢᠵᠤ᠂ ᠬᠢᠯᠢ ᠳᠤᠲᠤᠷ᠎ᠠ ᠨᠢ ᠲᠤᠮᠳᠠᠲᠤ ᠤᠯᠤᠰ ᠤᠨ ᠵᠡᠭᠦᠨ ᠬᠠᠳᠠᠪᠴᠢ ᠬᠢᠯᠢ ᠶᠢᠨ ᠪᠤᠭᠤᠮᠳᠠ ᠲᠠᠢ ᠪᠠᠶᠢᠵᠦ᠂ ᠵᠠᠰᠠᠭ ᠵᠠᠬᠢᠷᠭᠠᠨ ᠤ ᠲᠦᠪ ᠨᠢ ᠬᠤᠰᠢᠭᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠯᠢᠶᠠᠰᠤᠲᠠᠢ ᠪᠠᠯᠭᠠᠰᠤᠨ ᠠᠴᠠ 68 ᠺᠢᠯᠤᠮᠧᠲᠷ ᠵᠠᠶᠢᠲᠠᠢ ᠪᠠᠶᠢᠵᠤ᠂ ᠵᠠᠭᠦᠨ᠂ ᠪᠠᠷᠠᠭᠤᠨ᠂ ᠡᠮᠦᠨ᠎ᠡ ᠭᠡᠰᠡᠭ ᠲᠡᠭᠡᠨ ᠲᠤᠰ ᠲᠤᠰ ᠰᠠᠮᠠᠢ ᠰᠤᠮᠤ᠂ ᠠᠯᠲᠠᠨᠬᠢᠯᠢ ᠰᠤᠮᠤ ᠪᠠ ᠡᠵᠢᠨᠠᠭᠤᠷ ᠪᠠᠯᠭᠠᠰᠤ᠂ ᠤᠯᠢᠶᠠᠰᠤᠲᠠᠢ ᠪᠠᠯᠭᠠᠰᠤ ᠲᠠᠢ ᠬᠦᠷᠰᠢᠯᠡᠵᠦ᠂ ᠤᠮᠠᠷᠠᠳᠤ ᠬᠡᠰᠡᠭ ᠲᠡᠭᠡᠨ ᠮᠤᠩᠭᠤᠯ ᠤᠯᠤᠰ ᠤᠨ ᠰᠦᠬᠡᠪᠠᠭᠠᠲᠤᠷ ᠠᠶᠢᠮᠠᠭ ᠲᠠᠢ ᠵᠠᠬ᠎ᠠ ᠨᠠᠶᠢᠯᠠᠵᠤ᠂ ᠪᠦᠭᠦ ᠨᠤᠳᠤᠭ ᠤᠨ ᠲᠠᠯᠠᠪᠠᠢ ᠨᠢ 530 ᠲᠦᠮᠡᠨ ᠮᠤ᠋ ᠂ ᠪᠠᠯᠭᠠᠰᠤᠨ ᠲᠤᠭᠤᠷᠢᠭ ᠤᠨ ᠲᠠᠯᠠᠪᠡᠢ ᠨᠢ 4.1 ᠳᠡᠭᠰᠢ ᠲᠦᠷᠪᠡᠯᠵᠢᠨ ᠺᠢᠯᠤᠮᠧᠲᠷ᠂ ᠬᠢᠯᠢ ᠶᠢᠨ ᠱᠤᠭᠤᠮ ᠤᠨ ᠤᠷᠳᠤ ᠨᠢ 91.7 ᠺᠢᠯᠤᠮᠧᠲᠷ ᠪᠠᠶᠢᠵᠤ᠂ ᠮᠤᠩᠭᠤᠯ ᠦᠨᠳᠦᠰᠦᠲᠡᠨ ᠢᠶᠠᠷ ᠭᠤᠤᠯ ᠪᠤᠯᠭᠠᠭᠰᠠᠨ᠂ ᠤᠯᠠᠨ ᠦᠨᠳᠤᠰᠤᠲᠡᠨ ᠬᠠᠮᠲᠦ ᠤᠷᠤᠰᠢᠨ ᠠᠮᠢᠳᠤᠷᠠᠵᠦ ᠪᠠᠶᠢᠭ᠎ᠠ ᠬᠢᠯᠢ ᠶᠢᠨ ᠪᠤᠭᠤᠮᠳᠠ ᠶᠢᠨ ᠪᠠᠯᠭᠠᠰᠤ ᠪᠤᠯᠤᠨ᠎ᠠ᠃ ᠬᠠᠳᠠᠪᠴᠢ ᠪᠠᠯᠭᠠᠰᠤ ᠳᠤ 5 ᠮᠠᠯᠵᠢᠬᠤ ᠭᠠᠴᠠᠭ᠎ᠠ᠂ 2 ᠨᠡᠶᠢᠭᠡᠮ ᠲᠤᠭᠤᠷᠢᠭ ᠬᠠᠷᠢᠶᠠᠯᠠᠭᠳᠠᠵᠦ᠂ ᠪᠦᠬᠦ ᠬᠦᠮᠦᠨ ᠠᠮᠠ 941 ᠡᠷᠦᠬᠡ ᠶᠢᠨ 3288 ᠬᠦᠮᠦᠨ᠂ ᠡᠭᠦᠨ ᠳᠤ ᠮᠠᠯᠵᠢᠬᠤ ᠤᠷᠤᠨ ᠳᠤ 875 ᠡᠷᠦᠬᠡ ᠶᠢᠨ 3123 ᠬᠦᠮᠦᠨ᠂ ᠨᠡᠶᠢᠭᠡᠮ ᠲᠤᠭᠤᠷᠢᠭ ᠲᠤ 66 ᠡᠷᠦᠬᠡ ᠶᠢᠨ 165 ᠬᠦᠮᠦᠨ ᠪᠠᠶᠢᠵᠤ᠂  ᠪᠦᠬᠦ ᠪᠠᠯᠭᠠᠰᠤᠨ ᠳᠤ ᠨᠡᠶᠢᠳᠡ 7 ᠦᠨᠳᠦᠰᠦᠨ ᠱᠠᠲᠦᠨ ᠤ ᠨᠠᠮ ᠤᠨ ᠡᠭᠦᠷ᠂ 19 ᠨᠠᠮ ᠤᠨ ᠭᠡᠰᠢᠭᠦᠨ ᠭᠤᠤᠯᠯᠠᠬᠤ ᠡᠷᠦᠬᠡ᠂ 174 ᠨᠠᠮ ᠤᠨ ᠭᠡᠰᠢᠭᠦᠨ ᠪᠠᠶᠢᠨ᠎ᠠ᠃ 2016 ᠤᠨ ᠤ ᠮᠠᠯᠵᠢᠯ ᠤᠨ ᠤᠨ ᠤ ᠲᠤᠭᠠᠯᠠᠯ ᠳᠤ ᠪᠦᠬᠦ ᠮᠠᠯ ᠤᠨ ᠲᠤᠭ᠎ᠠ ᠨᠢ 249843 ᠲᠤᠯᠤᠭᠠᠢ᠂ ᠡᠭᠦᠨᠳᠦ ᠪᠤᠳᠠ ᠮᠠᠯ 14356 ᠲᠤᠯᠤᠭᠠᠢ᠂ ᠪᠤᠭ ᠮᠠᠯ 235487 ᠲᠤᠯᠤᠭᠠᠢ ᠳᠤ ᠬᠦᠷᠴᠦ᠂ 2016 ᠤᠨ ᠤ ᠬᠦᠮᠦᠨ ᠲᠤᠮᠳᠠᠴᠢ ᠶᠢᠨ ᠲᠡᠭᠰᠢᠳᠭᠡᠭᠰᠡᠨ ᠤᠷᠤᠯᠭ᠎ᠠ 14900 ᠲᠦᠭᠦᠷᠢᠭ ᠲᠤ ᠬᠦᠷᠴᠡᠢ᠃      ᠬᠠᠳᠠᠪᠴᠢ ᠪᠠᠯᠭᠠᠰᠤ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠨᠤᠪᠴᠢᠲᠠᠢ ᠤᠳᠤᠷᠢᠳᠤᠯᠭ᠎ᠠ ᠪᠠ ᠪᠦᠬᠦ ᠪᠠᠯᠭᠠᠰᠤᠨ ᠤ ᠠᠷᠠᠳ ᠲᠦᠮᠡᠨ ᠤ ᠬᠠᠮᠲᠦ ᠶᠢᠨ ᠴᠢᠷᠮᠠᠶᠢᠯᠭ᠎ᠠ ᠲᠤᠤᠷ᠎ᠠ᠂ ᠪᠦᠬᠦ ᠤᠯᠤᠰ ᠎ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠲᠡᠷᠢᠭᠦᠨ ᠤ ᠨᠢᠭᠡᠴᠡ᠂ ᠪᠦᠬᠦ ᠤᠷᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠡᠭᠦᠲᠤᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠢ᠂ ᠦᠪᠡᠷᠳᠡᠭᠡᠨ ᠵᠠᠰᠠᠬᠤ ᠤᠷᠤᠨ ᠤ ᠳᠡᠰ ᠤᠨ ᠡᠷᠡᠭᠦᠯ ᠬᠠᠮᠠᠭᠠᠯᠠᠯ ᠤᠨ ᠪᠠᠯᠭᠠᠰᠤ᠂ ᠪᠦᠬᠦ ᠠᠶᠢᠮᠠᠭ ᠤᠨ ᠲᠦᠷᠢᠮᠵᠢᠭᠰᠡᠨ ᠪᠠᠶᠢᠭᠤᠯᠤᠯᠳᠠ ᠶᠢᠨ ᠲᠡᠷᠢᠭᠦᠨ ᠤ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠠᠶᠢᠮᠠᠭ ᠤᠨ ᠳᠠᠰ ᠤᠨ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠲᠠ ᠶᠢᠨ ᠵᠢᠱᠢᠶ᠎ᠡ ᠦᠵᠡᠭᠦᠯᠬᠦ‍ ᠴᠢᠭ᠂ ᠪᠦᠬᠦ ᠠᠶᠢᠮᠠᠭ ᠎ ᠤᠨ ᠲᠡᠷᠢᠭᠦᠨ ᠢ ᠡᠭᠦᠳᠴᠦ ᠰᠢᠯᠢᠳᠡᠭ ᠢ ᠦᠷᠢᠰᠦᠳᠦᠯᠬᠦ ᠠᠵᠢᠯᠯᠠᠭ᠎ᠠ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠳᠠ᠂ ᠪᠦᠬᠦ ᠠᠶᠢᠮᠠᠭ ᠤᠨ ᠴᠢᠭᠡᠴᠢ ᠵᠠᠰᠠᠭ ᠤᠨ ᠰᠤᠶᠤᠯ ᠤᠨ ᠵᠢᠱᠢᠶ᠎ᠡ ᠦᠵᠡᠭᠦᠯᠬᠦ ᠴᠢᠭ ᠵᠡᠷᠭᠡ ᠢᠷᠠᠭᠤ ᠠᠯᠳᠠᠷ ᠢ ᠬᠦᠷᠲᠡᠵᠡᠢ᠃
 
ᠢᠷᠡᠯᠲᠡ᠄ ᠬᠠᠳᠠᠪᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号