ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤ ᠨᠢ ᠪᠠᠷᠠᠭᠤᠨ ᠲᠠᠯ᠎ᠠ ᠪᠠᠷ ᠠᠪᠠᠭ᠎ᠠ ᠬᠤᠰᠢᠭᠤ᠂ | ᠰᠢᠯᠢᠨ ᠬᠤᠲᠠ ᠲᠠᠢ᠂ ᠡᠮᠦᠨ᠎ᠡ ᠲᠠᠯ᠎ᠠ ᠪᠠᠷ ᠪᠠᠷᠠᠭᠤᠨ ᠦᠵᠦᠮᠦᠴᠢᠨ ᠬᠤᠰᠢᠭᠤ ᠲᠠᠢ᠂ ᠵᠡᠭᠦᠨ ᠲᠠᠯ᠎ᠠ ᠪᠠᠷ | ᠤᠯᠢᠶᠠᠰᠤᠲᠠᠢ ᠪᠠᠯᠭᠠᠰᠤ᠂ ᠬᠠᠲᠠᠪᠴᠢ ᠪᠠᠯᠭᠠᠰᠤ ᠲᠠᠢ᠂ ᠬᠤᠶᠢᠲᠤ ᠲᠠᠯ᠎ᠠ ᠪᠠᠷ ᠠᠯᠲᠠᠨᠬᠢᠯᠢ ᠰᠤᠮᠤ ᠲᠠᠢ ᠵᠠᠬ᠎ᠠ | ᠨᠡᠶᠢᠯᠡᠵᠤ ᠪᠠᠶᠢᠭ᠎ᠠ ᠴᠤᠯᠤ ᠮᠠᠯᠵᠢᠬᠤ ᠪᠠᠯᠭᠠᠰᠤ ᠪᠤᠯᠤᠨ᠎ᠠ᠃ ᠪᠠᠯᠭᠠᠰᠤᠨ ᠲᠦᠪ ᠨᠢ 101 ᠮᠤᠵᠢ ᠶᠢᠨ ᠵᠠᠮ ᠤᠨ | ᠬᠤᠶᠢᠲᠤ ᠲᠠᠯ᠎ᠠ ᠳᠤ ᠪᠠᠶᠢᠷᠢᠯᠠᠵᠤ᠂ ᠮᠤᠵᠢ ᠶᠢᠨ ᠵᠠᠮ ᠨᠢ ᠡᠵᠢᠨᠠᠭᠤᠷ ᠪᠠᠯᠭᠠᠰᠤᠨ ᠤ ᠨᠤᠲᠤᠭ ᠲᠤ ᠵᠡᠭᠦᠨ ᠠᠴᠠ | ᠪᠠᠷᠠᠭᠤᠨᠰᠢ110 ᠺᠢᠯᠤᠮᠧᠲᠷ ᠦᠩᠭᠡᠷᠡᠵᠤ ᠪᠤᠢ᠃ ᠪᠦᠬᠦ ᠪᠠᠯᠭᠠᠰᠤ ᠨᠢ ᠰᠠᠶᠢᠬᠤᠰᠤ ᠭᠠᠴᠠᠭ᠎ᠠ᠂ ᠬᠠᠷᠠᠭᠤᠪᠢ | ᠭᠠᠴᠠᠭ᠎ᠠ᠂ ᠬᠤᠩᠭᠤᠷ ᠭᠠᠴᠠᠭ᠎ᠠ᠂ ᠪᠦᠯᠬᠦᠮᠳᠡᠯ ᠭᠠᠴᠠᠭ᠎ᠠ᠂ ᠬᠠᠷᠠᠭᠠᠳᠤ ᠭᠠᠴᠠᠭ᠎ᠠ᠂ ᠡᠷᠳᠡᠨᠢᠳᠠᠯᠠᠢ ᠭᠠᠴᠠᠭ᠎ᠠ ᠵᠡᠷᠭᠡ | 6 ᠭᠠᠴᠠᠭ᠎ᠠ᠂ 1 ᠪᠠᠨᠰᠠᠨ ᠬᠠᠰᠢᠶᠠᠲᠤ ᠨᠡᠶᠢᠭᠡᠮ ᠲᠤᠭᠤᠷᠢᠭ ᠲᠠᠢ᠃ | ᠡᠵᠢᠨᠠᠭᠤᠷ ᠪᠠᠯᠭᠠᠰᠤ ᠶᠢᠨ ᠪᠦᠬᠦ ᠨᠤᠲᠤᠭ ᠤᠨ ᠲᠠᠯᠠᠪᠡᠢ 582 ᠲᠦᠮᠡᠨ ᠮᠦ ︵3880 ᠳᠡᠭᠡᠭᠰᠢ | ᠳᠦᠷᠪᠡᠯᠵᠢᠨ ᠺᠢᠯᠤᠮᠧᠲᠷ︶ ᠪᠠᠶᠢᠵᠤ᠂ 2016 ᠤᠨ ᠤ ᠪᠦᠬᠦ ᠤᠯᠤᠰ ᠤᠨ ᠭᠤᠷᠪᠠᠳᠤᠭᠠᠷ ᠤᠳᠠᠭᠠᠨ ᠤ | ᠲᠠᠷᠢᠶᠠᠯᠠᠩ ᠤᠨ ᠪᠦᠷᠢᠳᠭᠡᠯ ᠢᠶᠠᠷ᠂ ᠮᠠᠨ ᠤ ᠪᠠᠯᠭᠠᠰᠤ ᠨᠢ 1631ᠡᠷᠦᠭᠡ 4974 ᠬᠦᠮᠦᠨ ᠠᠮᠠ ᠲᠠᠢ᠂ ᠡᠭᠦᠨ | ᠳᠤ ᠮᠠᠯᠵᠢᠬᠤ ᠬᠦᠮᠦᠨ ᠠᠮᠠ 863 ᠡᠷᠦᠭᠡ 3502 ᠬᠦᠮᠦᠨ ᠠᠮᠠ ᠲᠠᠢ ᠃ 198 ᠨᠠᠮ ᠤᠨ ᠬᠡᠰᠢᠭᠦᠨ᠂ ᠡᠭᠦᠨ | ᠳᠤ 126 ᠨᠡᠷ᠎ᠡ ᠮᠠᠯᠴᠢᠨ ᠨᠠᠮ ᠤᠨ ᠬᠡᠰᠢᠭᠦᠨ ᠪᠠᠶᠢᠵᠤ᠂ 28 ᠨᠠᠮ ᠤᠨ ᠬᠡᠰᠢᠭᠦᠨ ᠭᠤᠤᠯᠯᠠᠬᠤ ᠡᠷᠦᠬᠡ ︵ᠬᠤᠲᠠ | ᠳᠤᠭᠤᠶᠢᠯᠠᠩ︶ ᠲᠠᠢ ᠃ 2016 ᠤᠨ ᠤ ᠮᠠᠯ ᠠᠵᠤ ᠠᠬᠤᠢ ᠶᠢᠨ ᠨᠡᠶᠢᠲᠡᠮ ᠪᠦᠷᠢᠳᠬᠡᠯ ᠳᠤ ᠮᠠᠯ ᠤᠨ ᠲᠤᠭ᠎ᠠ | 18.45ᠲᠦᠮᠡᠨ ᠲᠤᠯᠤᠭᠠᠢ ᠳᠤ ᠬᠦᠷᠴᠦ᠂ ᠡᠭᠦᠨ ᠳᠤ ᠪᠤᠲᠠ ᠮᠠᠯ 9909 ᠲᠤᠯᠤᠭᠠᠢ᠂ ᠪᠤᠭ ᠮᠠᠯ 17.45 | ᠲᠦᠮᠡᠨ ᠲᠤᠯᠤᠭᠠᠢ ᠪᠠᠶᠢᠵᠤ᠂ ᠬᠦᠮᠦᠨ ᠪᠦᠷᠢ ᠶᠢᠨ ᠳᠡᠭᠰᠢᠳᠭᠡᠭᠰᠡᠨ ᠴᠡᠪᠡᠷ ᠤᠷᠤᠯᠭ᠎ᠠ 13598 ᠲᠦᠭᠦᠷᠢᠭ ᠲᠤ | ᠬᠦᠷᠪᠡ᠃ | ᠡᠵᠢᠨᠠᠭᠤᠷ ᠪᠠᠯᠭᠠᠰᠤ ᠨᠢ ᠤᠳᠤᠬᠠᠨ ᠳᠤ ᠡᠵᠢᠨᠠᠭᠤᠷ ᠳᠠᠪᠤᠰᠤᠨ ᠲᠠᠯᠠᠪᠠᠢ᠂ ᠰᠢᠶᠣᠣ ᠪᠠ ᠯᠢᠶᠠᠩ ᠠᠯᠲᠠᠨ ᠤ | ᠠᠭᠤᠷᠬᠠᠢ ᠪᠠ ᠤᠮᠠᠷᠠᠳᠤ ᠶᠢᠨ ᠴᠢᠯᠠᠭᠤᠨ ᠲᠤᠰᠤᠨ ᠤ ᠠᠭᠤᠷᠬᠠᠢ ᠵᠡᠷᠭᠡ ᠲᠤᠮᠤ ᠠᠵᠤ ᠠᠬᠤᠶᠢᠯᠠᠯ ᠲᠠᠢ ᠪᠠᠶᠢᠵᠤ᠂ | ᠬᠠᠷᠠᠭᠤᠪᠢ ᠮᠠᠯ ᠠᠵᠤ ᠠᠬᠤᠢ ᠶᠢᠨ ᠬᠤᠷᠰᠢᠶᠠᠵᠢᠯ ᠨᠢ ᠤᠯᠤᠰ ᠤᠨ ᠳᠡᠰ ᠤᠨ ᠮᠠᠯ ᠠᠵᠤ ᠠᠬᠤᠢ ᠶᠢᠨ ᠳᠠᠭᠤᠷᠢᠶᠠᠯ | ᠬᠤᠷᠰᠢᠶᠠᠵᠢᠯ ᠢᠶᠠᠷ ᠨᠡᠷᠡᠶᠢᠳᠦᠭᠳᠡᠪᠡ᠃ | | | | | | | | |