ᠡᠵᠢᠨᠠᠭᠤᠷ ᠪᠠᠯᠭᠠᠰᠤ
ᠨᠡᠶᠢᠲᠡᠯᠡᠭᠰᠡᠨ ᠴᠠᠭ᠄
2017/6/12
     ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤ ᠨᠢ ᠪᠠᠷᠠᠭᠤᠨ ᠲᠠᠯ᠎ᠠ ᠪᠠᠷ ᠠᠪᠠᠭ᠎ᠠ ᠬᠤᠰᠢᠭᠤ᠂ ᠰᠢᠯᠢᠨ ᠬᠤᠲᠠ ᠲᠠᠢ᠂ ᠡᠮᠦᠨ᠎ᠡ ᠲᠠᠯ᠎ᠠ ᠪᠠᠷ ᠪᠠᠷᠠᠭᠤᠨ ᠦᠵᠦᠮᠦᠴᠢᠨ ᠬᠤᠰᠢᠭᠤ ᠲᠠᠢ᠂ ᠵᠡᠭᠦᠨ ᠲᠠᠯ᠎ᠠ ᠪᠠᠷ ᠤᠯᠢᠶᠠᠰᠤᠲᠠᠢ ᠪᠠᠯᠭᠠᠰᠤ᠂ ᠬᠠᠲᠠᠪᠴᠢ ᠪᠠᠯᠭᠠᠰᠤ ᠲᠠᠢ᠂ ᠬᠤᠶᠢᠲᠤ ᠲᠠᠯ᠎ᠠ ᠪᠠᠷ ᠠᠯᠲᠠᠨᠬᠢᠯᠢ ᠰᠤᠮᠤ ᠲᠠᠢ ᠵᠠᠬ᠎ᠠ ᠨᠡᠶᠢᠯᠡᠵᠤ ᠪᠠᠶᠢᠭ᠎ᠠ ᠴᠤᠯᠤ ᠮᠠᠯᠵᠢᠬᠤ ᠪᠠᠯᠭᠠᠰᠤ ᠪᠤᠯᠤᠨ᠎ᠠ᠃ ᠪᠠᠯᠭᠠᠰᠤᠨ ᠲᠦᠪ ᠨᠢ 101 ᠮᠤᠵᠢ ᠶᠢᠨ ᠵᠠᠮ ᠤᠨ ᠬᠤᠶᠢᠲᠤ ᠲᠠᠯ᠎ᠠ ᠳᠤ ᠪᠠᠶᠢᠷᠢᠯᠠᠵᠤ᠂ ᠮᠤᠵᠢ ᠶᠢᠨ ᠵᠠᠮ ᠨᠢ ᠡᠵᠢᠨᠠᠭᠤᠷ ᠪᠠᠯᠭᠠᠰᠤᠨ ᠤ ᠨᠤᠲᠤᠭ ᠲᠤ ᠵᠡᠭᠦᠨ ᠠᠴᠠ ᠪᠠᠷᠠᠭᠤᠨᠰᠢ110 ᠺᠢᠯᠤᠮᠧᠲᠷ ᠦᠩᠭᠡᠷᠡᠵᠤ ᠪᠤᠢ᠃ ᠪᠦᠬᠦ ᠪᠠᠯᠭᠠᠰᠤ ᠨᠢ ᠰᠠᠶᠢᠬᠤᠰᠤ ᠭᠠᠴᠠᠭ᠎ᠠ᠂ ᠬᠠᠷᠠᠭᠤᠪᠢ ᠭᠠᠴᠠᠭ᠎ᠠ᠂ ᠬᠤᠩᠭᠤᠷ ᠭᠠᠴᠠᠭ᠎ᠠ᠂ ᠪᠦᠯᠬᠦᠮᠳᠡᠯ ᠭᠠᠴᠠᠭ᠎ᠠ᠂ ᠬᠠᠷᠠᠭᠠᠳᠤ ᠭᠠᠴᠠᠭ᠎ᠠ᠂ ᠡᠷᠳᠡᠨᠢᠳᠠᠯᠠᠢ ᠭᠠᠴᠠᠭ᠎ᠠ ᠵᠡᠷᠭᠡ 6 ᠭᠠᠴᠠᠭ᠎ᠠ᠂ 1 ᠪᠠᠨᠰᠠᠨ ᠬᠠᠰᠢᠶᠠᠲᠤ ᠨᠡᠶᠢᠭᠡᠮ ᠲᠤᠭᠤᠷᠢᠭ ᠲᠠᠢ᠃      ᠡᠵᠢᠨᠠᠭᠤᠷ ᠪᠠᠯᠭᠠᠰᠤ ᠶᠢᠨ ᠪᠦᠬᠦ ᠨᠤᠲᠤᠭ ᠤᠨ ᠲᠠᠯᠠᠪᠡᠢ 582 ᠲᠦᠮᠡᠨ ᠮᠦ ︵3880 ᠳᠡᠭᠡᠭᠰᠢ ᠳᠦᠷᠪᠡᠯᠵᠢᠨ ᠺᠢᠯᠤᠮᠧᠲᠷ︶ ᠪᠠᠶᠢᠵᠤ᠂ 2016 ᠤᠨ ᠤ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠠᠷᠢᠶᠠᠯᠠᠩ ᠤᠨ ᠪᠦᠷᠢᠳᠭᠡᠯ ᠢᠶᠠᠷ᠂ ᠮᠠᠨ ᠤ ᠪᠠᠯᠭᠠᠰᠤ ᠨᠢ 1631ᠡᠷᠦᠭᠡ 4974 ᠬᠦᠮᠦᠨ ᠠᠮᠠ ᠲᠠᠢ᠂ ᠡᠭᠦᠨ  ᠳᠤ ᠮᠠᠯᠵᠢᠬᠤ ᠬᠦᠮᠦᠨ ᠠᠮᠠ 863 ᠡᠷᠦᠭᠡ 3502 ᠬᠦᠮᠦᠨ ᠠᠮᠠ ᠲᠠᠢ  ᠃ 198 ᠨᠠᠮ ᠤᠨ ᠬᠡᠰᠢᠭᠦᠨ᠂ ᠡᠭᠦᠨ  ᠳᠤ 126 ᠨᠡᠷ᠎ᠡ ᠮᠠᠯᠴᠢᠨ ᠨᠠᠮ ᠤᠨ ᠬᠡᠰᠢᠭᠦᠨ ᠪᠠᠶᠢᠵᠤ᠂ 28 ᠨᠠᠮ ᠤᠨ ᠬᠡᠰᠢᠭᠦᠨ ᠭᠤᠤᠯᠯᠠᠬᠤ ᠡᠷᠦᠬᠡ ︵ᠬᠤᠲᠠ ᠳᠤᠭᠤᠶᠢᠯᠠᠩ︶ ᠲᠠᠢ  ᠃ 2016 ᠤᠨ ᠤ ᠮᠠᠯ ᠠᠵᠤ ᠠᠬᠤᠢ ᠶᠢᠨ ᠨᠡᠶᠢᠲᠡᠮ ᠪᠦᠷᠢᠳᠬᠡᠯ ᠳᠤ ᠮᠠᠯ ᠤᠨ ᠲᠤᠭ᠎ᠠ 18.45ᠲᠦᠮᠡᠨ ᠲᠤᠯᠤᠭᠠᠢ ᠳᠤ ᠬᠦᠷᠴᠦ᠂ ᠡᠭᠦᠨ ᠳᠤ ᠪᠤᠲᠠ ᠮᠠᠯ 9909 ᠲᠤᠯᠤᠭᠠᠢ᠂ ᠪᠤᠭ ᠮᠠᠯ 17.45 ᠲᠦᠮᠡᠨ ᠲᠤᠯᠤᠭᠠᠢ ᠪᠠᠶᠢᠵᠤ᠂ ᠬᠦᠮᠦᠨ ᠪᠦᠷᠢ ᠶᠢᠨ ᠳᠡᠭᠰᠢᠳᠭᠡᠭᠰᠡᠨ ᠴᠡᠪᠡᠷ ᠤᠷᠤᠯᠭ᠎ᠠ 13598 ᠲᠦᠭᠦᠷᠢᠭ ᠲᠤ ᠬᠦᠷᠪᠡ᠃      ᠡᠵᠢᠨᠠᠭᠤᠷ ᠪᠠᠯᠭᠠᠰᠤ ᠨᠢ ᠤᠳᠤᠬᠠᠨ ᠳᠤ ᠡᠵᠢᠨᠠᠭᠤᠷ ᠳᠠᠪᠤᠰᠤᠨ ᠲᠠᠯᠠᠪᠠᠢ᠂ ᠰᠢᠶᠣᠣ ᠪᠠ ᠯᠢᠶᠠᠩ ᠠᠯᠲᠠᠨ ᠤ ᠠᠭᠤᠷᠬᠠᠢ ᠪᠠ ᠤᠮᠠᠷᠠᠳᠤ ᠶᠢᠨ ᠴᠢᠯᠠᠭᠤᠨ ᠲᠤᠰᠤᠨ ᠤ ᠠᠭᠤᠷᠬᠠᠢ ᠵᠡᠷᠭᠡ ᠲᠤᠮᠤ ᠠᠵᠤ ᠠᠬᠤᠶᠢᠯᠠᠯ ᠲᠠᠢ ᠪᠠᠶᠢᠵᠤ᠂ ᠬᠠᠷᠠᠭᠤᠪᠢ ᠮᠠᠯ ᠠᠵᠤ ᠠᠬᠤᠢ ᠶᠢᠨ ᠬᠤᠷᠰᠢᠶᠠᠵᠢᠯ ᠨᠢ ᠤᠯᠤᠰ ᠤᠨ ᠳᠡᠰ ᠤᠨ ᠮᠠᠯ ᠠᠵᠤ ᠠᠬᠤᠢ ᠶᠢᠨ ᠳᠠᠭᠤᠷᠢᠶᠠᠯ ᠬᠤᠷᠰᠢᠶᠠᠵᠢᠯ ᠢᠶᠠᠷ ᠨᠡᠷᠡᠶᠢᠳᠦᠭᠳᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号