ᠠᠯᠳᠠᠨᠬᠢᠯᠢ ᠰᠤᠮᠤ
ᠨᠡᠶᠢᠲᠡᠯᠡᠭᠰᠡᠨ ᠴᠠᠭ᠄
2017/6/12
     ᠠᠯᠳᠠᠨᠬᠢᠯᠢ ᠰᠤᠮᠤ ᠨᠢ ᠵᠡᠬᠦᠨ ᠦᠵᠦᠮᠦᠴᠢᠨ ᠬᠤᠰᠢᠭᠤᠨ ᠤ ᠪᠠᠷᠠᠭᠤᠨ ᠬᠤᠶᠢᠳᠦ ᠬᠡᠰᠡᠭ ᠲᠤ ᠪᠠᠶᠢᠷᠢᠰᠢᠵᠦ᠂ ᠮᠤᠩᠭᠤᠯ ᠤᠯᠤᠰ ᠲᠠᠢ ᠵᠠᠯᠭᠠᠯᠳᠤᠬᠤ ᠬᠢᠯᠢ ᠶᠢᠨ ᠱᠤᠭᠤᠮ ᠨᠢ75.41 ᠺᠢᠯᠤᠮᠧᠲᠷ ᠪᠠᠶᠢᠵᠦ᠂ ᠰᠤᠮᠤᠨ ᠤ ᠲᠦᠪ ᠎ ᠨᠢ ᠬᠤᠰᠢᠭᠤ ᠤᠯᠢᠶᠠᠰᠤᠳᠠᠢ ᠪᠠᠯᠭᠠᠰᠤᠨ ᠠᠴᠠ145 ᠺᠢᠯᠤᠮᠧᠲᠷ ᠵᠠᠢ ᠲᠠᠢ᠃ ᠰᠤᠮᠤᠨ ᠤ ᠶᠡᠷᠦᠩᠬᠡᠢ ᠭᠠᠵᠠᠷ ᠰᠢᠷᠤᠢ ᠎ ᠶᠢᠨ ᠲᠠᠯᠠᠪᠠᠢ ᠨᠢ  394 ᠲᠦᠮᠡᠨ ᠮᠦ ︵2627 ᠺᠤᠸ᠋ᠲ ᠮᠧᠲᠷ︶᠂ ᠨᠡᠶᠢᠳᠡ 4 ᠭᠠᠴᠠᠭ᠎ᠠ᠂ 1 ᠨᠡᠶᠢᠬᠡᠮ ᠲᠤᠭᠤᠷᠢᠭ᠂ 1ᠰᠢᠭᠤᠳ ᠬᠠᠷᠢᠶ᠎ᠠ ᠪᠠᠶᠢᠭᠤᠯᠭ᠎ᠠ᠂ 3 ᠨᠡᠬᠦᠷᠡᠰᠦᠨ ᠠᠭᠤᠷᠬᠠᠢ ︵ᠲᠢᠶᠠᠨ ᠳ᠋ᠢ ᠨᠡᠬᠦᠷᠡᠰᠦᠨ ᠠᠭᠤᠷᠬᠠᠢ ᠂ ᠤᠯᠤᠰ ᠤᠨ ᠦᠮᠴᠢᠯᠡᠯᠳᠦ ᠨᠡᠬᠦᠷᠡᠰᠦᠨ ᠠᠭᠤᠷᠬᠠᠢ᠂ ᠠᠮᠤᠭᠤᠯᠠᠩ ᠨᠡᠬᠦᠷᠡᠰᠦᠨ ᠠᠭᠤᠷᠬᠠᠢ︶᠎ ᠲᠠᠢ ᠪᠠᠶᠢᠵᠦ᠂ 23 ᠬᠤᠪᠢ ᠶᠢᠨ ᠠᠵᠦ ᠦᠢᠯᠡᠳᠪᠦᠷᠢ ᠶᠢᠨ ᠲᠤᠰᠬᠠᠢ ᠡᠷᠦᠬᠡ ᠲᠠᠢ᠃  ᠬᠦᠮᠦᠨ ᠠᠮᠠ ᠶᠢᠨ ᠲᠤᠭ᠎ᠠ ᠨᠡᠶᠢᠳᠡ 840 ᠡᠷᠦᠬᠡ 2906 ᠬᠦᠮᠦᠨ ᠪᠠᠶᠢᠵᠦ᠂ ᠡᠬᠦᠨ ᠳᠤ᠂ ᠮᠠᠯᠵᠢᠬᠤ ᠡᠷᠦᠬᠡ 624 ᠡᠷᠦᠬᠡ 2465 ᠬᠦᠮᠦᠨ᠂ ᠰᠠᠭᠤᠭᠠᠯᠢ ᠡᠷᠦᠬᠡ 216 ᠡᠷᠦᠬᠡ 441 ᠬᠦᠮᠦᠨ ᠪᠠᠶᠢᠨ᠎ᠠ᠃ ᠡᠪᠡᠰᠦ ᠪᠡᠯᠴᠢᠬᠡᠷ ᠤᠨ ᠲᠦᠷᠦᠯ ᠵᠦᠢᠯ ᠨᠢ ᠴᠢᠬᠢᠭᠯᠢᠭ ᠨᠤᠳᠤᠭ ᠪᠡᠯᠴᠢᠬᠡᠷ ᠪᠠᠶᠢᠵᠦ᠂ ᠵᠢᠯ ᠤᠨ ᠲᠤᠨᠳᠠᠰᠤᠨ ᠤ ᠬᠡᠮᠵᠢᠶ᠎ᠡ ᠨᠢ 350 ᠮᠢᠯᠢᠮᠧᠲᠷ ᠤᠷᠴᠢᠮ ᠪᠠᠶᠢᠵᠦ ᠂ ᠤᠳᠤ ᠴᠢᠳᠦᠷ ᠤᠨ ᠭᠤᠤᠯ᠂ ᠵᠦᠯᠬᠡᠨ ᠭᠤᠤᠯ᠂ ᠲᠤᠮᠳᠠ ᠭᠤᠤᠯ ᠵᠡᠷᠬᠡ ᠭᠤᠷᠪᠠᠨ ᠭᠤᠤᠯ ᠤᠷᠤᠰᠬᠠᠯ ᠪᠠᠶᠢᠵᠦ᠂ ᠮᠠᠯ ᠠᠵᠦ ᠠᠬᠤᠢ ᠳᠤ ᠰᠢᠯᠢᠳᠡᠭ ᠰᠠᠶᠢᠨ ᠤᠰᠤᠨ ᠤ ᠪᠠᠳᠤᠯᠭ᠎ᠠ ᠶᠢ ᠠᠪᠴᠢᠷᠡᠵᠦ ᠦᠭᠭᠦᠭᠰᠡᠨ ᠪᠠᠶᠢᠨ᠎ᠠ᠃ 2016 ᠤᠨ ᠤ ᠵᠢᠯ ᠤᠨ ᠮᠠᠯᠴᠢᠳ ᠤᠨ ᠤᠷᠤᠯᠭ᠎ᠠ ᠨᠢ 23843 ᠲᠦᠭᠦᠷᠢᠭ ᠲᠤ ᠬᠦᠷᠴᠦ᠂ 2015 ᠤᠨ ᠲᠠᠢ ᠬᠠᠷᠢᠴᠠᠭᠤᠯᠪᠠᠯ 8.7%᠎ ᠪᠠᠷ ᠨᠡᠮᠡᠭᠳᠡᠭᠰᠡᠨ ᠪᠠᠶᠢᠨ᠎ᠠ᠃ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠤᠷᠤᠯᠭ᠎ᠠ ᠨᠢ 30811 ᠲᠦᠭᠦᠷᠢᠭ ᠲᠤ ᠬᠦᠷᠴᠦ᠂ 2015 ᠤᠨ ᠲᠠᠢ ᠬᠠᠷᠢᠴᠠᠭᠤᠯᠪᠠᠯ 9.1%᠎ ᠪᠠᠷ ᠨᠡᠮᠡᠭᠳᠡᠭᠰᠡᠨ ᠪᠠᠶᠢᠨ᠎ᠠ᠃      ᠨᠠᠮ ᠤᠨ ᠪᠠᠶᠢᠭᠤᠯᠤᠯᠳᠠ ᠶᠢᠨ ᠠᠵᠢᠯ ᠤᠨ ᠲᠠᠯ᠎ᠠ ᠪᠠᠷ᠄  ᠮᠠᠨ ᠤ ᠰᠤᠮᠤ ᠨᠢ ᠤᠳᠤ ᠨᠢᠬᠡ ᠪᠠᠶᠢᠭᠤᠯᠭ᠎ᠠ ᠶᠢᠨ ᠨᠠᠮ ᠤᠨ ᠡᠬᠦᠷ᠂  ᠲᠦᠷᠪᠡᠨ ᠭᠠᠴᠠᠭᠠᠨ ᠤ ᠨᠠᠮ ᠤᠨ ᠡᠬᠦᠷ ᠪᠠ ᠨᠢᠬᠡ ᠨᠡᠶᠢᠬᠡᠮ ᠲᠤᠭᠤᠷᠢᠭ ᠤᠨ ᠨᠠᠮ ᠤᠨ ᠡᠬᠦᠷ ᠎ ᠲᠠᠢ᠃ ᠨᠡᠶᠢᠳᠡ ᠨᠠᠮ ᠤᠨ ᠬᠡᠰᠢᠬᠦᠨ 100 ᠨᠡᠷ᠎ᠡ ᠪᠠᠶᠢᠵᠦ᠂ ᠡᠬᠦᠨ ᠳᠤ ᠮᠠᠯᠴᠢᠨ ᠨᠠᠮ ᠤᠨ ᠬᠡᠰᠢᠬᠦᠨ 75 ᠨᠡᠷ᠎ᠡ ᠪᠠᠶᠢᠨ᠎ᠠ᠃ ᠨᠠᠮ ᠤᠨ ᠬᠡᠰᠢᠬᠦᠨ ᠭᠤᠤᠯᠯᠠᠬᠤ ᠡᠷᠦᠬᠡ 16 ᠡᠷᠦᠬᠡ ᠪᠠᠶᠢᠨ᠎ᠠ᠃ 2016 ᠤᠨ ᠳᠤ ᠰᠤᠮᠤᠨ ᠤ ᠨᠠᠮ ᠎ ᠤᠨ ᠬᠤᠷᠢᠶ᠎ᠠ ᠨᠢ ︽433︾ ᠦᠢᠯᠡᠴᠢᠯᠡᠬᠡᠨ ᠤ ᠠᠷᠭ᠎ᠠ ᠮᠠᠶ᠋ᠢᠭ ᠢ ᠨᠢᠬᠳᠠ ᠤᠶᠠᠯᠳᠠᠭᠤᠯᠤᠨ᠂ ︽5 +1︾ ᠦᠢᠯᠡᠴᠢᠯᠡᠬᠡᠨ ᠤ ᠰᠢᠨ᠎ᠡ ᠠᠷᠭ᠎ᠠ ᠮᠠᠶ᠋ᠢᠭ ᠢ ᠪᠠᠶᠢᠭᠤᠯᠤᠨ᠂ ᠨᠠᠮ ᠤᠨ ᠬᠡᠰᠢᠬᠦᠨ ᠤᠯᠠᠨ ᠲᠦᠮᠡᠨ ᠤ ᠰᠤᠷᠤᠯᠴᠠᠯᠭ᠎ᠠ ᠎ ᠶᠢᠨ ᠬᠦᠳᠡᠯᠬᠡᠬᠡᠨ ᠢ 20 ᠤᠳᠠᠭ᠎ᠠ ᠦᠷᠨᠢᠬᠦᠯᠵᠦ᠂  ᠮᠠᠯᠴᠢᠨ ᠡᠷᠦᠬᠡ ᠳᠤ 800 ᠭᠠᠷᠤᠢ ᠬᠦᠮᠦᠨ ᠤᠳᠠᠭ᠎ᠠ ᠬᠦᠨᠵᠡᠬᠡᠶᠢᠷᠡᠵᠦ᠂ ᠨᠠᠮ ᠤᠨ ᠬᠡᠰᠢᠬᠦᠨ ᠺᠠᠳ᠋ᠷ 118 ᠭᠠᠷᠤᠢ ᠪᠤᠳᠠᠳᠦ ᠠᠵᠢᠯ ᠢ ᠮᠠᠯᠴᠢᠨ ᠲᠦᠮᠡᠨ ᠳᠤ ᠬᠠᠮᠵᠢᠨ ᠪᠡᠶᠡᠯᠡᠬᠦᠯᠦᠭᠰᠡᠨ ᠪᠠᠶᠢᠨ᠎ᠠ᠃ 2016 ᠤᠨ ᠳᠤ ᠮᠠᠨ ᠤ ᠰᠤᠮᠤ ᠨᠢ ᠪᠦᠬᠦ ᠬᠤᠰᠢᠭᠤᠨ ᠤ ᠦᠨᠳᠦᠰᠦᠳᠡᠨ ᠤ ᠪᠦᠯᠬᠦᠮᠳᠡᠯ ᠢ ᠲᠦᠯᠬᠢᠨ ᠠᠬᠢᠭᠤᠯᠤᠬᠰᠠᠨ ᠲᠠᠭᠤᠷᠢᠶᠠᠯ ᠨᠢᠬᠡᠴᠢ᠂ ᠪᠦᠬᠦ ᠠᠶᠢᠮᠠᠭ ᠤᠨ ᠪᠤᠯᠪᠠᠰᠤᠨ ᠰᠤᠮᠤ ᠪᠠᠷ ᠦᠨᠡᠯᠡᠭᠳᠡᠭᠰᠡᠨ ᠪᠠᠶᠢᠨ᠎ᠠ᠃      ᠮᠠᠯ ᠠᠵᠦ ᠠᠬᠤᠢ ᠶᠢᠨ ᠠᠵᠢᠯ ᠤᠨ ᠲᠠᠯ᠎ᠠ ᠪᠠᠷ᠄ 2016 ᠤᠨ ᠳᠤ ᠵᠢᠯ ᠤᠨ ᠮᠠᠯ ᠤᠨ ᠶᠡᠷᠦᠩᠬᠡᠢ ᠲᠤᠭ᠎ᠠ ᠎ ᠨᠢ 132177 ᠲᠤᠯᠤᠭᠠᠢ ᠬᠦᠷᠴᠦ᠂ ᠡᠬᠦᠨ ᠳᠤ  ᠪᠤᠳᠠ ᠮᠠᠯ ᠤᠨ ᠲᠤᠭ᠎ᠠ ᠨᠢ 2915 ᠲᠤᠯᠤᠭᠠᠢ ᠪᠠᠶᠢᠵᠦ᠂ ᠪᠤᠭ ᠮᠠᠯ ᠤᠨ ᠲᠤᠭ᠎ᠠ ᠨᠢ 128321 ᠲᠤᠯᠤᠭᠠᠢ ᠳᠤ ᠬᠦᠷᠦᠭᠰᠡᠨ ᠪᠠᠶᠢᠨ᠎ᠠ᠃ ᠨᠤᠳᠤᠭ ᠪᠡᠯᠴᠢᠬᠡᠷ ᠤᠨ ᠲᠡᠩᠴᠡᠬᠦᠷᠢ ᠢ ᠭᠡᠷᠡᠭᠵᠢᠬᠦᠯᠦᠭᠰᠡᠨ ᠲᠠᠯᠠᠪᠠᠢ ᠨᠢ 369.03 ᠮᠤ᠋ ᠪᠠᠶᠢᠨ᠎ᠠ᠃ ᠮᠠᠯᠵᠢᠬᠤ ᠤᠷᠤᠨ ᠳᠤ ᠤᠳᠤ ᠲᠤᠭᠤᠰᠬ᠎ᠠ ᠸᠠᠭᠠᠷ ᠤᠨ ᠪᠦᠳᠦᠴᠡ ᠲᠠᠢ ᠫᠧᠩ ᠬᠤᠷᠤᠭ᠎ᠠ ᠨᠢ 1989 ᠲᠠᠰᠤᠯᠭ᠎ᠠ  ᠂ 49575 ᠺᠤᠸᠠᠲ ᠮᠧᠲᠷ ᠪᠠᠶᠢᠵᠦ᠂ ᠡᠪᠡᠰᠦ ᠬᠠᠳᠠᠭᠠᠯᠠᠬᠤ ᠫᠧᠩ1168 ᠲᠠᠰᠤᠯᠭ᠎ᠠ᠂ 21090 ᠺᠤᠸᠠᠲ ᠮᠧᠲᠷ  ᠪᠠᠶᠢᠵᠦ᠂ ᠮᠠᠰᠢᠨ ᠬᠤᠳᠳᠤᠭ 130 ᠪᠠᠶᠢᠨ᠎ᠠ᠃ ᠤᠳᠤ ᠦᠶ᠎ᠡ ᠶᠢᠨ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ 4 ᠡᠷᠦᠬᠡ᠂ ᠲᠤᠰᠬᠠᠢ ᠬᠤᠷᠰᠢᠶᠠᠵᠢᠯ 7 ᠪᠠᠶᠢᠵᠦ᠂ 5ᠰᠢᠮᠧᠨ᠋ᠲᠷ ᠦᠬᠡᠷ ᠤᠨ ᠰᠦᠷᠦᠭ ᠪᠠᠶᠢᠵᠦ᠂ ᠭᠤᠤᠯᠯᠠᠬᠤ ᠦᠨᠢᠶᠡᠨ ᠰᠦᠷᠦᠭ ᠨᠢ 550 ᠲᠤᠯᠤᠭᠠᠢ ᠳᠤ ᠬᠦᠷᠴᠦ᠂  ᠬᠤᠴᠠᠨ ᠤ ᠭᠤᠤᠯᠳᠠᠯᠭ᠎ᠠ ᠶᠢᠨ ᠬᠠᠮᠢᠶᠠᠷᠤᠯᠳᠠ ᠶᠢᠨ ᠰᠦᠷᠦᠭ 5 ᠰᠦᠷᠦᠭ ᠪᠠᠶᠢᠵᠦ᠂ ᠭᠤᠤᠯᠳᠠᠭᠤᠯᠤᠨ ᠬᠠᠮᠢᠶᠠᠷᠴᠦ ᠪᠠᠶᠢᠭ᠎ᠠ ᠬᠤᠴᠠ 2014 ᠲᠤᠯᠤᠭᠠᠢ ᠬᠦᠷᠦᠭᠰᠡᠨ ᠪᠠᠶᠢᠨ᠎ᠠ᠃      ᠨᠡᠶᠢᠬᠡᠮ ᠤᠨ ᠪᠠᠳᠤᠯᠠᠭ᠎ᠠ ᠶᠢᠨ ᠲᠠᠯ᠎ᠠ ᠪᠠᠷ᠄ ᠮᠠᠯᠵᠢᠬᠤ ᠤᠷᠤᠨ ᠤ ᠰᠢᠨ᠎ᠡ ᠬᠡᠯᠪᠡᠷᠢ ᠶᠢᠨ ᠬᠤᠷᠰᠢᠬᠰᠠᠨ ᠡᠮᠨᠡᠯᠬᠡ ᠶᠢᠨ ᠲᠠᠭᠠᠳᠬᠠᠯ ᠳᠤ ᠤᠷᠤᠯᠴᠠᠬᠰᠠᠨ ᠬᠦᠮᠦᠨ 2116 ᠨᠡᠷ᠎ᠡ ᠪᠠᠶᠢᠵᠦ᠂ ᠬᠤᠷᠰᠢᠬᠰᠠᠨ ᠡᠮᠨᠡᠯᠬᠡ ᠳᠤ ᠤᠷᠤᠯᠴᠠᠬᠰᠠᠨ ᠨᠤᠷᠮ᠎ᠠ ᠨᠢ 100%᠎ ᠳᠤ ᠬᠦᠷᠪᠡ᠃ ᠨᠠᠰᠤᠵᠢᠯ ᠤᠨ ᠲᠠᠭᠠᠳᠬᠠᠯ ᠳᠤ ᠤᠷᠤᠯᠴᠠᠬᠰᠠᠨ ᠬᠦᠮᠦᠨ ᠤ ᠲᠤᠭ᠎ᠠ ᠨᠢ 955 ᠨᠡᠷ᠎ᠡ ᠪᠠᠶᠢᠵᠦ᠂  ᠤᠷᠤᠯᠴᠠᠬᠰᠠᠨ ᠨᠤᠷᠮ᠎ᠠ ᠨᠢ 76%᠎ ᠳᠤ ᠬᠦᠷᠪᠡ᠃ ᠨᠡᠶᠢᠬᠡᠮ ᠤᠨ ᠬᠠᠮᠤᠭ ᠎ ᠤᠨ ᠲᠤᠤᠷ᠎ᠠ ᠪᠠᠳᠤᠯᠭ᠎ᠠ ᠶᠢᠨ ᠮᠦᠩᠬᠦ ᠶᠢ ᠬᠦᠷᠳᠡᠵᠦ ᠪᠠᠶᠢᠭ᠎ᠠ ᠨᠢ 139 ᠡᠷᠦᠬᠡ 391 ᠬᠦᠮᠦᠨ ᠪᠠᠶᠢᠵᠦ᠂ ᠬᠦᠮᠦᠨ ᠲᠤᠮᠳᠠᠴᠢ ᠶᠢᠨ ᠤᠷᠤᠯᠭ᠎ᠠ ᠨᠢ 8760 ᠲᠦᠭᠦᠷᠢᠭ ᠬᠦᠷᠪᠡ᠃ ᠲᠠᠪᠤᠨ ᠪᠠᠳᠤᠯᠭᠠᠳᠦ ᠡᠷᠦᠬᠡ 2 ᠡᠷᠦᠬᠡ 2 ᠬᠦᠮᠦᠨ᠂ ᠵᠢᠯ ᠤᠨ ᠲᠤᠮᠳᠠᠴᠢ ᠤᠷᠤᠯᠭ᠎ᠠ ᠨᠢ 10050 ᠲᠦᠭᠦᠷᠢᠭ ᠬᠦᠷᠪᠡ᠃  ᠬᠦᠴᠢᠷᠳᠡᠯᠳᠡᠢ ᠡᠷᠦᠬᠡ 12 ᠡᠷᠦᠬᠡ 42 ᠬᠦᠮᠦᠨ ᠪᠠᠶᠢᠵᠦ᠂ ᠬᠦᠮᠦᠨ ᠪᠤᠯᠭᠠᠨ ᠤ ᠵᠢᠯ ᠤᠨ ᠲᠤᠮᠳᠠᠴᠢ ᠤᠷᠤᠯᠭ᠎ᠠ ᠨᠢ4500 ᠲᠦᠭᠦᠷᠢᠭ ᠲᠤ ᠬᠦᠷᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号