ᠰᠠᠮᠠᠢ ᠰᠤᠮᠤᠨ ᠤ ᠵᠠᠯᠠᠭᠤᠴᠤᠳ ᠤᠯᠠᠮᠵᠢᠯᠠᠯᠲᠦ ᠨᠠᠭᠠᠳᠤᠮ ᠢᠶᠠᠷ ᠪᠠᠶᠠᠷ ᠤᠨ ᠡᠳᠦᠷ ᠢᠶᠠᠨ ᠲᠡᠮᠳᠡᠭᠯᠡᠪᠡ
ᠨᠡᠶᠢᠲᠡᠯᠡᠭᠰᠡᠨ ᠴᠠᠭ᠄
2017/5/5
     4 ᠰᠠᠷ᠎ᠠ ᠶᠢᠨ 28.29᠎ ᠤ ᠡᠳᠦᠷ ᠵᠡᠭᠦᠨ ᠦᠵᠦᠮᠦᠴᠢᠨ ᠬᠤᠰᠢᠭᠤᠨ ᠤ ᠰᠠᠮᠠᠢ ᠰᠤᠮᠤᠨ ᠤ ᠳᠤᠯᠤᠭᠠᠨ ᠭᠠᠴᠠᠭᠠᠨ ᠤ ᠵᠠᠯᠠᠭᠤᠴᠤᠳ ᠤᠨ ᠬᠠᠮᠲᠦᠷᠠᠭᠰᠠᠨ《5.4》᠎ ᠤ ᠵᠠᠯᠠᠭᠤᠴᠤᠳ ᠤᠨ ᠪᠠᠶᠠᠷ ᠢ ᠪᠡᠯᠭᠡᠯᠡᠬᠦ《 ᠭᠠᠯ ᠲᠠᠢ ᠮᠤᠩᠭᠤᠯ ᠵᠠᠯᠠᠭᠤᠰ》ᠠᠩᠬᠠᠳᠤᠭᠠᠷ ᠤᠳᠠᠭᠠᠨ ᠤ ᠨᠠᠶᠢᠷ ᠤᠳᠬ᠎ᠠ ᠲᠡᠭᠦᠯᠳᠡᠷ ᠶᠠᠪᠤᠭᠳᠠᠯ᠎ᠠ  ᠃      ᠲᠤᠰ ᠤᠳᠠᠭᠠᠨ ᠤ ᠰᠤᠶᠤᠯ ᠤᠨ ᠨᠠᠶᠢᠷ ᠳᠤ ᠪᠦᠬᠡ ᠪᠠᠷᠢᠯᠳᠤᠬᠤ᠂ ᠮᠤᠷᠢ ᠤᠷᠤᠯᠳᠤᠬᠤ᠂  ᠱᠠᠭ᠎ᠠ ᠲᠤᠭᠯᠠᠭᠠᠮ᠂ ᠤᠶᠤᠨ ᠤ ᠰᠤᠷᠢᠯᠲᠠ ᠵᠡᠷᠭᠡ ᠤᠯᠠᠮᠵᠢᠯᠠᠯᠲᠦ ᠤᠷᠤᠯᠳᠤᠭᠠᠨ ᠶᠠᠪᠤᠭᠳᠠᠵᠤ᠂ ᠪᠠᠰᠠ ᠰᠠᠮᠠᠢ ᠰᠤᠮᠤᠨ ᠤ ᠳᠤᠯᠤᠭᠠᠨ ᠭᠠᠴᠠᠭᠠᠨ ᠤ ᠵᠠᠯᠠᠭᠤᠴᠤᠳ ᠬᠠᠨᠳᠢᠪ ᠴᠤᠭᠯᠠᠭᠤᠯᠤᠨ᠂ ᠵᠡᠭᠦᠨ ᠦᠵᠦᠮᠦᠴᠢᠨ ᠬᠤᠰᠢᠭᠤᠨ ᠤ ᠬᠤᠶᠠᠳᠤᠭᠠᠷ ᠮᠤᠩᠭᠤᠯ ᠪᠠᠭ᠎ᠠ ᠰᠤᠷᠭᠠᠭᠤᠯᠢ ᠶᠢᠨ ᠰᠤᠷᠤᠯᠭ᠎ᠠ ᠮᠤᠷᠠᠯ ᠰᠠᠶᠢᠨ᠂ ᠠᠮᠢᠳᠤᠷᠠᠯ ᠬᠦᠴᠢᠷᠲᠠᠢ ᠳᠤᠯᠤᠭᠠᠨ ᠰᠤᠷᠤᠭᠴᠢ ᠶᠢ ᠵᠤᠭᠤᠰ ᠮᠦᠩᠭᠦ᠂ ᠡᠳ᠋ ᠪᠤᠳᠠᠰ ᠢᠶᠠᠷ ᠤᠷᠮᠠᠰᠢᠭᠤᠯᠤᠨ ᠳᠡᠳᠬᠦᠵᠤ᠂ ᠬᠡᠤᠬᠡᠳ ᠳᠡᠭᠦᠤᠨᠠᠷ ᠤᠨ ᠢᠶᠠᠨ ᠰᠤᠷᠭᠠᠨ ᠬᠥᠮᠥᠵᠢᠯ  ᠢ ᠬᠠᠯᠠᠮᠵᠢᠯᠠᠨ ᠠᠩᠬᠠᠷᠴᠤ᠂ ᠲᠡᠳᠡᠨ ᠳᠤ ᠨᠡᠶᠢᠭᠡᠮ ᠨᠡᠶᠢᠲᠡ ᠶᠢᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号