ᠪᠦᠬᠦ ᠤᠯᠤᠰ ᠤᠨ ᠠᠷᠠᠳ ᠤᠨ ᠲᠦᠯᠦᠭᠡᠯᠡᠭᠴᠢ — ᠡᠷᠬᠢᠮᠪᠠᠳᠤ
ᠨᠡᠶᠢᠲᠡᠯᠡᠭᠰᠡᠨ ᠴᠠᠭ᠄
2017/6/14
ᠤᠷᠢᠶᠠᠩᠬᠠᠨ ᠤ᠂ ᠶᠤᠨᠳᠤᠨ        ᠪᠦᠬᠦ ᠤᠯᠤᠰ ᠤᠨ ᠠᠷᠠᠳ ᠤᠨ ᠲᠦᠯᠦᠭᠡᠯᠡᠭᠴᠢ ᠡᠷᠬᠢᠮᠪᠠᠳᠤ ᠤᠨ ᠠᠯᠳᠠᠷ ᠭᠠᠪᠢᠶ᠎ᠠ                                   — ᠦᠪᠦᠷ ᠮᠤᠩᠭᠤᠯ ᠤᠷᠤᠨ ᠪᠠᠶᠢᠭᠤᠯᠤᠭᠳᠠᠭᠰᠠᠨ                                        70  ᠵᠢᠯ   ᠤᠨ  ᠤᠢ   ᠳᠤ  ᠵᠤᠷᠢᠭᠤᠯᠪᠠ       ᠡᠷᠬᠢᠮᠪᠠᠳᠦ ᠪᠤᠯ ᠤᠤᠯ ᠤᠨ ᠰᠢᠯᠢ ᠶᠢᠨ ᠭᠤᠤᠯ ᠴᠢᠭᠤᠯᠭᠭᠠᠨ ᠤ ᠦᠵᠦᠮᠦᠴᠢᠨ ᠪᠠᠷᠠᠭᠤᠨ ᠬᠤᠰᠢᠭᠤᠨ ᠤ ᠬᠦᠷᠢᠶ᠎ᠡ ᠰᠦᠮ᠎ᠡ ᠶᠢᠨ ᠮᠤᠯᠤᠮ ᠯᠠᠮᠠ ᠶᠢᠨ ᠭᠡᠭᠡᠨ ᠭᠤᠷᠪᠠᠨ ᠬᠤᠷᠢᠨ ᠤ ᠪᠦᠭᠡᠨᠡᠷ ᠬᠤᠷᠢᠨ ᠤ ᠬᠠᠷᠢᠶᠠᠳᠦ  ᠤᠤᠬᠤᠳ ᠤᠪᠤᠭᠳᠦ ᠷᠠᠳᠨ᠎ᠠ ᠶᠢᠨ ᠬᠦᠪᠡᠭᠦᠨ ᠦᠷ᠎ᠡ ᠨᠢ ᠪᠤᠯᠵᠦ᠂ 1922 ᠤᠨ ᠤ ᠬᠠᠷ᠎ᠠ ᠨᠤᠬᠠᠢ ᠵᠢᠯ ᠮᠡᠨᠳᠦᠯᠡᠵᠠᠢ᠂ ᠤᠷᠢᠶᠠᠩᠬᠠᠨ ᠤᠪᠤᠭᠳᠦ ᠲᠠᠩᠭᠤᠳ ᠤᠨ ᠬᠡᠤᠬᠡᠨ ᠪᠠᠶᠠᠨ ᠦᠷᠡᠴᠢᠯᠡᠨ ᠡᠷᠭᠦᠵᠦ ᠭᠠᠯ ᠭᠤᠯᠤᠮᠳᠠ ᠢᠶᠠᠨ ᠵᠠᠯᠭᠠᠮᠵᠢᠯᠠᠭᠤᠯᠪᠡ᠃ ᠲᠤᠮᠳᠠᠳᠦ ᠤᠯᠤᠰ ᠤᠨ ᠡᠪ ᠬᠠᠮᠳᠦ ᠨᠠᠮ ᠤᠨ ᠭᠡᠰᠢᠭᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠭᠤᠴᠠᠭᠠᠨ ᠤ ᠲᠦᠯᠦᠭᠡᠯᠡᠭᠴᠢ᠂ ᠲᠤᠮᠳᠠᠳᠦ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠲᠦᠷᠪᠡᠳᠦᠭᠡᠷ᠂ ᠲᠠᠪᠤᠳᠤᠭᠠᠷ ᠬᠤᠭᠤᠴᠠᠭᠠᠨ ᠤ ᠭᠡᠰᠢᠭᠦᠨ᠂ ᠤᠷᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢ᠂ ᠵᠡᠭᠦᠨ ᠦᠵᠦᠮᠦᠴᠢᠨ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠠᠵᠢᠯᠯᠠᠵᠦ ᠦᠩᠭᠡᠷᠡᠪᠡ᠃ ᠵᠡᠭᠦᠨ ᠦᠵᠦᠮᠦᠴᠢᠨ ᠬᠤᠰᠢᠭᠤᠨ ᠤ ᠡᠬᠡᠪᠤᠯᠠᠭ ᠳᠠᠯᠠᠪᠠᠢ ᠶᠢᠨ ᠬᠠᠷᠠᠭᠤᠪᠢ ᠰᠠᠯᠪᠤᠷᠢ ᠳᠠᠯᠠᠪᠠᠢ ᠶᠢᠨ ᠬᠦᠮᠦᠨ᠂ ᠪᠠᠰᠠ ᠴᠤ ︽ᠤᠯᠤᠰ ᠤᠨ ᠨᠢᠭᠡᠳᠦᠭᠡᠷ ᠳᠡᠰ ᠤᠨ ᠳᠠᠮᠢᠷᠴᠢᠨ︾᠂ ᠤᠯᠤᠰ ᠤᠷᠤᠨ ᠳᠠᠭᠠᠨ ᠠᠯᠳᠠᠷᠳᠠᠢ ᠮᠤᠩᠭᠤᠯ ᠪᠦᠬᠡ ᠶᠢᠨ ᠠᠪᠤᠷᠭᠤ ᠶᠠᠪᠤᠭᠰᠠᠨ ᠲᠡᠤᠬᠡᠳᠦ ᠬᠦᠮᠦᠨ ᠪᠢᠯᠡ᠃      ᠬᠦᠮᠦᠨ ᠤ ᠨᠢᠭᠡ ᠨᠠᠰᠤ ᠶᠢ ᠦᠨᠡᠯᠡᠬᠦ ᠳᠤ ᠵᠦᠪᠬᠡᠨ ᠡᠷᠬᠡ ᠲᠤᠰᠢᠶᠠᠯ ᠪᠠᠶᠠᠨ ᠲᠠᠷᠭᠤᠨ ᠢᠶᠠᠷ ᠨᠢ ᠬᠡᠮᠵᠢᠬᠦ ᠪᠢᠰᠢ᠂ ᠬᠠᠷᠢᠨ ᠲᠡᠭᠦᠨ ᠤ ᠨᠡᠶᠢᠭᠡᠮ ᠳᠠᠬᠢ ᠭᠠᠪᠢᠶ᠎ᠠ ᠵᠢᠳᠭᠦᠯ ᠪᠠ ᠠᠷᠠᠳ ᠲᠦᠮᠡᠨ ᠳᠤ ᠦᠵᠡᠭᠦᠯᠦᠭᠰᠡᠨ ᠬᠦᠨᠴᠠ  ᠶᠢᠨ ᠬᠡᠮᠵᠢᠶ᠎ᠡ ᠪᠠᠷ ᠲᠤᠭᠳᠠᠭᠠᠭᠳᠠᠬᠤ ᠳᠠᠭᠠᠨ ᠲᠠᠭᠠᠷᠠᠨ᠎ᠠ᠃ ᠠᠬᠠᠮᠠᠳ ᠨᠢᠭᠡᠨ ᠦᠶ᠎ᠡ ᠶᠢᠨ ᠦᠢᠯᠡᠰ ᠪᠦᠳᠦᠭᠡᠭᠰᠡᠨ ᠤᠯᠠ ᠮᠦᠷ ᠠᠴᠠ ᠦᠨᠡᠯᠡᠰᠢ ᠦᠭᠡᠢ ᠡᠷᠬᠢᠮ ᠲᠡᠭᠡᠳᠦ ᠵᠤᠷᠢᠭ ᠰᠠᠨᠠᠭ᠎ᠠ ᠶᠢ ᠢᠯᠡᠷᠡᠭᠦᠯᠦᠨ᠂ ᠲᠡᠳᠡᠨᠡᠷ ᠠᠴᠠ ᠰᠤᠷᠤᠯᠴᠠᠨ᠂ ᠲᠠᠭᠤᠷᠢᠶᠠᠯ ᠤᠨ ᠬᠦᠴᠦᠨ ᠪᠤᠯᠭᠠᠵᠦ᠂ ᠠᠵᠢᠯᠴᠢ ᠠᠷᠪᠢᠴᠢ ᠪᠠᠷ ᠭᠡᠷ ᠪᠦᠯᠢ ᠪᠤᠯᠤᠨ ᠦᠢᠯᠡᠰ ᠢᠶᠠᠨ ᠡᠵᠡᠩᠨᠡᠨ᠂ ᠶᠡᠬᠡᠪᠡᠷ ᠪᠦᠷᠢᠯᠭᠡᠨ ᠰᠦᠢᠳᠭᠡᠬᠦ ᠪᠠ ᠢᠯᠵᠠᠷᠠᠭᠤᠯᠤᠯ ᠢ ᠡᠰᠡᠷᠭᠦᠴᠡᠬᠦ ᠤᠬᠠᠮᠰᠠᠷ ᠢᠶᠠᠨ ᠲᠡᠭᠡᠭᠡᠭᠰᠢᠯᠡᠭᠦᠯᠵᠦ ᠂ ᠡᠬᠡ ᠤᠷᠤᠨ ᠠᠷᠠᠳ ᠲᠦᠮᠡᠨ ᠳᠡᠭᠡᠨ ᠬᠠᠷᠠᠮ ᠦᠭᠡᠢ ᠵᠢᠳᠭᠦᠯ ᠢᠶᠠᠨ ᠵᠤᠷᠢᠭᠤᠯᠬᠤ ᠶᠠᠪᠤᠳᠠᠯ ᠱᠠᠭᠠᠷᠳᠠᠯᠭ᠎ᠠ ᠪᠤᠯᠤᠨ ᠲᠤᠯᠭᠠᠷᠠᠵᠦ ᠪᠤᠢ᠃ ᠡᠬᠡᠯ ᠪᠤᠷᠤᠭᠵᠢᠭᠤᠨ ᠮᠠᠯᠴᠢᠨ ᠬᠦᠮᠦᠨ ᠡᠷᠬᠢᠮᠪᠠᠳᠤ ᠭᠤᠸᠠᠢ ᠶᠢᠨ ᠤᠯᠠ ᠮᠦᠷ ᠠᠴᠠ ᠲᠤᠮᠳᠠᠳᠤ ᠶᠢᠨ ᠦᠨᠳᠦᠰᠦᠳᠡᠨ ᠤ ᠡᠷᠬᠢᠮ ᠲᠡᠭᠡᠳᠦ ᠦᠵᠡᠯ ᠤᠬᠠᠮᠰᠠᠷ ᠤᠨ ᠭᠡᠷᠡᠯ ᠬᠢᠯᠪᠠᠭ᠎ᠠ ᠶᠢ ᠲᠤᠰ ᠲᠡᠤᠬᠡᠨ ᠨᠠᠮᠳᠠᠷ ᠤᠨ ᠲᠦᠬᠦᠮ ᠲᠤᠭᠠᠴᠢᠯᠳᠠ ᠪᠠᠷ ᠤᠯᠵᠦ ᠬᠠᠷᠠᠬᠤ ᠪᠤᠯᠤᠨ᠎ᠠ᠃                 ᠨᠢᠭᠡ  ᠵᠠᠯᠠᠭᠤ ᠢᠳᠡᠷ ᠨᠠᠰᠤᠨ ᠤ ᠡᠷᠬᠢᠮᠪᠠᠳᠤ      ᠡᠷᠬᠢᠮᠪᠠᠳᠤ ᠪᠤᠯ ᠬᠦᠳᠡᠷ ᠴᠢᠬᠢᠷᠠᠭ ᠪᠡᠶ᠎ᠡ ᠳᠡᠭᠡᠨ ᠴᠢᠳᠠᠯ ᠰᠢᠨᠳᠠᠰᠤ ᠶᠢ ᠤᠨᠢᠰᠤᠯᠠᠵᠦ᠂ ᠡᠨᠡᠷᠢᠩᠭᠦᠢ ᠵᠢᠪᠬᠤᠭᠠᠳᠤ ᠬᠠᠷᠠᠴᠠᠨ ᠳᠠᠭᠠᠨ ᠠᠭᠤᠳᠠᠮ ᠪᠠᠭᠳᠠᠭᠠᠮᠵᠢ ᠶᠢ ᠠᠭᠤᠯᠤᠨ᠂ ᠬᠦᠷᠦᠰᠦᠯᠢᠭ ᠪᠤᠷᠤ ᠴᠢᠷᠠᠢ ᠳᠠᠭᠠᠨ ᠠᠵᠢᠯᠴᠢ ᠬᠦᠳᠡᠯᠮᠦᠷᠢᠴᠢ ᠶᠢ ᠢᠯᠡᠷᠡᠭᠦᠯᠦᠨ᠂ ᠡᠶᠡᠯᠳᠡᠭ ᠵᠦᠭᠡᠯᠡᠨ ᠵᠠᠩ ᠠᠭᠠᠯᠢ ᠳᠠᠭᠠᠨ ᠪᠤᠯᠪᠠᠰᠤᠨ ᠰᠤᠷᠳᠠᠯ ᠢ ᠬᠠᠳᠠᠭᠠᠯᠠᠭᠰᠠᠨ᠂ ᠤᠢ ᠪᠢᠯᠢᠭ ᠤᠬᠠᠭᠠᠨ ᠳᠠᠭᠠᠨ ᠠᠯᠤᠰ ᠤᠨ ᠵᠤᠷᠢᠯᠳᠠ ᠶᠢ ᠬᠦᠪᠴᠢᠯᠡᠭᠰᠡᠨ᠂ ᠲᠦᠷᠦ ᠳᠡᠭᠡᠨ ᠠᠯᠳᠠᠷ ᠲᠠᠢ ᠲᠦᠮᠡᠨ ᠳᠡᠭᠡᠨ ᠵᠢᠳᠭᠦᠯᠳᠡᠢ ᠬᠦᠮᠦᠨ ᠪᠠᠶᠢᠭᠰᠠᠨ ᠶᠤᠮᠳᠠᠭ᠃ ᠨᠠᠰᠤᠳᠠᠶᠢᠴᠦᠳ ᠤᠨ ᠬᠠᠭᠤᠴᠢᠯᠠᠬᠤ ᠪᠠᠷ ᠡᠷᠬᠢᠮ ᠭᠤᠸᠠᠢ ᠪᠤᠯ ᠶᠡᠭᠡ ᠭᠤᠤᠯᠴᠢ ᠪᠦᠭᠡᠳ ᠲᠡᠭᠦᠨ ᠤ ᠠᠭᠤᠷᠯᠠᠬᠤ᠂ ᠪᠠᠴᠢᠮᠳᠠᠨ ᠰᠠᠨᠳᠤᠷᠬᠤ ᠶᠢ ᠶᠡᠷᠦ ᠠᠴᠠ ᠦᠵᠡᠭᠡ ᠦᠭᠡᠢ᠂ ᠶᠡᠭᠡ ᠪᠤᠯᠪᠠᠰᠤᠨ ᠵᠠᠩ ᠲᠠᠢ ᠬᠦᠮᠦᠨ ᠶᠤᠮ ᠭᠡᠵᠦ ᠬᠠᠴᠢᠷᠬᠠᠨ ᠮᠠᠭᠳᠠᠵᠠᠭᠠᠳᠠᠭ ᠰᠠᠨ᠃      ᠡᠷᠬᠢᠮᠪᠠᠳᠤ ᠶᠢ ᠨᠤᠲᠤᠭ ᠤᠰᠤᠨ ᠤ ᠬᠡᠤᠬᠡᠳ ᠲᠠᠭᠦᠤ ᠨᠠᠷ ᠨᠢ ︽ᠡᠷᠬᠢᠮ ᠠᠮᠪᠠ︾ ᠭᠡᠵᠦ ᠬᠦᠨᠳᠦᠯᠡᠨ ᠡᠷᠭᠦᠮᠵᠢᠯᠡᠳᠡᠭ᠃ ᠤᠷᠢᠶᠠᠩᠬᠠᠨ ᠤᠪᠤᠭᠳᠤ ᠬᠡᠤᠬᠡᠨ ᠪᠠᠶᠠᠨ ᠤ ᠭᠠᠯ ᠭᠤᠯᠤᠮᠳᠠ ᠶᠢ ᠵᠠᠯᠭᠠᠮᠵᠢᠯᠠᠭᠰᠠᠨ ᠢᠶᠠᠷ ︽ᠬᠡᠤᠬᠡᠨ ᠤ ᠡᠷᠬᠢᠮᠪᠠᠳᠤ︾ ᠭᠡᠵᠦ ᠠᠯᠳᠠᠷᠰᠢᠭᠰᠠᠨ ᠶᠤᠮ᠃ ᠤᠷᠢᠶᠠᠩᠬᠠᠨ ᠤᠪᠤᠭᠳᠤ ᠭᠠᠯᠳᠠᠨ ᠤ ᠵᠢᠷᠭᠤᠳᠤᠭᠠᠷ ᠦᠶ᠎ᠡ ᠳᠤ ᠲᠤᠭᠠᠴᠠᠭᠳᠠᠨ᠎ᠠ᠃      ᠲᠡᠷᠡ᠂ ᠠᠯᠢ ᠡᠷᠳᠡ ᠡᠪ ᠬᠠᠮᠳᠤ ᠨᠠᠮ ᠤᠨ ᠤᠳᠤᠷᠢᠳᠤᠯᠭ᠎ᠠ ᠶᠢ ᠬᠦᠯᠢᠶᠡᠭᠰᠡᠨ ᠡᠬᠡ ᠤᠷᠤᠨᠴᠢ ᠬᠦᠮᠦᠨ ᠪᠠᠶᠢᠵᠦ᠂ ᠬᠤᠷᠢᠨ ᠵᠢᠷᠭᠤᠭᠠᠳᠠᠢ ᠳᠠᠭᠠᠨ 1948 ᠤᠨ ᠠᠴᠠ ᠠᠷᠠᠳᠴᠢᠯᠠᠭᠰᠠᠨ ᠬᠤᠪᠢᠰᠬᠠᠯ ᠳᠤ ᠤᠷᠤᠯᠴᠠᠵᠦ᠂  ᠲᠤᠬᠠᠢ ᠶᠢᠨ ᠦᠶ᠎ᠡ ᠶᠢᠨ ᠰᠤᠮᠤ ᠪᠠᠭ ᠢ ᠵᠤᠬᠢᠶᠠᠨ ᠪᠠᠶᠢᠭᠤᠯᠬᠤ᠂ ᠲᠡᠭᠡᠷᠡᠮ ᠢ ᠤᠰᠠᠳᠬᠠᠬᠤ ᠡᠬᠡ ᠤᠷᠤᠨ ᠤ ᠴᠢᠯᠦᠭᠡᠯᠡᠯᠳᠡ ᠶᠢᠨ ᠦᠢᠯᠡᠰ ᠲᠤ ᠢᠳᠡᠪᠬᠢᠳᠡᠢ ᠤᠷᠤᠯᠴᠠᠵᠦ ᠬᠦᠴᠦᠨ ᠴᠢᠳᠠᠯ ᠢᠶᠠᠨ ᠡᠷᠭᠦᠨ ᠶᠠᠪᠤᠭᠰᠠᠨ ᠶᠤᠮ᠃ ᠲᠠᠪᠢᠭᠠᠳ ᠤᠨ ᠤ ᠡᠬᠢ ᠪᠠᠷ᠂ ᠠᠮᠧᠷᠢᠺᠠ ᠶᠢ ᠡᠰᠡᠷᠭᠦᠴᠡᠨ ᠰᠤᠯᠤᠩᠭᠤᠰ ᠢ ᠲᠤᠰᠠᠯᠠᠬᠤ ᠳᠠᠶᠢᠨ ᠳᠤ ᠶᠡᠭᠡ ᠬᠡᠮᠵᠢᠶᠡᠨ ᠤ ᠴᠡᠷᠢᠭ ᠤᠨ ᠠᠭᠳᠠ ᠪᠤᠯᠤᠨ ᠡᠳ᠋ ᠪᠤᠳᠠᠰ ᠵᠤᠭᠤᠰ ᠮᠦᠩᠭᠦ ᠪᠠᠷ ᠳᠡᠮᠵᠢᠨ ᠲᠤᠰᠠᠯᠠᠵᠦ᠂ ᠤᠯᠤᠰ ᠢᠶᠠᠨ ᠬᠠᠶᠢᠷᠠᠯᠠᠬᠤ ᠦᠵᠡᠯ ᠢᠨᠲ᠋ᠧᠷᠨᠠᠼᠢᠤᠨᠠᠯ ᠤᠨ ᠵᠤᠷᠢᠭ ᠰᠠᠨᠠᠭ᠎ᠠ ᠶᠢ ᠢᠯᠡᠷᠡᠭᠦᠯᠵᠠᠢ᠃ ᠡᠨᠡ ᠲᠤᠬᠠᠢ ᠰᠤᠯᠤᠩᠭᠤᠰ ᠤᠯᠤᠰ ᠤᠨ ᠲᠡᠷᠢᠭᠦᠯᠡᠭᠴᠢ ᠶᠢᠨ ᠷᠾᠢ ᠴᠧᠩ ᠪᠡᠭᠡᠵᠢᠩ ᠳᠤ ᠠᠶᠢᠯᠴᠢᠯᠠᠬᠤ ᠳᠠᠭᠠᠨ ᠡᠷᠬᠢᠮᠪᠠᠳᠤ ᠠᠮᠪᠠ ᠶᠢ ᠰᠤᠷᠠᠭᠯᠠᠵᠦ ᠪᠠᠶᠢᠭᠰᠠᠨ ᠤᠳᠠᠭ᠎ᠠ ᠲᠠᠢ ᠭᠡᠳᠡᠭ᠃       ᠡᠷᠬᠢᠮᠪᠠᠳᠤ ᠶᠢᠨ ᠬᠢᠨ ᠤ ᠲᠤᠬᠠᠢ ᠡᠶᠢᠮᠦ ᠦᠯᠢᠭᠡᠷ ᠪᠠᠶᠢᠳᠠᠭ᠄ ᠲᠦᠴᠢᠭᠡᠳ ᠤᠨ ᠤ ᠲᠤᠮᠳᠠᠴᠢ ᠪᠠᠷ ᠨᠢᠭᠡ ᠪᠦᠯᠦᠭ ᠠᠶᠢᠯ ᠡᠷᠦᠬᠡ ᠮᠤᠩᠭᠤᠯ ᠤᠯᠤᠰ ᠲᠤ ᠲᠠᠶᠢᠴᠢᠯᠠᠭᠳᠠᠨ ᠨᠡᠬᠦᠬᠦ ᠶᠠᠪᠤᠳᠠᠯ ᠭᠠᠷᠴᠠᠢ᠃ ᠡᠨᠡ ᠦᠶ᠎ᠡ ᠳᠤ᠂ ᠡᠷᠬᠢᠮᠪᠠᠳᠤ ᠶᠢᠨ ᠡᠷᠭᠦᠭᠰᠡᠨ ᠠᠪᠤ ᠲᠠᠩᠭᠤᠳ ᠤᠨ ᠬᠡᠤᠬᠡᠨ ᠢᠶᠠᠷ ᠬᠤᠶᠢᠳᠦ ᠬᠢᠯᠢ ᠶᠢᠨ ᠵᠠᠭᠠᠭ ᠪᠤᠯᠬᠤ ᠬᠠᠯᠳᠠᠷ ᠤᠨ ᠬᠤᠰᠢᠭᠤ ᠬᠠᠪᠢ ᠪᠠᠷ ᠪᠠᠭᠤᠭᠰᠠᠨ ᠢᠶᠠᠨ ᠬᠦᠪᠡᠭᠦᠨ ᠡᠷᠬᠢᠮᠪᠠᠳᠤ ᠲᠠᠢ ᠪᠠᠨ ᠵᠦᠪᠳᠡᠯᠴᠡᠭᠡᠳ ᠪᠤᠴᠠᠵᠦ ᠨᠡᠭᠦᠭᠦ ᠪᠠᠷ ᠪᠤᠯᠵᠠᠢ᠃ ᠢᠩᠭᠢᠭᠡᠳ ᠪᠦᠭᠡᠨᠠᠷ ᠠᠶᠢᠮᠠᠭ ᠤᠨ ᠠᠶᠢᠯ ᠡᠷᠦᠭᠡ ᠤᠨ ᠲᠦᠷᠦᠭᠦᠴᠦᠳ ᠲᠤ ᠬᠡᠯᠡᠬᠦ ᠳᠡᠭᠡᠨ᠄ ︽ᠡᠬᠡ ᠨᠤᠲᠤᠭ ᠭᠡᠳᠡᠭ ᠡᠷᠳᠡᠨᠢ ᠶᠤᠮ᠃ ᠬᠦᠮᠦᠨ ᠤ ᠭᠠᠵᠠᠷ ᠤᠨ ᠲᠤᠰᠤ ᠶᠢ ᠤᠤᠭᠤᠬᠤ ᠪᠠᠷ ᠦᠪᠡᠷ ᠤᠨ ᠨᠤᠲᠤᠭ ᠡᠬᠡ ᠤᠷᠤᠨ ᠤ ᠪᠠᠨ ᠤᠰᠤ ᠶᠢ ᠨᠢ ᠤᠤᠭᠤᠭᠰᠠᠨ ᠨᠢ ᠲᠡᠭᠡᠷ᠎ᠡ ᠪᠠᠶᠢᠬᠤ︕ ᠨᠡᠭᠦᠵᠦ ᠶᠠᠪᠤᠬᠤ ᠲᠤᠷ᠎ᠠ ᠦᠭᠡᠢ ᠨᠢ ᠨᠠᠮᠠᠶᠢ ᠲᠠᠭᠠᠭᠠᠳ ᠪᠤᠴᠠ︾ ᠭᠡᠵᠦ ᠬᠡᠯᠡᠭᠡᠳ ᠮᠠᠰᠢ ᠤᠯᠠᠨ ᠠᠶᠢᠯ ᠡᠷᠦᠬᠡ ᠪᠠᠨ ᠲᠠᠭᠠᠭᠤᠯᠤᠨ ᠪᠤᠴᠠᠵᠦ ᠨᠡᠭᠦᠭᠰᠡᠨ ᠪᠠᠶᠢᠵᠠᠢ᠃ ᠡᠷᠬᠢᠮᠪᠠᠳᠤ ᠶᠢᠨ ᠲᠤᠷᠠᠰᠤᠮᠵᠢᠯᠠᠬᠤ ᠪᠠᠷ᠄ ︽ᠢᠩᠭᠢᠭᠡᠳ ᠮᠠᠨ ᠤ ᠬᠢᠨ ᠤᠷᠤᠨ ᠠᠴᠠ ᠪᠠᠨ ᠤᠭᠰᠢᠵᠦ᠂ ᠲᠡᠩᠰᠢᠵᠦ ᠲᠡᠷᠪᠡᠭᠰᠡᠨ ᠦᠭᠡᠢ ᠤᠤᠭᠠᠯ ᠨᠤᠲᠤᠭ ᠲᠠᠭᠠᠨ ᠲᠤᠷ᠎ᠠ ᠪᠠᠷ ᠢᠶᠠᠨ ᠠᠮᠢᠳᠤᠷᠠᠭᠰᠠᠨ ᠶᠤᠮ︾ ᠭᠡᠳᠡᠭ᠃ ᠲᠡᠭᠡᠬᠦ ᠳᠤ ᠡᠷᠬᠢᠮᠪᠠᠳᠤ ᠶᠢᠨ ᠲᠦᠷᠦᠭᠰᠡᠨ ᠠᠪᠤ ᠷᠠᠳᠨ᠎ᠠ ᠶᠢᠨ ᠬᠢᠨ ᠮᠤᠩᠭᠤᠯ ᠤᠯᠤᠰ ᠲᠤ ᠨᠡᠭᠦᠵᠦ ᠤᠷᠤᠭᠰᠠᠨ ᠴᠤ ᠲᠠᠭᠠᠵᠦ ᠶᠠᠪᠤᠭᠰᠠᠨ ᠦᠭᠡᠢ ᠰᠠᠶᠢᠬᠠᠨ ᠲᠤᠷᠠᠳᠬᠠᠯ ᠲᠠᠢ ᠪᠢᠯᠡ᠃      ᠲᠤᠬᠠᠢ ᠶᠢᠨ ᠦᠶ᠎ᠡ ᠡᠷᠬᠢᠮᠪᠠᠳᠤ ᠭᠤᠸᠠᠢ ᠪᠠᠷᠠᠭᠤᠨ ᠦᠵᠦᠮᠦᠴᠢᠨ ᠤ ᠠᠷᠪᠠᠨ ᠨᠢᠭᠡᠳᠦᠭᠡᠷ ᠰᠤᠮᠤ ᠶᠢᠨ ᠠᠵᠢᠯᠯᠠᠭᠴᠢ ᠪᠤᠯᠵᠦ᠂ ᠬᠤᠯᠠᠭᠠᠢ ᠲᠡᠭᠡᠷᠡᠮ ᠢ ᠠᠷᠢᠯᠭᠠᠬᠤ ᠲᠠᠶᠢᠨ ᠪᠠᠶᠢᠯᠳᠤᠭᠠᠨ ᠳᠤ ᠡᠷᠡᠯᠭᠡᠭᠯᠡᠨ ᠲᠡᠮᠡᠴᠡᠭᠰᠡᠨ ᠠᠷᠠᠳ ᠤᠨ ᠴᠢᠯᠦᠭᠡᠯᠡᠬᠦ ᠴᠡᠷᠢᠭ ᠲᠤ ᠤᠷᠢᠳ ᠬᠤᠵᠢᠳ ᠬᠤᠷᠢ ᠢᠯᠡᠭᠦᠤ ᠠᠭᠳᠠ ᠮᠤᠷᠢ ᠬᠦᠷᠭᠡᠵᠦ᠂ ᠠᠷᠪᠠᠨ ᠨᠢᠭᠡᠳᠦᠭᠡᠷ ᠳ᠋ᠢᠸᠢᠽᠢ ᠶᠢᠨ ᠲᠠᠷᠤᠭ᠎ᠠ ᠪᠠᠶᠢᠯᠳᠤᠭᠴᠢᠳ ᠲᠤ ᠮᠤᠩᠭᠤᠯ ᠲᠡᠪᠡᠯ ᠬᠤᠪᠴᠠᠰᠤ᠂ ᠲᠡᠮᠡᠭᠡ ᠪᠤᠶᠤ ᠠᠭᠳᠠ ᠠᠷᠪᠠ ᠭᠠᠷᠤᠢ ᠲᠤᠯᠤᠭᠠᠢ ᠪᠠᠷ ᠲᠤᠰᠠᠯᠠᠨ ᠬᠠᠪᠰᠤᠷᠴᠤ᠂ ᠪᠠᠶᠢᠯᠳᠤᠭᠠᠨ ᠤ ᠡᠭᠦᠷᠭᠡ ᠢᠶᠠᠨ ᠪᠡᠶᠡᠯᠡᠭᠦᠯᠬᠦ ᠳᠤ ᠰᠠᠨᠠᠭᠠᠴᠢᠯᠭ᠎ᠠ ᠲᠠᠢ ᠪᠠᠷ ᠨᠦᠬᠦᠴᠡᠯ ᠬᠠᠩᠭᠠᠳᠠᠭ ᠪᠠᠶᠢᠵᠠᠢ᠃ ᠵᠠᠷᠢᠮ ᠬᠦᠮᠦᠨ ᠡᠷᠬᠢᠮᠪᠠᠳᠤ ᠳᠤ᠄ ︽ᠡᠮᠦᠨ᠎ᠡ ᠠᠶᠢᠮᠠᠭ ᠬᠤᠰᠢᠭᠤᠳ ᠲᠤ ᠪᠠᠶᠠᠳ ᠨᠤᠶᠠᠳ ᠢ ᠲᠡᠮᠡᠴᠡᠵᠦ ᠬᠦᠷᠦᠩᠬᠡ ᠶᠢ ᠨᠢ ᠬᠤᠷᠢᠶᠠᠵᠦ ᠪᠠᠶᠢᠨ᠎ᠠ ᠭᠡᠨ᠎ᠡ᠂ ᠴᠢ ᠬᠤᠳᠤᠷᠢᠩᠭ᠎ᠠ ᠶᠢ ᠲᠠᠭᠠᠬᠤ ᠦᠭᠡᠢ ᠶᠠᠭᠤᠨ ᠳᠤ ᠪᠤᠴᠠᠵᠦ ᠢᠷᠡᠭᠰᠡᠨ ᠪᠤᠢ︖︾ ᠭᠡᠬᠦ ᠳᠤ᠄ ︽ᠠᠭᠤᠯᠠ ᠶᠢᠨ ᠲᠡᠭᠡᠷᠡᠮ ᠢ ᠲᠠᠭᠠᠬᠤ ᠪᠠᠷ ᠤᠯᠤᠰ ᠤᠨ ᠶᠤᠰᠤ ᠶᠢ ᠲᠠᠭᠠᠭᠰᠠᠨ ᠨᠢ ᠲᠡᠭᠡᠷ᠎ᠡ ᠪᠠᠶᠢᠯᠭᠦᠢ︾ ᠭᠡᠵᠦ ᠦᠬᠡ ᠴᠢᠭᠴᠢ ᠦᠵᠡᠯᠳᠡ ᠲᠤᠲᠤᠷᠬᠠᠢ ᠦᠨᠡᠨ ᠰᠠᠨᠠᠭ᠎ᠠ ᠪᠠᠨ ᠬᠡᠯᠡᠭᠰᠡᠨ ᠬᠡᠯᠡᠵᠡᠢ᠃      ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠨᠡᠶᠢᠭᠡᠮ ᠵᠢᠷᠤᠮᠳᠤ ᠦᠭᠡᠷᠡᠴᠢᠯᠡᠯᠳᠡ ᠳᠤ ᠤᠷᠤᠯᠴᠠᠨ᠂ 1951 ᠤᠨ ᠠᠴᠠ ᠰᠢᠯᠢ ᠶᠢᠨ ᠭᠤᠤᠯ ᠠᠶᠢᠮᠠᠭ ᠤᠨ ᠠᠷᠠᠳ ᠤᠨ ᠵᠦᠪᠯᠡᠯ ᠤᠨ ᠭᠡᠰᠢᠭᠦᠨ ᠤ ᠨᠡᠶᠢᠭᠡᠮ ᠤᠨ ᠲᠤᠰᠢᠶᠠᠯ ᠢ ᠬᠠᠷᠢᠭᠤᠴᠠᠵᠦ ᠪᠠᠶᠢᠬᠤ ᠬᠤᠭᠤᠴᠠᠭᠠᠨ ᠳᠤ ᠵᠡᠭᠦᠨ ᠬᠤᠯᠪᠤᠭᠠᠳᠤ ᠬᠤᠰᠢᠭᠤᠨ ᠤ 1953 ᠤᠨ ᠢᠶᠠᠷ ᠤᠩᠭᠤᠢ ᠳᠤ ᠪᠤᠯᠤᠭᠰᠠᠨ ᠠᠩᠬᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠤᠯᠤ ᠰᠤᠮᠤᠨ ᠤ ᠵᠢᠷᠭᠤᠭ᠎ᠠ ᠪᠠᠭ ᠤᠨ ᠮᠠᠯᠴᠢᠨ ᠲᠦᠮᠡᠨ ᠢᠶᠠᠨ ᠲᠦᠯᠦᠭᠡᠯᠡᠵᠦ ᠤᠷᠤᠯᠴᠠᠭᠰᠠᠨ ᠪᠠᠶᠢᠭ᠎ᠠ ᠶᠤᠮ᠃      1952 ᠤᠨ ᠳᠤ᠂ ᠡᠷᠬᠢᠮᠪᠠᠳᠦ᠂ ᠵᠡᠭᠦᠨ ᠬᠤᠯᠪᠤᠭᠠᠳᠤ ᠬᠤᠰᠢᠭᠤᠨ ᠤ ᠬᠠᠩᠭᠠᠨ ᠪᠤᠷᠤᠯᠠᠭᠤᠯᠬᠤ ᠬᠤᠷᠰᠢᠶ᠎ᠠ ᠠᠩᠬᠠᠯᠠᠨ ᠪᠠᠶᠢᠭᠤᠯᠤᠭᠳᠠᠬᠤ ᠦᠶ᠎ᠡ ᠳᠤ᠂ 6000 ᠮᠦᠩᠭᠦᠨ ᠵᠤᠭᠤᠰᠤᠨ ᠤ ᠶᠡᠬᠡᠡ ᠪᠠᠯᠠ ᠶᠢ ᠬᠠᠨᠳᠢᠪᠯᠠᠭᠰᠠᠨ ᠢᠶᠠᠷ ᠪᠤᠶᠢᠳᠡ ᠪᠦᠭᠯᠡᠭᠦᠤ ᠵᠠᠮ ᠨᠡᠪᠳᠡᠷᠡᠯᠭᠡ ᠲᠦᠬᠦᠮ ᠦᠭᠡᠢ ᠲᠠᠷᠬᠠᠢ ᠪᠤᠳᠠᠷᠬᠠᠢ ᠮᠠᠯᠵᠢᠬᠤ ᠤᠷᠤᠨ  ᠳᠤ ᠠᠷᠠᠯᠵᠢᠶ᠎ᠠ ᠬᠤᠳᠠᠯᠳᠤᠭ᠎ᠠ ᠶᠢ ᠬᠦᠭᠵᠢᠶᠡᠨ ᠲᠠᠢ ᠪᠤᠯᠵᠦ᠂ ᠠᠷᠠᠳ ᠮᠠᠯᠴᠢᠳ ᠤᠨ ᠠᠮᠢᠳᠤᠷᠠᠯ ᠤᠨ ᠪᠤᠳᠠᠰ ᠤᠨ ᠬᠡᠷᠡᠭᠴᠡᠭᠡ ᠶᠢ ᠬᠠᠩᠭᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠪᠠ᠃      1954 ᠤᠨ ᠳᠤ᠂ ᠦᠪᠦᠷ ᠮᠤᠩᠭᠤᠯ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠭᠰᠠᠨ ᠲᠤᠭᠤᠷᠢᠨ ᠰᠤᠷᠤᠯᠴᠠᠬᠤ ᠪᠦᠯᠬᠦᠮ ᠳᠤ ᠤᠷᠤᠯᠴᠠᠵᠦ᠂ ᠱᠧᠨᠶᠠᠩ᠂ ᠴᠠᠩᠴᠦᠨ᠂ ᠱᠠᠩᠬᠠᠢ᠂ ᠨᠠᠨᠵᠢᠩ᠂ ᠶᠠᠨ ᠠᠨ᠂ ᠪᠡᠭᠡᠵᠢᠩ ᠵᠡᠷᠭᠡ ᠠᠷᠪᠠ ᠭᠠᠷᠤᠢ ᠭᠠᠵᠠᠷ ᠲᠤ ᠬᠦᠷᠴᠦ ᠨᠢᠳᠦ ᠨᠡᠭᠡᠭᠡᠨ ᠤᠯᠤᠰ ᠤᠨ ᠬᠦᠭᠵᠢᠯᠳᠡ ᠶᠢ ᠰᠤᠨᠢᠷᠬᠠᠭᠰᠠᠨ ᠪᠦᠭᠡᠳ ᠲᠤᠰ ᠵᠢᠯ ᠤᠨ ᠠᠷᠪᠠᠨ ᠰᠠᠷ᠎ᠠ ᠶᠢᠨ ᠨᠢᠭᠡᠨ ᠤ ᠤᠯᠤᠰ ᠤᠨ ᠪᠠᠶᠠᠷ ᠢ ᠪᠡᠯᠭᠡᠯᠡᠬᠦ ᠶᠤᠰᠤᠯᠠᠯ ᠳᠤ ᠤᠷᠤᠯᠴᠠᠵᠦ ᠂ ᠮᠠᠤ ᠽᠧ ᠳ᠋ᠦᠩ ᠲᠡᠷᠢᠭᠦᠯᠡᠭᠴᠢ ᠶᠢᠨ ᠶᠠᠷᠢᠶ᠎ᠠ ᠶᠢ ᠰᠤᠨᠤᠰᠴᠤ᠂ ᠲᠢᠶᠠᠨ ᠠᠨ ᠮᠧᠨ ᠠᠰᠠᠷ ᠲᠡᠭᠡᠷ᠎ᠡ ᠭᠠᠷᠴᠤ ᠨᠠᠮ ᠲᠦᠷᠦ ᠶᠢᠨ ᠤᠳᠤᠷᠢᠳᠤᠭᠴᠢᠳ ᠤᠨ ᠠᠭᠤᠯᠵᠠᠯᠳᠠ ᠶᠢ ᠬᠦᠯᠢᠶᠡᠵᠦ᠂ ᠬᠠᠮᠳᠤ ᠰᠡᠭᠦᠳᠡᠷ ᠲᠠᠳᠠᠭᠤᠯᠵᠦ ᠦᠯᠡᠳᠡᠭᠡᠭᠰᠡᠨ  ᠨᠢ ᠲᠡᠭᠦᠨ ᠳᠤ ᠡᠬᠡ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠦᠷᠢᠶᠡᠯᠡᠬᠦ ᠤᠬᠠᠮᠰᠠᠷ ᠢ ᠲᠡᠭᠡᠭᠰᠢᠯᠡᠭᠦᠯᠵᠦ᠂ ᠨᠡᠶᠢᠭᠡᠮ ᠠᠷᠠᠳ ᠲᠦᠮᠡᠨ ᠳᠤ ᠦᠢᠯᠡᠴᠢᠯᠡᠬᠦ ᠢᠳᠡᠪᠬᠢᠵᠢᠯ ᠢ ᠨᠢ ᠤᠯᠠᠮ ᠪᠠᠳᠠᠷᠠᠭᠤᠯᠤᠭᠰᠠᠨ ᠶᠤᠮ ᠃ ᠡᠷᠬᠢᠮᠪᠠᠳᠤ ᠶᠢᠨ ᠴᠢᠯᠦᠭᠡᠯᠡᠬᠦ ᠲᠠᠶᠢᠨ ᠢ ᠲᠡᠮᠵᠢᠭᠰᠡᠨ᠂ ᠠᠮᠧᠷᠢᠺᠠ ᠶᠢ ᠡᠰᠡᠷᠭᠦᠴᠡᠨ ᠰᠤᠯᠤᠩᠭᠤᠰ ᠢ ᠲᠤᠰᠠᠯᠠᠬᠤ ᠳᠠᠶᠢᠨ ᠳᠤ  ᠶᠡᠭᠡ ᠲᠤᠰᠠᠯᠠᠮᠵᠢ ᠦᠭᠭᠦᠭᠰᠡᠨ ᠦᠢᠯᠡ ᠠᠵᠢᠯᠯᠠᠭ᠎ᠠ ᠨᠢ ᠲᠦᠪ ᠠᠴᠠ ᠦᠨᠳᠦᠷ ᠦᠨᠡᠯᠡᠭᠰᠡᠨ ᠢᠶᠠᠨ 1955 ᠤᠨ ᠤ ᠪᠦᠬᠦ ᠤᠯᠤᠰ ᠤᠨ ᠪᠠᠭᠠᠳᠤᠷᠴᠦᠳ ᠤᠨ ᠶᠡᠭᠡ ᠬᠤᠷᠠᠯ ᠲᠡᠭᠡᠷ᠎ᠡ ︽ᠬᠦᠳᠡᠯᠮᠦᠷᠢ ᠶᠢᠨ ᠪᠠᠭᠠᠳᠤᠷ︾  ᠢᠶᠠᠷ ᠰᠠᠶᠢᠰᠢᠶᠠᠨ ᠠᠯᠳᠠᠨ ᠮᠧᠲ᠋ᠠᠯ ᠢᠶᠠᠷ ᠭᠦᠬᠢᠭᠦᠯᠦᠭᠳᠡᠪᠡ᠃      1956 ᠤᠨ ᠳᠤ ᠡᠬᠡᠪᠤᠯᠠᠭ ᠤᠯᠤᠰ ᠬᠤᠪᠢ ᠬᠤᠷᠰᠢᠭᠰᠠᠨ ᠮᠠᠯᠵᠢᠯ ᠤᠨ ᠲᠠᠯᠠᠪᠠᠢ ᠶᠢ ᠡᠭᠦᠰᠭᠡᠨ ᠪᠠᠶᠢᠭᠤᠯᠤᠨ ᠲᠠᠷᠤᠭᠠᠯᠠᠵᠦ᠂ ᠦᠵᠦᠮᠦᠴᠢᠨ ᠤ ᠦᠵᠦᠭᠦᠷ ᠪᠠᠶᠠᠨ ᠤ ᠬᠤᠪᠢ ᠪᠠᠷ ᠪᠤᠳᠠ ᠪᠤᠭ ᠭᠤᠤᠯᠯᠠᠭᠰᠠᠨ ᠲᠦᠮᠡ ᠭᠠᠷᠤᠢ ᠮᠠᠯ ᠤᠨ ᠬᠦᠷᠦᠩᠭᠡ ᠪᠠᠷ ᠬᠠᠮᠳᠤ ᠨᠠᠶᠢᠳᠠ ᠳᠤ ᠪᠡᠯᠡ ᠤᠷᠤᠭᠤᠯᠤᠯᠳᠠ ᠬᠢᠭᠰᠡᠨ ᠪᠠᠶᠢᠳᠠᠭ᠃ ᠦᠪᠡᠷᠳᠡᠭᠡᠨ ᠵᠦᠪᠬᠡᠨ ᠰᠠᠭᠤᠬᠤ ᠠᠴᠠ ᠮᠤᠩᠭᠤᠯ ᠭᠡᠷ᠂ ᠤᠨᠤᠬᠤ ᠠᠴᠠ ᠴᠢᠳᠤᠷ ᠤᠨ ᠮᠤᠷᠢ᠂ ᠠᠮᠢᠳᠤᠷᠠᠯ ᠳᠠᠭᠠᠨ ᠲᠠᠪᠢᠭᠠᠳ ᠲᠤᠯᠤᠭᠠᠢ ᠬᠤᠨᠢ ᠠᠪᠴᠤ ᠬᠤᠴᠤᠷᠠᠯ᠎ᠠ ᠭᠡᠳᠡᠭ᠃ ᠡᠨᠡ ᠨᠢ ᠦᠪᠦᠷ ᠮᠤᠩᠭᠤᠯ ᠤᠷᠤᠨ ᠤ ᠬᠠᠮᠤᠭ ᠠᠩᠬᠠᠨ ᠤ ᠤᠯᠤᠰ ᠬᠤᠪᠢ ᠶᠢᠨ ᠬᠤᠷᠰᠢᠭᠰᠠᠨ ᠮᠠᠯᠵᠢᠯ ᠤᠨ ᠲᠠᠯᠠᠪᠠᠢ ᠪᠤᠯᠤᠭᠰᠠᠨ ᠪᠠᠶᠢᠨ᠎ᠠ᠃ ᠲᠤᠰ ᠦᠢᠯᠡ ᠶᠠᠪᠤᠳᠠᠯ ᠢ ᠨᠠᠮ  ᠤᠨ ᠲᠦᠪ ᠬᠤᠷᠢᠶ᠎ᠠ ᠠᠴᠠ ᠬᠦᠨᠳᠦᠳᠭᠡᠨ ᠦᠵᠡᠵᠦ᠂ ᠮᠠᠤ ᠽᠧ ᠳ᠋ᠦᠩ᠂ ᠯᠢᠤ ᠱᠤᠤ ᠴᠢ᠂ ᠵᠤ᠋ ᠳ᠋ᠧ ᠵᠡᠷᠭᠡ ᠨᠠᠮ ᠲᠦᠷᠦ ᠶᠢᠨ ᠤᠳᠤᠷᠢᠳᠤᠭᠴᠢᠳ ᠴᠠᠬᠢᠯᠭᠠᠨ ᠢᠷᠡᠭᠦᠯᠵᠦ ᠪᠠᠶᠠᠷ ᠬᠦᠷᠭᠡᠭᠰᠡᠨ ᠤ ᠬᠠᠮᠳᠤ ᠡᠷᠬᠢᠮᠪᠠᠳᠤ ᠶᠢ ︽ᠦᠭᠡᠶᠢᠭᠦᠤ ᠠᠩᠬᠢ ᠶᠢᠨ ᠭᠠᠪᠰᠢᠭᠠᠶᠢᠯᠠᠭᠴᠢ︾ ᠭᠡᠵᠦ ᠦᠨᠳᠦᠷ ᠦᠨᠡᠯᠡᠵᠡᠢ᠃ ᠲᠡᠷᠡ᠂ ᠮᠠᠤ ᠽᠧ ᠳ᠋ᠦᠩ᠂ ᠯᠢᠤ ᠱᠤᠤ ᠴᠢ ᠵᠡᠷᠭᠡ ᠨᠠᠮ ᠲᠦᠷᠦ ᠶᠢᠨ ᠤᠳᠤᠷᠢᠳᠤᠭᠴᠢᠳ ᠲᠠᠢ ᠤᠯᠠᠨᠳᠠ ᠠᠭᠤᠯᠵᠠᠨ ᠦᠩᠭᠡᠷᠡᠭᠰᠡᠨ ᠪᠦᠭᠡᠳ ᠤᠯᠠᠭᠠᠠᠬᠦᠤ ᠲᠡᠷᠢᠭᠦᠯᠡᠭᠴᠢ ᠶᠢᠨ ᠬᠠᠮᠳᠤ ᠦᠪᠦᠷ ᠮᠤᠩᠭᠤᠯ ᠤᠷᠤᠨ ᠢᠶᠠᠨ ᠲᠦᠯᠦᠭᠡᠯᠡᠵᠦ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠭᠰᠠᠨ ᠠᠩᠬᠠᠨ ᠤ ᠮᠠᠯᠴᠢᠨ ᠲᠦᠯᠦᠭᠡᠯᠡᠭᠴᠢ ᠶᠢᠨ ᠨᠢᠭᠡ ᠨᠢ ᠪᠤᠯᠤᠭᠰᠠᠨ ᠰᠠᠶᠢᠬᠠᠨ ᠲᠤᠷᠠᠳᠬᠠᠯ ᠲᠠᠢ ᠪᠢᠯᠡ᠃ 1956 ᠤᠨ ᠠᠴᠠ ᠰᠢᠯᠢ ᠶᠢᠨ ᠭᠤᠤᠯ ᠠᠶᠢᠮᠠᠭ ᠤᠨ ᠵᠠᠰᠠᠭ ᠤᠨ ᠤᠷᠳᠤᠨ ᠤ ᠭᠡᠰᠢᠭᠦᠨ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠨ᠂ ᠦᠪᠦᠷ ᠮᠤᠩᠭᠤᠯ ᠤᠨ ᠠᠷᠠᠳ ᠤᠨ ᠲᠦᠯᠦᠭᠡᠯᠡᠭᠴᠢ ᠵᠡᠷᠭᠡ ᠨᠠᠶᠢᠭᠡᠮ ᠤᠨ ᠴᠢᠬᠤᠯᠠ ᠪᠦᠬᠦᠢ ᠡᠭᠦᠷᠭᠡ ᠲᠤᠰᠢᠶᠠᠯ ᠢ 1963 ᠤᠨ ᠪᠤᠯᠳᠠᠯ᠎ᠠ ᠬᠠᠪᠰᠤᠷᠭᠠᠨ ᠬᠠᠷᠢᠭᠤᠴᠠᠵᠦ᠂ ᠬᠦᠬᠡᠬᠤᠳᠠ ᠳᠤ ᠪᠤᠯᠤᠭᠰᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠢᠷᠠᠭᠤ ᠠᠯᠳᠠᠷᠳᠠᠢ ᠪᠠᠷ ᠤᠷᠤᠯᠴᠠᠭᠰᠠᠨ ᠶᠤᠮᠰᠠᠨ᠃      1958 ᠤᠨ ᠤ ᠵᠤᠨ᠂ ᠯᠠᠮᠠ ᠬᠦᠷᠢᠶ᠎ᠡ ᠳᠤ ᠪᠤᠯᠤᠭᠰᠠᠨ ᠵᠡᠭᠦᠨ ᠦᠵᠦᠮᠦᠴᠢᠨ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠡᠬᠡᠪᠤᠯᠠᠭ ᠮᠠᠯᠵᠢᠯ ᠤᠨ ᠲᠠᠯᠠᠪᠠᠢ ᠶᠢᠨ ᠮᠠᠯᠴᠢᠨ ᠲᠦᠮᠡᠨ ᠢᠶᠠᠨ ᠲᠦᠯᠦᠭᠡᠯᠡᠨ ᠤᠷᠤᠯᠴᠠᠭᠰᠠᠨ ᠪᠦᠭᠡᠳ ᠬᠤᠰᠢᠭᠤᠨ ᠤ ᠬᠤᠷᠰᠢᠭᠰᠠᠨ ᠨᠢᠭᠡᠳᠦᠯ  ᠤᠨ ᠬᠠᠮᠢᠶᠠᠷᠤᠯᠳᠠ ᠶᠢᠨ ᠵᠦᠪᠯᠡᠯ ᠤᠨ ᠭᠡᠰᠢᠭᠦᠨ ᠢᠶᠠᠷ ᠰᠤᠩᠭᠤᠭᠳᠠᠭᠰᠠᠨ ᠶᠤᠮ᠃1960 ᠤᠨ ᠤ ᠵᠡᠭᠦᠨ ᠦᠵᠦᠮᠦᠴᠢᠨ ᠬᠤᠰᠢᠭᠤᠨ ᠤ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢ ᠪᠠᠷ ᠰᠤᠩᠭᠤᠭᠳᠠᠨ ᠤᠷᠤᠯᠴᠠᠵᠠᠢ᠃ 1963 ᠤᠨ ᠳᠤ᠂ ᠵᠡᠭᠦᠨ ᠦᠵᠦᠮᠦᠴᠢᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠨ᠂ ᠲᠤᠰ ᠬᠤᠷᠠᠯ ᠢᠶᠠᠷ ᠶᠡᠭᠡ ᠬᠤᠷᠠᠯ ᠤᠨ ᠪᠠᠶᠢᠩᠭᠤ ᠶᠢᠨ ᠭᠡᠰᠢᠭᠦᠨ ᠪᠤᠯᠤᠭᠰᠠᠨ ᠪᠠᠶᠢᠨ᠎ᠠ᠃      1964 ᠤᠨ ᠳᠤ᠂ ᠡᠷᠬᠢᠮᠪᠠᠳᠤ ᠭᠤᠸᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠭᠤᠴᠠᠭᠠᠨ ᠤ ᠲᠦᠯᠦᠭᠡᠯᠡᠭᠴᠢ ᠪᠠᠷ ᠰᠤᠩᠭᠤᠭᠳᠠᠭᠰᠠᠨ ᠤ ᠬᠠᠮᠳᠤ ᠪᠦᠬᠦ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠲᠦᠷᠪᠡᠳᠦᠭᠡᠷ ᠬᠤᠭᠤᠴᠠᠭᠠᠨ ᠤ ᠵᠦᠪᠯᠡᠯᠭᠡᠨ ᠤ ᠭᠡᠰᠢᠭᠦᠨ ᠪᠤᠯᠵᠦ᠂ ᠦᠪᠦᠷ ᠮᠤᠩᠭᠤᠯ ᠤᠷᠤᠨ ᠢᠶᠠᠨ ᠲᠦᠯᠦᠭᠡᠯᠡᠵᠦ ᠨᠡᠶᠢᠰᠯᠡᠯ ᠪᠡᠭᠡᠵᠢᠩ ᠳᠤ ᠬᠦᠷᠴᠦ᠂ ᠶᠡᠭᠡ ᠬᠤᠷᠠᠯ ᠳᠤ ᠤᠷᠤᠯᠴᠠᠵᠦ ᠂ ᠲᠦᠷᠦ ᠶᠢᠨ ᠶᠡᠭᠡ ᠶᠠᠪᠤᠳᠠᠯ ᠢ ᠵᠦᠪᠯᠡᠬᠦ ᠳᠡᠭᠡᠨ ᠲᠦᠴᠢᠨ ᠭᠤᠷᠪᠠᠨ ᠨᠠᠰᠤᠨ ᠤ ᠢᠷᠮᠡᠭᠦᠨ ᠴᠠᠭ ᠪᠠᠶᠢᠵᠦ ᠪᠢᠯᠡ᠃                 ᠬᠤᠶᠠᠷ  ᠠᠭᠰᠢᠷᠠᠭ᠎ᠠ ᠨᠠᠰᠤᠨ ᠤ ᠡᠷᠬᠢᠮᠪᠠᠳᠤ      1966 ᠤᠨ ᠳᠤ᠂ ︽ᠰᠤᠶᠤᠯ ᠤᠨ ᠬᠤᠪᠢᠰᠬᠠᠯ ᠤᠨ ᠰᠠᠮᠠᠭᠤᠷᠠᠯ︾ ᠤᠨ ᠲᠤᠮᠳᠠ᠂ ᠲᠡᠷᠡ ᠪᠠᠷ ︽ᠯᠢᠤ ᠱᠤᠤ ᠴᠢ᠂ ᠤᠯᠠᠭᠠᠠᠭᠦᠤ ᠶᠢᠨ ᠬᠠᠷ᠎ᠠ ᠪᠦᠯᠦᠭᠳᠡᠨ︾᠂ ︽ᠬᠦᠷᠦᠩᠭᠡᠳᠦ ᠶᠤᠰᠤᠨ ᠤ ᠵᠠᠮ ᠢᠶᠠᠷ ᠶᠠᠪᠤᠭᠴᠢ︾  ᠂ ︽ᠮᠠᠯ ᠤᠨ ᠡᠵᠡᠨ︾  ᠂ ︽ᠤᠯᠤᠰ ᠠᠴᠠ ᠤᠷᠪᠠᠭᠴᠢ︾ ᠵᠡᠷᠭᠡ ᠤᠯᠠᠨ ᠬᠡᠷᠡᠭ ᠲᠤ ᠲᠤᠯᠭᠠᠭᠳᠠᠵᠦ᠂ ᠬᠢᠯᠢᠰ ᠭᠦᠵᠢᠷ ᠬᠡᠷᠡᠭ ᠲᠤ ᠬᠤᠯᠪᠤᠭᠳᠠᠨ᠂ ᠬᠠᠯᠠ ᠵᠤᠪᠠᠯᠠᠩ ᠢ ᠬᠠᠰᠢᠷᠠᠳᠠᠯ᠎ᠠ ᠠᠮᠰᠠᠵᠠᠢ᠃ ᠲᠠᠯᠠᠭᠠᠳ ᠤᠨ ᠤ ᠲᠤᠮᠳᠠᠴᠢ ᠪᠠᠷ ᠤᠷᠤᠨ ᠠᠶᠢᠮᠠᠭ ᠬᠤᠰᠢᠭᠤᠨ ᠠᠴᠠ ᠬᠢᠯᠢᠰ ᠬᠦᠵᠢᠷ ᠭᠡᠷᠡᠭ ᠢ ᠨᠢ ᠴᠠᠭᠠᠳᠬᠠᠨ ᠦᠭᠴᠦ᠂ 1974 ᠤᠨ ᠳᠤ ᠡᠬᠡᠪᠤᠯᠠᠭ ᠲᠠᠯᠠᠪᠠᠢ ᠶᠢᠨ ᠬᠤᠪᠢᠰᠬᠠᠯ ᠤᠨ ᠵᠦᠪᠯᠡᠯ ᠤᠨ ᠲᠡᠳ᠋ ᠡᠷᠬᠢᠯᠡᠭᠴᠢ ᠶᠢᠨ ᠲᠤᠰᠢᠶᠠᠯ ᠬᠠᠷᠢᠭᠤᠴᠠᠭᠤᠯᠤᠭᠰᠠᠨ ᠪᠤᠯᠪᠠᠴᠤ ᠲᠡᠭᠦᠨ ᠤ ᠬᠤᠪᠢᠰᠬᠠᠯᠳᠤ ᠵᠤᠷᠢᠭ ᠰᠠᠨᠠᠭ᠎ᠠ ᠨᠢ ᠦᠴᠦᠬᠡᠨ ᠴᠤ ᠮᠢᠳᠡᠷᠠᠭᠰᠠᠨ ᠦᠭᠡᠢ ᠪᠠᠷ ᠡᠬᠡ ᠤᠷᠤᠨ ᠠᠷᠠᠳ ᠲᠦᠮᠡᠨ ᠳᠡᠭᠡᠨ ᠦᠨᠡᠨᠴᠢ ᠪᠠᠷ ᠵᠢᠳᠬᠦᠬᠦ ᠠᠷᠠᠯ ᠤᠨ ᠱᠠᠷ ᠨᠢ ᠪᠤᠯᠵᠦ᠂ ᠮᠠᠯᠴᠢᠨ ᠲᠦᠮᠡᠨ ᠢᠶᠠᠨ ᠲᠠᠭᠠᠭᠤᠯᠤᠨ᠂ ᠮᠠᠯᠵᠢᠬᠤ ᠦᠢᠯᠡᠳᠪᠦᠷᠢᠯᠡᠯ ᠤᠨ ᠹᠷᠤᠨᠲ ᠲᠡᠭᠡᠷ᠎ᠡ ᠦᠷᠭᠦᠯᠵᠢᠯᠠᠨ ᠰᠢᠷᠭᠠᠭᠤ ᠬᠠᠳᠠᠭᠤᠵᠢᠯᠳᠠᠢ ᠠᠵᠢᠯᠯᠠᠭᠰᠠᠨ ᠶᠤᠮ᠃      ᠲᠠᠪᠢᠨ ᠵᠢᠷᠭᠤᠭᠠᠨ ᠵᠢᠯ ᠤᠨ ᠨᠠᠷᠠ ᠰᠠᠯᠬᠢ ᠶᠢ ᠲᠤᠭᠤᠯᠤᠭᠰᠠᠨ ᠰᠠᠨᠴᠢᠭ ᠪᠤᠭᠤᠷᠤᠯ ᠡᠷᠬᠢᠮᠪᠠᠳᠤ ᠭᠤᠸᠠᠢ 1978 ᠤᠨ ᠳᠤ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠲᠠᠪᠤᠳᠤᠭᠠᠷ ᠬᠤᠭᠤᠴᠠᠭᠠᠨ ᠤ ᠵᠦᠪᠯᠡᠯᠭᠡᠨ ᠤ ᠭᠡᠰᠢᠭᠦᠨ ᠢᠶᠠᠷ ᠢᠷᠠᠭᠤ ᠠᠯᠳᠠᠷᠳᠠᠢ ᠪᠠᠷ ᠰᠤᠩᠭᠤᠭᠳᠠᠨ ᠲᠡᠬᠢᠨᠳᠡ ᠨᠡᠶᠢᠰᠯᠠᠯ ᠪᠡᠭᠡᠵᠢᠩ ᠳᠤ ᠬᠦᠷᠴᠦ ᠶᠡᠭᠡ ᠬᠤᠷᠠᠯ ᠳᠤ ᠤᠷᠤᠯᠴᠠᠵᠠᠢ᠃ ᠠᠷᠠᠳ ᠤᠨ ᠶᠡᠭᠡ ᠬᠤᠷᠠᠯ ᠤᠨ ᠲᠢᠩᠭᠢᠮ ᠳᠤ ᠬᠤᠸᠠ ᠭᠦᠸᠧ ᠹᠧᠩ᠂ ᠶᠧ ᠵᠢᠶᠠᠨ ᠢᠩ᠂ ᠳ᠋ᠧᠩ ᠰᠢᠶᠤᠤ ᠫᠢᠩ᠂ ᠯᠢ ᠰᠢᠶᠠᠨ ᠨᠢᠶᠠᠨ ᠵᠡᠷᠭᠡ ᠨᠠᠮ ᠲᠦᠷᠦ ᠶᠢᠨ ᠤᠳᠤᠷᠢᠳᠤᠭᠴᠢᠳ ᠲᠠᠢ ᠨᠢᠭᠤᠷ ᠵᠤᠯᠭᠠᠭᠰᠠᠨ ᠶᠠᠪᠤᠳᠠᠯ ᠨᠢ ᠵᠤᠯ ᠵᠢᠷᠭᠠᠯᠳᠤ ᠤᠴᠠᠷᠠᠯ ᠪᠤᠯᠤᠨ ᠰᠡᠶᠢᠯᠦᠭᠳᠡᠵᠡᠢ᠃ ᠡᠷᠬᠢᠮᠪᠠᠳᠤ ᠭᠤᠸᠠᠢ ᠶᠢᠨ 1980 ᠤᠨ ᠤ 8 ᠰᠠᠷ᠎ᠠ ᠳᠤ ᠤᠯᠤᠰ ᠲᠦᠷᠦ ᠶᠢᠨ ᠵᠦᠪᠯᠡᠯᠭᠡᠨ ᠤ ᠲᠠᠪᠤᠳᠤᠭᠠᠷ ᠬᠤᠭᠤᠴᠠᠭᠠᠨ ᠤ ᠵᠦᠪᠯᠡᠯᠭᠡᠨ ᠤ ᠭᠤᠷᠪᠠᠳᠤᠭᠠᠷ ᠤᠳᠠᠭᠠᠨ ᠤ ᠬᠤᠷᠠᠯ ᠨᠢ ᠨᠠᠮ ᠲᠦᠷᠦ ᠶᠢᠨ ᠤᠳᠤᠷᠢᠳᠤᠭᠴᠢᠳ ᠤᠷᠤᠯᠴᠠᠭᠰᠠᠨ ᠲᠠᠪᠤᠨ ᠤᠳᠠᠭ᠎ᠠ ᠶᠢᠨ ᠪᠠᠭ᠎ᠠ ᠬᠤᠷᠠᠯ ᠢᠶᠠᠷ ᠲᠦᠷᠦ ᠶᠢᠨ ᠶᠠᠪᠤᠳᠠᠯ ᠵᠦᠪᠯᠡᠵᠡᠢ᠃ ᠬᠤᠷᠠᠯ ᠤᠨ ᠲᠠᠷᠠᠭ᠎ᠠ᠂ ᠪᠦᠬᠦ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠲᠦᠪ ᠤᠨ ᠨᠢᠭᠡᠳᠦᠮᠡᠯ ᠹᠷᠤᠨᠲ ᠤᠨ ᠭᠡᠯᠳᠡᠰ ᠠᠴᠠ ᠪᠡᠭᠡᠵᠢᠩ ᠤᠨ ᠵᠤᠴᠢᠳ ᠤᠨ ᠪᠠᠭᠤᠳᠠᠯ ᠤᠨ ᠲᠠᠶᠢᠯᠠᠯᠭ᠎ᠠ ᠶᠢᠨ ᠲᠢᠩᠬᠢᠮ ᠳᠤ ᠴᠠᠶᠢᠯᠠᠯᠭ᠎ᠠ ᠪᠠᠵᠠᠭᠠᠨ ᠴᠦᠭᠡᠨ ᠲᠤᠭᠠᠳᠤ ᠦᠨᠳᠦᠰᠦᠳᠡᠨ ᠤ ᠵᠦᠪᠯᠡᠯᠬᠡᠨ ᠤ ᠭᠡᠰᠢᠭᠦᠳ ᠢ ᠲᠤᠰᠬᠠᠢ ᠵᠤᠴᠢᠯᠠᠭᠰᠠᠨ ᠪᠠᠶᠢᠨ᠎ᠠ᠃      1981 ᠤᠨ ᠳᠤ᠂ ᠵᠡᠭᠦᠨ ᠦᠵᠦᠮᠦᠴᠢᠨ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠨᠡᠷ᠎ᠡ ᠬᠦᠨᠳᠦᠳᠡᠢ ᠪᠠᠷ ᠤᠷᠤᠯᠴᠠᠭᠰᠠᠨ ᠪᠦᠭᠡᠳ ᠶᠡᠭᠡ ᠬᠤᠷᠠᠯ ᠤᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠪᠠᠷ ᠰᠤᠩᠭᠤᠭᠳᠠᠨ ᠠᠵᠢᠯ ᠬᠠᠷᠢᠭᠤᠴᠠᠭᠰᠠᠨ ᠶᠤᠮ᠃             ᠭᠤᠷᠪᠠ  ᠰᠤᠷᠭᠠᠨ ᠬᠦᠮᠦᠵᠢᠯ ᠳᠤ ᠬᠠᠶᠢᠷ᠎ᠠ ᠪᠠᠨ ᠰᠢᠩᠭᠡᠭᠰᠡᠨ ᠡᠷᠬᠢᠮᠪᠠᠳᠤ      ᠡᠷᠬᠢᠮᠪᠠᠳᠦ ᠭᠤᠸᠠᠢ ᠪᠤᠯ ᠬᠤᠶᠢᠴᠢ ᠦᠶ᠎ᠡ ᠶᠢᠨ ᠬᠢᠨ ᠤ ᠰᠤᠶᠤᠯ ᠮᠡᠳᠡᠯᠭᠡ ᠡᠵᠡᠮᠰᠢᠬᠦ ᠶᠢ ᠲᠤᠩ ᠶᠡᠭᠡ ᠠᠩᠬᠠᠷᠴᠦ᠂ ᠲᠡᠳᠡᠨ ᠤ ᠦᠰᠦᠨ ᠪᠤᠶᠢᠵᠢᠯᠳᠡ ᠳᠤ ᠮᠠᠰᠢ ᠶᠡᠭᠡ ᠰᠡᠳᠭᠢᠯ ᠲᠠᠯᠪᠢᠨ᠂ ᠬᠡᠤᠬᠡᠳ ᠪᠠᠭᠠᠴᠦᠳ ᠤᠨ ᠰᠤᠷᠤᠯᠴᠠᠬᠤ ᠨᠦᠬᠦᠴᠡᠯ ᠢ ᠰᠠᠶᠢᠵᠢᠷᠠᠭᠤᠯᠬᠤ ᠳᠤ ᠴᠢᠬᠤᠯᠠ ᠪᠦᠬᠦᠢ ᠬᠤᠪᠢ ᠨᠡᠮᠡᠭᠦᠷᠢ ᠪᠠᠨ ᠦᠵᠡᠭᠦᠯᠵᠦ᠂ ᠰᠤᠷᠭᠠᠨ ᠬᠦᠮᠦᠵᠢᠯ ᠤᠨ ᠠᠵᠢᠯ ᠳᠤ ᠶᠡᠬᠡᠪᠡᠷ ᠲᠤᠰᠠᠯᠠᠨ ᠲᠡᠮᠵᠢᠵᠦ ᠢᠷᠡᠭᠰᠡᠨ ᠠᠬᠠᠮᠠᠳ ᠦᠶ᠎ᠡ ᠶᠢᠨ ᠬᠢᠨ ᠪᠤᠯᠤᠨ᠎ᠠ᠃      ᠠᠯᠢ ᠡᠷᠳᠡ 1958 ᠤᠨ ᠳᠤ᠂ ᠡᠵᠢᠨᠠᠭᠤᠷ ᠪᠠᠭ᠎ᠠ ᠰᠤᠷᠭᠠᠭᠤᠯᠢ ᠶᠢ ᠪᠠᠶᠢᠭᠤᠯᠬᠤ ᠳᠤ ᠦᠪᠴᠢ ᠪᠦᠷᠢᠶᠡᠰᠤᠳᠠᠢ ᠲᠤᠮᠤ ᠮᠤᠩᠭᠤᠯ ᠭᠡᠷ ᠢᠶᠠᠨ ᠬᠦᠷᠭᠡᠨ ᠦᠭᠴᠦ᠂ ᠬᠢᠴᠢᠶᠡᠯ ᠤᠨ ᠭᠡᠷ ᠤᠨ ᠠᠰᠠᠭᠤᠳᠠᠯ ᠢ ᠨᠢ ᠰᠡᠢᠳᠪᠤᠷᠢᠯᠡᠵᠦ ᠦᠭᠴᠠᠢ᠂ ᠮᠦᠨ ᠵᠢᠯ᠂ ᠡᠷᠬᠢᠮᠪᠠᠳᠤ ᠡᠬᠡᠪᠤᠯᠠᠭ ᠲᠠᠯᠠᠪᠠᠢ ᠶᠢᠨ ᠲᠠᠷᠤᠭ᠎ᠠ ᠪᠠᠶᠢᠬᠤ ᠳᠠᠭᠠᠨ ᠪᠠᠷᠠᠭᠤᠨ ᠦᠵᠦᠮᠦᠴᠢᠨ ᠬᠤᠰᠢᠭᠤᠨ ᠠᠴᠠ ᠷᠤᠯᠮ᠎ᠠ ᠭᠡᠳᠡᠭ ᠪᠠᠭᠰᠢ ᠶᠢ ᠵᠠᠯᠠᠵᠦ ᠠᠪᠴᠢᠷᠠᠨ ᠮᠤᠩᠭᠤᠯ ᠭᠡᠷ ᠤᠨ ᠰᠤᠷᠭᠠᠭᠤᠯᠢ ᠪᠠᠶᠢᠭᠤᠯᠵᠦ᠂ ᠮᠠᠯᠴᠢᠳ ᠤᠨ ᠦᠷ᠎ᠡ ᠬᠡᠤᠬᠡᠳ ᠲᠤ ᠪᠢᠴᠢᠭ ᠰᠤᠶᠤᠯ ᠡᠵᠡᠮᠰᠢᠭᠦᠯᠬᠦ ᠪᠠᠷ ᠤᠢ ᠤᠬᠠᠭᠠᠨ ᠢᠶᠠᠨ ᠰᠢᠪᠬᠠᠵᠦ ᠶᠠᠪᠤᠭᠰᠠᠨ ᠶᠤᠮ᠃ ᠲᠡᠷᠡ ᠦᠷᠭᠦᠯᠵᠢ᠄ ︽ᠰᠤᠶᠤᠯ ᠦᠭᠡᠢ ᠪᠤᠯ ᠮᠤᠩᠬᠠᠭ᠂ ᠰᠤᠷᠳᠠᠯ ᠦᠭᠡᠢ ᠪᠤᠯ ᠲᠠᠩᠬᠠᠢ ᠪᠤᠯᠳᠠᠭ᠃ ᠬᠤᠵᠢᠮ ᠨᠡᠶᠢᠭᠡᠮ ᠬᠦᠭᠵᠢᠬᠦ ᠲᠤᠲᠤᠮ ᠪᠢᠴᠢᠭ ᠰᠤᠶᠤᠯ ᠱᠠᠭᠠᠷᠳᠠᠭᠳᠠᠬᠤ ᠶᠤᠮ᠂ ᠪᠠᠯᠴᠢᠷ ᠪᠠᠭ᠎ᠠ ᠠᠴᠠ ᠪᠠᠨ ᠨᠤᠮ ᠪᠢᠴᠢᠭ ᠰᠤᠷᠬᠤ ᠪᠤᠯ ᠰᠤᠶᠤᠯ ᠡᠷᠳᠡᠮ ᠲᠠᠢ ᠰᠠᠶᠢᠨ ᠬᠦᠮᠦᠨ ᠪᠤᠯᠬᠤ ᠶᠢᠨ ᠡᠬᠢᠯᠡᠯᠳᠡ ᠶᠤᠮ ᠰᠢᠤ︾ ᠭᠡᠵᠦ ᠬᠡᠯᠡᠳᠡᠭ ᠪᠦᠭᠡᠳ ᠬᠡᠯᠡᠭᠰᠡᠨ ᠢᠶᠠᠨ ᠴᠤ ᠪᠡᠶᠡᠯᠡᠭᠦᠯᠵᠦ ᠮᠠᠰᠢ ᠤᠯᠠᠨ ᠵᠠᠯᠠᠭᠤᠴᠦᠳ ᠪᠠᠭᠠᠴᠦᠳ ᠢ ᠰᠤᠶᠤᠯ ᠮᠡᠳᠡᠯᠭᠡ ᠶᠢᠨ ᠵᠠᠮ ᠢᠶᠠᠷ ᠭᠦᠳᠦᠯᠵᠦ᠂ ᠨᠡᠶᠢᠭᠡᠮ ᠤᠨ ᠲᠠᠪᠰᠢᠯᠳᠠ ᠳᠤ ᠦᠢᠯᠡᠴᠢᠯᠡᠭᠦᠯᠦᠭᠰᠡᠨ ᠶᠤᠮ᠃      1980 ‍ᠭᠠᠳ ᠤᠨ ᠤ ᠡᠬᠢ ᠪᠠᠷ ᠲᠡᠷᠡ ᠪᠠᠷ᠂ ᠮᠠᠯ ᠤᠨ ᠡᠬᠡ ᠪᠡᠯᠡ ᠪᠤᠯᠬᠤ 7 ᠲᠦᠮᠡ 4 ᠮᠢᠩᠭ᠎ᠠ ᠭᠠᠷᠤᠢ ︵ᠪᠠᠷᠤᠭ ᠤᠳᠤ ᠶᠢᠨ ᠲᠠᠯᠠᠨ ᠲᠦᠮᠡ ᠶᠢᠨ ᠦᠷᠳᠡᠭ︶ ᠲᠦᠭᠦᠷᠢᠭ ᠠᠷᠠᠳ ᠤᠨ ᠵᠤᠭᠤᠰ ᠢᠶᠠᠨ ᠪᠦᠬᠦᠨ ᠢ ᠰᠤᠷᠭᠠᠨ ᠬᠦᠮᠦᠵᠢᠯ ᠤᠨ ᠦᠢᠯᠡᠰ ᠲᠤ ᠡᠷᠭᠦᠵᠦ᠂ ᠡᠬᠡᠪᠤᠯᠠᠭ ᠪᠠᠭ᠎ᠠ ᠰᠤᠷᠭᠠᠭᠤᠯᠢ ᠶᠢ ᠰᠢᠨ᠎ᠡ ᠪᠠᠷ ᠴᠤᠭᠴᠠᠯᠠᠨ ᠪᠠᠶᠢᠭᠤᠯᠬᠤ ᠳᠤ ᠲᠤᠮᠤᠬᠠᠨ ᠬᠤᠪᠢ ᠨᠡᠮᠡᠷᠢ ᠪᠠᠨ ᠦᠵᠡᠭᠦᠯᠦᠭᠰᠡᠨ ᠶᠤᠮ᠃ ᠲᠡᠭᠡᠭᠰᠡᠨ ᠢᠶᠠᠷ ᠨᠢ ᠡᠭᠡᠪᠤᠯᠠᠭ ᠰᠤᠷᠭᠠᠭᠤᠯᠢ ᠢ ᠪᠠᠰᠠ ︽ᠡᠷᠬᠢᠮᠪᠠᠳᠤ ᠶᠢᠨ ᠰᠤᠷᠭᠠᠭᠤᠯᠢ︾ ᠴᠤ ᠭᠡᠳᠡᠭ᠃ ᠲᠤᠰ ᠰᠤᠷᠭᠠᠭᠤᠯᠢ ᠨᠢ ᠤᠷᠤᠨ ᠠᠶᠢᠮᠠᠭ ᠲᠠᠭᠠᠨ ᠰᠤᠷᠭᠠᠭᠤᠯᠢ  ᠶᠢᠨ ᠪᠦᠳᠦᠭᠡᠨ ᠪᠠᠶᠢᠭᠤᠯᠤᠯᠳᠠ ᠶᠢᠨ ᠴᠤᠭᠴᠠᠯᠠᠪᠤᠷᠢ᠂ ᠰᠤᠷᠬᠤ ᠨᠠᠰᠤᠨ ᠤ ᠬᠡᠤᠬᠡᠳ` ᠤᠨ ᠰᠤᠷᠤᠯᠭ᠎ᠠ ᠶᠢᠨ ᠶᠠᠰᠤ ᠴᠢᠨᠠᠷ ᠤᠨ ᠲᠠᠯ᠎ᠠ ᠪᠠᠷ ᠰᠢᠯᠢᠳᠡᠭ ᠬᠡᠮᠵᠢᠶᠡᠨ ᠳᠤ ᠬᠦᠷᠴᠦ᠂ ︽ᠰᠢᠯᠢᠳᠡᠭ ᠪᠤᠯᠪᠠᠰᠤᠨ ᠰᠤᠷᠭᠠᠭᠤᠯᠢ︾ ᠪᠠᠷ ᠤᠯᠠᠨᠳᠠ ᠴᠤᠯᠠᠯᠠᠭᠤᠯᠤᠨ ᠶᠠᠪᠤᠵᠠᠢ᠃ ᠲᠠᠪᠢᠭᠠᠳ ᠵᠢᠯ ᠤᠨ ᠲᠤᠷᠰᠢ᠂ ᠲᠤᠰ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ  ᠤᠨ ᠲᠤᠭ᠎ᠠ ᠬᠤᠶᠠᠷ ᠮᠢᠩᠭ᠎ᠠ ᠭᠠᠷᠤᠢ ᠶᠢᠨ ᠲᠤᠭᠠᠨ ᠳᠤ ᠬᠦᠷᠴᠦ᠂ ᠡᠷᠬᠢᠮ ᠠᠮᠪᠠ ᠶᠢᠨ ᠬᠦᠰᠡᠯ ᠵᠤᠷᠢᠯᠳᠠ ᠶᠢ ᠪᠠᠶᠠᠯᠡᠭᠦᠯᠦᠭᠰᠡᠨ ᠬᠦᠮᠦᠨ ᠬᠦᠮᠦᠵᠢᠭᠦᠯᠬᠦ ᠬᠠᠯᠠᠭᠤᠨ ᠦᠯᠦᠭᠡᠢ ᠪᠤᠯᠵᠦ᠂ ᠰᠤᠶᠤᠯ ᠮᠡᠳᠡᠯᠭᠡ ᠲᠠᠢ ᠴᠢᠳᠠᠪᠤᠷᠢᠳᠠᠢ ᠮᠠᠯᠴᠢᠳ ᠢ ᠬᠦᠮᠦᠵᠢᠭᠦᠯᠦᠨ ᠭᠠᠷᠭᠠᠭᠰᠠᠨ ᠢ ᠦᠨᠡᠯᠡᠭᠦᠰᠢᠳᠡᠢ ᠶᠤᠮ᠃               ᠲᠦᠷᠪᠡ  ᠠᠬᠠᠮᠠᠳ ᠮᠠᠯᠴᠢᠳ ᠤᠨ ᠰᠡᠳᠭᠢᠯ ᠳᠤ ᠬᠤᠨᠤᠭᠰᠢᠭᠰᠠᠨ ᠡᠷᠬᠢᠮᠪᠠᠳᠤ      ᠦᠵᠦᠮᠦᠴᠢᠨ ᠤ ᠦᠵᠦᠭᠦᠷ ᠪᠠᠶᠠᠨ ᠡᠷᠬᠢᠮᠪᠠᠳᠤ ᠤᠨ ᠦᠩᠭᠡᠷᠡᠭᠰᠡᠨ ᠵᠠᠭᠤᠨ ᠳᠤ᠂ ᠮᠠᠯ ᠰᠦᠷᠦᠭ ᠲᠡᠭᠡᠨ ᠬᠦᠮᠦᠨ ᠵᠠᠷᠤᠵᠦ ᠪᠠᠶᠢᠭᠰᠠᠨ ᠲᠤᠬᠠᠢ᠂ ᠤᠤᠯ ᠤᠨ ᠠᠯᠳ᠋ᠬᠠᠬᠢᠯᠢ ᠨᠢᠭᠡᠳᠦᠯ ᠤᠨ ᠪᠠᠳᠠᠷᠠᠬᠤ ᠪᠠᠷᠢᠭᠠᠳᠠ ᠤᠨ ᠮᠠᠯᠴᠢᠨ ᠠᠩᠳᠤᠤ᠂ ᠬᠠᠩᠱᠢ ᠨᠠᠷ ᠤᠨ ᠶᠠᠷᠢᠵᠦ ᠪᠠᠶᠢᠭᠰᠠᠨ ᠢ ᠳᠡᠳᠡᠨ ᠤ ᠦᠷ᠎ᠡ ᠬᠡᠤᠬᠡᠳ ᠠᠴᠠ ᠨᠢ ᠠᠰᠠᠭᠤᠨ ᠰᠤᠷᠪᠤᠯᠵᠢᠯᠠᠵᠦ ᠲᠦᠬᠦᠮ ᠳᠡᠮᠳᠡᠭᠯᠡᠯ ᠬᠢᠭᠰᠡᠨ ᠲᠤᠤᠷᠠᠬᠢ ᠮᠡᠳᠦ᠄      ᠪᠠᠳᠠᠷᠠᠬᠤ ᠪᠠᠷᠢᠭᠠᠳᠠ ᠶᠢᠨ ᠮᠠᠯᠴᠢᠨ ᠠᠩᠳᠤᠤ ᠶᠢᠨ ᠲᠡᠮᠦᠷᠪᠠᠭᠠᠳᠤᠷ 2011 ᠤᠨ ᠤ 9 ᠰᠠᠷ᠎ᠠ ᠶᠢᠨ 24 ᠡᠳᠦᠷ᠂ ᠵᠤᠭᠤᠭ ᠳᠡᠯᠭᠡᠨ ᠶᠠᠷᠢᠯᠴᠠᠬᠤ ᠵᠠᠭᠤᠷ᠎ᠠ ᠡᠨᠡ ᠲᠤᠬᠠᠢ ᠢᠩᠬᠢᠵᠦ ᠶᠠᠷᠢᠯ᠎ᠠ᠄      ᠮᠠᠨ ᠤ ᠠᠪᠤ ᠦᠵᠦᠮᠦᠴᠢᠨ ᠳᠤ ᠢᠷᠡᠬᠦ ᠳᠡᠭᠡᠨ᠂ ᠡᠷᠬᠢᠮᠪᠠᠳᠤ ᠶᠢᠨ ᠳᠤ ᠠᠳᠤᠭᠤ ᠦᠬᠡᠷ ᠢ ᠨᠢ ᠤᠯᠠᠨ ᠵᠢᠯ ᠬᠠᠷᠢᠭᠤᠯᠤᠨ ᠦᠭᠴᠤ᠂ ᠠᠶᠢᠯ ᠭᠡᠷ ᠤᠨ ᠠᠮᠢᠳᠤᠷᠠᠯ ᠢᠶᠠᠨ ᠠᠷᠭᠠᠴᠠᠭᠠᠵᠦ ᠪᠠᠶᠢᠵᠠᠢ᠂ ᠭᠡᠬᠦ ᠳᠡᠭᠡᠨ ᠡᠷᠬᠢᠮᠪᠠᠳᠤ ᠪᠠᠶᠠᠨ ᠢ ᠢᠩᠬᠢᠵᠦ ᠬᠠᠪᠰᠤᠷᠤᠯ᠎ᠠ ᠭᠡᠳᠡᠯ᠎ᠡ ᠲᠡᠭᠡᠵᠦ ᠲᠤᠰᠠᠯᠠᠯ᠎ᠠ ᠭᠡᠵᠦ ᠶᠠᠷᠢᠬᠤ ᠨᠢ ᠤᠯᠠᠨ ᠪᠠᠶᠢᠳᠠᠭ ᠠᠴᠠ ᠬᠠᠷᠢᠨ ᠲᠡᠷᠡ ᠬᠦᠮᠦᠨ ᠢ ᠶᠠᠭᠠᠬᠢᠵᠦ ᠶᠠᠭᠠᠬᠢᠵᠦ ᠮᠦᠯᠵᠢᠯ᠎ᠡ ᠲᠠᠷᠤᠯᠠᠯ᠎ᠡ ᠭᠡᠳᠡᠭ ᠢ ᠨᠢ ᠶᠡᠷᠦ ᠤᠯᠵᠦ ᠰᠤᠨᠤᠰᠤᠭᠰᠠᠨ ᠦᠭᠡᠢ ᠭᠡᠵᠦ ᠬᠡᠯᠡᠳᠡᠭ ᠪᠠᠶᠢᠭᠰᠠᠨ ᠶᠤᠮ᠂      1968 ᠤᠨ ᠤ ᠰᠠᠮᠠᠭᠤᠷᠠᠯ ᠤᠨ ᠤᠨ ᠵᠢᠯ ᠤᠳ ᠲᠤ᠂ ᠡᠬᠡᠪᠤᠯᠠᠭ ᠳᠠᠯᠠᠪᠠᠢ ᠶᠢᠨ ᠬᠤᠶᠠᠷ ᠬᠦᠮᠦᠨ ︵ᠨᠢᠭᠡ  ᠨᠢ ᠰᠡᠬᠡᠬᠡᠳᠡᠨ᠂ ᠨᠦᠭᠦᠭᠡ ᠨᠢ ᠮᠠᠯᠴᠢᠨ ᠪᠠᠶᠢᠪᠠ︶ ᠢᠷᠡᠵᠦ᠂ ᠡᠷᠬᠢᠮᠪᠠᠳᠤ ᠪᠠᠶᠠᠨ ᠤ  ᠬᠡᠷᠬᠢᠨ ᠶᠠᠳᠠᠭᠤ ᠮᠠᠯᠴᠢᠳ ᠢ ᠮᠦᠯᠵᠢᠨ ᠲᠠᠷᠤᠯᠠᠵᠦ ᠪᠠᠶᠢᠭᠰᠠᠨ ᠲᠤᠬᠠᠢ ᠤᠶᠢᠯᠠᠭᠠᠬᠤ ᠪᠠᠷ ᠮᠠᠨ ᠤ ᠳᠤ ᠢᠷᠡᠭᠰᠡᠨ ᠶᠤᠮ᠂ ᠪᠢ ᠶᠢᠰᠦᠨ ᠨᠠᠰᠤᠳᠠᠢ ᠪᠠᠶᠢᠯ᠎ᠠ᠃ ᠡᠭᠦᠨ ᠳᠤ ᠮᠢᠨᠤ ᠠᠪᠤ ᠲᠡᠳᠡᠭᠡᠷ ᠢᠷᠡᠭᠰᠡᠨ ᠬᠦᠮᠦᠰ ᠲᠤ᠄ ︽ᠤᠳᠤ ᠡᠷᠬᠢᠮᠪᠠᠳᠤ ᠶᠢ ᠪᠠᠶᠠᠨ ᠮᠠᠯᠴᠢᠨ ᠮᠠᠭᠤ ᠭᠡᠵᠦ ᠪᠠᠶᠢᠬᠤ ᠶᠤᠮ ᠴᠢᠨᠢ ᠮᠠᠭᠤ ᠪᠠᠶᠢᠨ᠎ᠠ ᠰᠢᠳᠠ︕ ᠭᠡᠪᠡᠴᠤ ᠨᠠᠳᠠ ᠳᠤ ᠬᠠᠷᠢᠨ ᠮᠠᠭᠤ ᠶᠠᠪᠤᠭᠰᠠᠨ ᠦᠭᠡᠢ ᠶᠤᠮ ᠰᠢᠤ᠂ ᠲᠡᠷᠡ ᠬᠠᠷᠢᠨ ᠵᠠᠷᠤᠴᠠ ᠬᠦᠮᠦᠰ ᠲᠡᠭᠡᠨ ᠶᠡᠭᠡ ᠡᠶᠡᠯᠳᠡᠭ ᠰᠠᠶᠢᠨ ᠪᠠᠶᠢᠳᠠᠭ ᠯᠡ ᠳ᠋ᠠ᠃︾ ᠭᠡᠵᠦ ᠪᠤᠳᠤᠯᠬᠢᠯᠠᠭᠰᠠᠨ ᠢᠶᠠᠨ ᠵᠠᠯᠭᠠᠭᠠᠳ ︽ᠨᠢᠭᠡ ᠤᠳᠠᠭ᠎ᠠ᠂ ᠰᠢᠨ᠎ᠡ ᠰᠠᠷ᠎ᠠ ᠪᠤᠯᠬᠤ ᠳᠤ ᠪᠢ ᠤᠯᠢᠭ ᠲᠠᠢ ᠡᠮᠦᠰᠦᠭᠰᠡᠨ ᠬᠤᠪᠴᠠᠰᠤ ᠦᠭᠡᠢ ᠪᠠᠶᠢᠳᠠᠯ᠎ᠠ᠂ ᠡᠷᠬᠢᠮᠪᠠᠳᠤ ᠭᠤᠸᠠᠢ ᠨᠠᠮᠠᠶᠢ ᠦᠷᠦᠪᠳᠡᠵᠦ᠂ ᠦᠪᠡᠷ ᠤᠨ ᠡᠮᠦᠰᠴᠤ ᠪᠠᠶᠢᠭᠰᠠᠨ ᠦᠵᠦᠭᠦᠷᠰᠡᠨ ᠲᠡᠪᠡᠯ ᠢᠶᠠᠨ ᠦᠭᠭᠦᠭᠰᠡᠨ ᠪᠦᠭᠡᠳ ᠠᠳᠤᠭᠤᠨ ᠤ ᠪᠠᠨ ᠲᠤᠲᠤᠷ᠎ᠠ ᠠᠴᠠ ᠰᠤᠩᠭᠤᠵᠦ ᠬᠠᠯᠢᠭᠤᠨ ᠠᠵᠢᠷᠭ᠎ᠠ ᠪᠠᠨ ᠪᠠᠷᠢᠵᠦ ᠤᠨᠤᠭᠤᠯᠤᠨ᠂ ᠠᠶᠢᠯ ᠢᠶᠠᠷ ᠰᠢᠨᠡᠯᠡᠭᠦᠯᠦᠨ ᠭᠡᠰᠦᠭᠦᠯᠵᠦ ᠪᠠᠶᠢᠭᠰᠠᠨ ᠶᠤᠮ᠂ ᠮᠢᠨᠤ ᠭᠠᠴᠢᠭᠳᠠᠵᠦ ᠪᠠᠶᠢᠭᠰᠠᠨ ᠦᠶ᠎ᠡ ᠳᠤ ᠲᠡᠷᠡ ᠢᠩᠭᠢᠵᠦ ᠲᠤᠰᠠᠯᠠᠵᠦ ᠬᠠᠷᠠᠭᠠᠯᠵᠠᠭᠰᠠᠨ ᠢ ᠪᠢ ᠶᠡᠷᠦᠨᠢ ᠮᠠᠷᠳᠠᠳᠠᠭ ᠦᠭᠡᠢ ︾ ᠭᠡᠨ᠎ᠡ᠃ ᠠᠪᠤ ᠮᠢᠨᠢ ᠶᠡᠭᠡ ᠲᠠᠮᠠᠬᠢ ᠳᠠᠳᠠᠳᠠᠭ ᠬᠦᠮᠦᠨ ᠪᠠᠶᠢᠭᠰᠨ᠋ᠠ᠂ ᠢᠩᠬᠢᠭᠡᠳ ᠤᠷᠳᠤ ᠬᠠᠰ ᠶᠢᠨ ᠰᠢᠯᠪᠢ ᠲᠠᠢ ᠳ᠋ᠠᠢ ᠳᠠᠭᠠᠨ ᠳᠠᠮᠠᠬᠢ ᠨᠡᠷᠡᠭᠰᠡᠨ ᠢᠶᠠᠨ᠄ ︽ᠪᠠᠰᠠ ᠨᠢᠭᠡᠨ ᠤᠳᠠᠭ᠎ᠠ᠂ ᠮᠠᠨ ᠤ ᠡᠷᠬᠢᠮᠪᠠᠳᠤ ᠶᠢᠨ ᠲᠦᠯ ᠳᠡᠭᠡᠷ᠎ᠡ ᠪᠠᠭᠤᠭᠰᠠᠨ ᠨᠢᠭᠡᠨ ᠬᠠᠪᠤᠷ᠂ ᠶᠠᠳᠠᠭᠤ ᠬᠦᠴᠢᠷᠳᠡᠯ ᠤᠨ ᠡᠷᠬᠡ ᠪᠠᠷ ᠢᠳᠡᠬᠦ ᠶᠠᠭᠤᠮ᠎ᠠ ᠦᠭᠡᠢ ᠪᠤᠯᠤᠭᠰᠠᠨ ᠢ ᠡᠷᠬᠢᠮᠪᠠᠳᠤ ᠮᠡᠳᠡᠭᠡᠳ᠂ ᠠᠪᠤ ᠡᠵᠢ ᠠᠴᠠ ᠪᠠᠨ ᠲᠠᠯᠳᠠᠭᠤᠷ ᠡᠵᠡᠨ ᠮᠡᠳᠡᠵᠦ᠂ ᠰᠠᠭᠠᠬᠤ ᠢᠯᠠᠭ᠋ᠬᠤ ᠳᠠᠭᠠᠨ ᠨᠢᠭᠡ ᠪᠦᠳᠦᠭᠦᠨ ᠡᠷ᠎ᠡ ᠬᠤᠨᠢ ᠳᠠᠭᠠᠯᠳᠤᠭᠤᠯᠤᠨ ᠦᠭᠴᠤ᠂ ᠰᠠᠯᠵᠦ ᠪᠠᠭᠤᠮᠠᠭᠴᠠ ᠪᠠᠨ ᠠᠯᠠᠭᠠᠳ ᠢᠳᠡᠴᠢᠭᠡ᠂ ᠡᠨᠡ ᠬᠠᠪᠤᠷ ᠤᠨ ᠤᠷᠳᠤ ᠡᠳᠦᠷ ᠰᠦᠨᠢ ᠶᠢᠨ ᠭᠠᠴᠢᠭ ᠲᠤ᠂ ᠶᠠᠭᠠᠬᠢᠵᠦ ᠭᠡᠳᠡᠰᠦ ᠬᠤᠭᠤᠰᠤᠨ ᠦᠩᠭᠡᠷᠡᠭᠡᠬᠦ ᠪᠤᠢ ᠳ᠋ᠠ︾ ᠭᠡᠵᠦ ᠬᠡᠯᠡᠭᠡᠳ ᠦᠭᠭᠦᠭᠰᠡᠨ ᠪᠠᠶᠢᠵᠠᠢ᠃ ᠴᠢᠩᠭᠢᠭᠡᠳ ᠮᠠᠨᠠᠶᠢᠬᠢᠨ ᠬᠦᠮᠦᠨ ᠤ ᠠᠴᠢ ᠶᠢ ᠬᠠᠷᠢᠭᠤᠯᠬᠤ ᠶᠢᠨ ᠲᠤᠰᠠᠳᠠ ᠰᠠᠭᠠᠬᠤ ᠶᠢ ᠨᠢ ᠰᠠᠶᠢᠬᠠᠨ ᠬᠠᠷᠢᠭᠤᠯᠵᠦ᠂ ᠲᠦᠯ ᠢ ᠨᠢ ᠪᠦᠷᠢᠨ ᠲᠤᠰᠴᠤ ᠦᠭᠭᠦᠭᠰᠡᠨ ᠭᠡᠳᠡᠭ ᠶᠤᠮ᠃ ᠲᠡᠳᠡᠭᠡᠷ ᠤᠶᠢᠯᠠᠭᠠᠬᠤ ᠪᠠᠷ ᠢᠷᠡᠭᠰᠡᠨ ᠬᠦᠮᠦᠰ᠂ ᠤᠨᠳᠤᠤ ᠶᠠᠭᠤ ᠴᠤ ᠠᠰᠠᠭᠤᠵᠦ ᠴᠢᠳᠠᠭᠰᠠᠨ ᠦᠭᠡᠢ ᠪᠤᠴᠠᠭᠰᠠᠨ ᠪᠠᠶᠢᠵᠠᠢ᠃ ᠪᠠᠳᠠᠷᠠᠬᠤ ᠭᠠᠴᠠᠭᠠᠨ ᠤ ᠬᠠᠩᠰᠢ ᠶᠢᠨ ᠪᠠᠶᠠᠨᠳᠠᠯᠠᠢ ᠮᠦᠨ ᠠᠪᠤ ᠶᠢᠨ ᠢᠶᠠᠨ ᠡᠷᠬᠢᠮᠪᠠᠳᠤ ᠶᠢᠨ ᠮᠠᠯ ᠳᠤ ᠶᠠᠪᠤᠵᠦ ᠪᠠᠶᠢᠭᠰᠠᠨ ᠲᠤᠬᠠᠢ ᠶᠠᠷᠢᠬᠤ ᠳᠠᠭᠠᠨ ᠢᠩᠭᠢᠵᠦ ᠬᠡᠯᠡᠯ᠎ᠡ᠄       ᠢᠷᠦᠭᠡᠯᠳᠦ ᠪᠤᠯᠤᠨ ᠲᠡᠭᠦᠨ ᠤ ᠬᠦᠤ ᠬᠠᠩᠰᠢ ᠭᠠᠳᠠᠨ᠎ᠠ ᠤᠷᠤᠨ ᠠᠴᠠ ᠦᠵᠦᠮᠦᠴᠢᠨ ᠳᠤ ᠢᠷᠡᠬᠦ ᠳᠡᠭᠡᠨ᠂ ᠡᠷᠬᠢᠮᠪᠠᠳᠤ ᠪᠠᠶᠠᠨ ᠤ ᠳᠤ ᠵᠠᠷᠤᠭᠳᠠᠨ ᠤᠯᠠᠨ ᠵᠢᠯ ᠶᠠᠪᠤᠵᠠᠢ᠃ ᠢᠩᠬᠢᠭᠡᠳ ᠰᠦᠷᠦᠭ ᠢ ᠨᠢ ᠬᠠᠷᠢᠭᠤᠯᠬᠤ ᠪᠠᠨ ᠪᠤᠯᠢᠭᠠᠳ ᠰᠠᠯᠵᠦ ᠨᠡᠭᠦᠭᠦ ᠳᠤᠨᠢ᠂ ᠡᠷᠬᠢᠮᠪᠠᠳᠤ ᠭᠤᠸᠠᠢ᠄ ︽ᠵᠠ ᠶᠠᠭᠠᠬᠢᠬᠤᠪ᠂ ᠲᠠᠨᠠᠷ ᠤᠳᠤ ᠰᠠᠯᠵᠦ ᠨᠡᠭᠦᠬᠦ ᠪᠠᠷ ᠪᠤᠯᠤᠯ᠎ᠠ᠂ ᠮᠠᠨ ᠤ ᠳᠤ ᠪᠠᠭ᠎ᠠ ᠦᠭᠡᠢ ᠲᠤᠰᠠ ᠪᠠᠨ ᠦᠭᠴᠤ᠂ ᠮᠠᠯ ᠤᠨᠤᠭ᠎ᠠ ᠶᠢ ᠮᠢᠨᠢ ᠦᠰᠭᠡᠵᠦ ᠦᠭᠭᠦᠯ᠎ᠡ᠂ ᠪᠢ ᠮᠠᠯ ᠬᠠᠷᠢᠭᠤᠯᠭ᠎ᠠ ᠶᠢᠨ ᠠᠴᠢ ᠳᠤ ᠵᠠᠭᠤᠨ ᠲᠤᠭ᠎ᠠ ᠶᠢᠨ ᠬᠠᠯᠠᠭᠤᠨ ᠬᠤᠰᠢᠭᠤᠳᠤ ᠬᠤᠨᠢ ᠦᠭᠭᠦᠶ᠎ᠡ᠂ ᠬᠤᠵᠢᠮ ᠰᠠᠶᠢᠬᠠᠨ ᠠᠮᠢᠳᠤᠷᠠᠵᠦ ᠶᠠᠪᠤ︕︾ ᠬᠡᠵᠦ ᠬᠡᠯᠡᠭᠰᠡᠨ ᠢᠶᠠᠨ ᠤᠨ ᠤ ᠲᠤᠭᠳᠠᠭᠰᠠᠨ ᠬᠦᠯᠦᠰᠦᠨ ᠠᠴᠠ ᠭᠠᠳᠠᠨ᠎ᠠ ᠵᠠᠭᠤᠨ ᠴᠠᠭᠠᠨ ᠬᠤᠷᠠᠭ᠎ᠠ ᠲᠠᠢ ᠬᠤᠨᠢ ᠢᠯᠭᠠᠨ ᠦᠭᠴᠤ ᠭᠠᠷᠭᠠᠭᠰᠠᠨ ᠭᠡᠳᠡᠭ᠃ ᠬᠠᠩᠰᠢ ᠭᠤᠸᠠᠢ ᠮᠦᠨ ᠮᠠᠯᠴᠢ ᠬᠦᠮᠦᠨ ᠪᠠᠶᠢᠭᠰᠠᠨ᠂ ᠲᠡᠷᠡ ᠵᠠᠭᠤᠨ ᠴᠠᠭᠠᠨ ᠬᠤᠷᠠᠭ᠎ᠠ ᠲᠠᠢ ᠬᠤᠨᠢ ᠪᠠᠨ ᠰᠠᠭᠤᠷᠢᠯᠠᠨ᠂ ᠦᠪᠡᠷ ᠤᠨ ᠭᠡᠰᠡᠨ ᠮᠠᠯ  ᠲᠠᠢ ᠪᠤᠯᠭᠠᠭᠰᠠᠨ ᠡᠷᠬᠢᠮᠪᠠᠳᠤ ᠳᠤ ᠶᠡᠭᠡ ᠲᠠᠯᠠᠷᠬᠠᠵᠦ ᠶᠠᠪᠤᠳᠠᠭ ᠪᠦᠭᠡᠳ ᠦᠪᠡᠷ ᠤᠨ ᠮᠠᠯ ᠰᠦᠷᠦᠭ ᠢᠶᠠᠨ ᠰᠡᠳᠭᠢᠯ ᠳᠠᠯᠪᠢᠨ ᠮᠠᠯᠵᠢᠳᠠᠭ ᠢᠶᠠᠷ ᠮᠠᠯ ᠰᠦᠷᠦᠭ ᠨᠢ ᠬᠡᠳᠦᠨ ᠵᠢᠯ ᠤᠨ ᠬᠤᠭᠤᠷᠤᠨᠳᠤ ᠶᠡᠬᠡᠪᠡᠷ ᠦᠷᠡᠵᠢᠨ ᠦᠰᠦᠭᠰᠡᠨ ᠢᠶᠠᠷ 1958 ᠤᠨ ᠳᠤ ᠮᠢᠩᠭ᠎ᠠ ᠰᠢᠬᠠᠮ ᠮᠠᠯ ᠤᠨ ᠲᠤᠭ᠎ᠠ ᠪᠠᠷ ᠬᠠᠮᠳᠤ ᠳᠤ ᠬᠤᠪᠢ ᠤᠷᠤᠭᠰᠠᠨ ᠪᠠᠶᠢᠪᠠ᠃ ᠬᠤᠵᠢᠮ ᠨᠢ ᠰᠤᠶᠤᠯ ᠤᠨ ᠬᠤᠪᠢᠰᠬᠠᠯ ᠤᠨ ᠦᠶ᠎ᠡ ᠠᠩᠭᠢ ᠲᠤᠭᠳᠠᠭᠠᠬᠤ ᠳᠤ ᠳᠡᠳᠡᠨ ᠤ ᠬᠢ ︽ᠴᠢᠨᠡᠭᠡᠯᠢᠭ ᠮᠠᠯᠴᠢᠨ︾ ᠢᠶᠠᠷ ᠲᠤᠭᠳᠠᠭᠠᠭᠳᠠᠭᠰᠠᠨ ᠶᠤᠮ᠃ ᠬᠠᠩᠰᠢ ᠶᠢᠨ ᠴᠢᠨᠡᠭᠡᠯᠢᠭ ᠪᠤᠯᠤᠭᠰᠠᠨ ᠶᠠᠪᠤᠳᠠᠯ ᠪᠤᠯ ᠡᠷᠬᠢᠮᠪᠠᠳᠤ ᠶᠢᠨ ᠬᠤᠨᠢᠨ ᠤ ᠡᠬᠢ ᠪᠠᠶᠠᠯᠢᠭ ᠢ ᠬᠠᠩᠭᠠᠭᠰᠠᠨ ᠠᠴᠠ ᠰᠠᠯᠤᠰᠢ ᠦᠭᠡᠢ ᠶᠤᠮ ᠭᠡᠵᠦ ᠲᠡᠷᠡ ᠦᠷᠭᠦᠯᠵᠢ ᠡᠷᠭᠢᠴᠡᠭᠦᠯᠳᠡᠭ ᠪᠠᠶᠢᠵᠠᠢ᠃      ᠠᠩᠳᠤᠤ ᠪᠤᠯᠤᠨ ᠬᠠᠶᠠᠩᠬᠠᠷᠸ᠎ᠠ ᠪᠦᠷ ᠡᠷᠬᠢᠮᠪᠠᠳᠤ ᠶᠢᠨ ᠳᠤ ᠠᠳᠤᠭᠤᠴᠢᠨ ᠢᠶᠠᠷ ᠵᠠᠷᠤᠭᠳᠠᠵᠦ ᠪᠠᠶᠢᠵᠠᠢ᠂ 1948 ᠤᠨ ᠤ ᠬᠠᠪᠤᠷ᠂ ᠬᠠᠶᠠᠩᠬᠠᠷᠸ᠎ᠠ ᠨᠢ ᠴᠡᠷᠢᠭ ᠤᠨ ᠠᠯᠪᠠ ᠬᠠᠭᠠᠬᠤ ᠤᠯᠤᠰ ᠤᠨ ᠡᠭᠦᠷᠭᠡ ᠶᠢ ᠬᠦᠯᠢᠶᠡᠭᠡᠳ᠂ ᠡᠬᠡ ᠤᠷᠤᠨ ᠤ ᠴᠢᠯᠦᠭᠡᠯᠡᠯᠳᠡ ᠶᠢᠨ ᠳᠠᠶᠢᠨ ᠳᠤ ᠡᠷᠡᠯᠭᠡᠭ ᠪᠠᠭᠠᠳᠤᠷᠯᠢᠭ ᠢᠶᠠᠷ ᠤᠷᠤᠯᠴᠠᠭᠠᠳ ᠭᠤᠷᠪᠠᠨ ᠵᠢᠯ ᠪᠤᠯᠤᠭᠠᠳ ᠴᠡᠷᠢᠭ ᠠᠴᠠ ᠪᠠᠭᠤᠭᠰᠠᠨ ᠢᠶᠠᠨ ᠡᠷᠬᠢᠮᠪᠠᠳᠤ ᠶᠢᠨ ᠳᠤ ᠪᠤᠴᠠᠨ ᠢᠷᠡᠳᠡᠭ ᠶᠤᠮ ᠪᠠᠶᠢᠨ᠎ᠠ᠃ ᠲᠡᠭᠦᠤ ᠪᠠᠨ ᠰᠢᠭ᠋ ᠪᠤᠳᠤᠵᠦ ᠶᠠᠪᠤᠳᠠᠭ ᠡᠷᠬᠢᠮᠪᠠᠳᠤ ᠭᠤᠸᠠᠢ ᠲᠡᠭᠦᠨ ᠢ ᠬᠠᠯᠠᠭᠤᠨ ᠢᠶᠠᠷ ᠤᠭᠳᠤᠨ ᠠᠪᠴᠤ᠂ ᠰᠢᠨ᠎ᠡ ᠪᠠᠷ ᠭᠡᠷ ᠲᠡᠷᠭᠡ ᠪᠡᠯᠡᠳᠦᠨ ᠠᠮᠢᠳᠤᠷᠠᠯ ᠤᠨ ᠬᠡᠷᠡᠭᠰᠡᠯ ᠢ ᠨᠢ ᠪᠦᠷᠢᠨ ᠲᠦᠬᠦᠷᠵᠢᠭᠦᠯᠦᠨ ᠦᠭᠴᠤ ᠭᠠᠷᠭᠠᠭᠰᠠᠨ ᠤ ᠬᠠᠮᠳᠤ ᠨᠢᠭᠡᠨ ᠠᠵᠢᠷᠭ᠎ᠠ ᠠᠳᠤᠭᠤ᠂ ᠴᠦᠭᠡᠪᠦᠷ ᠮᠠᠯ ᠰᠦᠷᠦᠭ ᠳᠠᠰᠤᠳᠠᠨ ᠦᠭᠴᠤ ᠭᠠᠷᠭᠠᠯ᠎ᠠ ᠭᠡᠳᠡᠭ᠂ ᠤᠶᠢᠷ᠎ᠠ ᠪᠤᠯᠳᠠᠯ᠎ᠠ ᠪᠠᠳᠠᠷᠠᠬᠤ ᠪᠠᠷᠢᠭᠠᠳᠠ ᠶᠢᠨ ᠠᠳᠤᠭᠤᠨ ᠰᠦᠷᠦᠭ ᠲᠤ ︽ᠬᠠᠶᠠᠩ ᠤᠨ ᠬᠡᠬᠡᠷ︾ ᠭᠡᠰᠡᠨ ᠠᠵᠢᠷᠭ᠎ᠠ ᠪᠠᠶᠢᠭᠰᠠᠨ ᠨᠢ ᠲᠡᠷᠡ ᠠᠵᠢᠷᠭ᠎ᠠ ᠠᠳᠤᠭᠤᠨ ᠤ ᠤᠳᠤᠮ ᠭᠡᠯᠴᠡᠳᠡᠭ ᠨᠢ ᠦᠨᠠᠨ ᠤᠴᠢᠷ ᠪᠤᠯᠬᠤ ᠶᠤᠮ᠃ ︵ᠡᠷᠬᠢᠮᠪᠠᠳᠤ ᠠᠮᠪᠠ ᠪᠤᠯ ᠤᠯᠤᠰ ᠤᠨ ᠲᠡᠰ ᠤᠨ ᠨᠢᠭᠡᠳᠦᠭᠡᠷ ᠲᠠᠮᠢᠷᠴᠢᠨ᠂ ᠮᠤᠩᠭᠤᠯ ᠪᠦᠬᠡ ᠶᠢᠨ ᠠᠪᠤᠷᠭᠤ ᠪᠤᠯᠤᠨ᠎ᠠ᠂ ᠲᠡᠭᠦᠨ ᠤ ᠪᠠᠷᠢᠯᠳᠤᠭᠰᠠᠨ ᠪᠦᠬᠡ ᠶᠢᠨ ᠲᠤᠬᠠᠢ ᠲᠤᠰᠬᠠᠢ ᠪᠦᠯᠦᠭ ᠢᠶᠠᠷ ᠨᠡᠶᠢᠳᠡᠯᠡᠨ᠎ᠡ︶       ᠠᠰᠢᠭᠯᠠᠭᠰᠠᠨ ᠨᠤᠮ ᠵᠦᠢ             ᠬᠡᠤᠬᠡᠨ ᠤ ᠡᠷᠬᠢᠮᠪᠠᠳᠤ ᠶᠢᠨ ᠭᠠᠷ ᠲᠡᠮᠳᠡᠭᠯᠡᠯ             ᠤ  ᠶᠤᠨᠳᠤᠨ᠂  ᠲᠡᠮᠴᠤᠭ ᠨᠠᠷ ᠤᠨ ︽ᠤᠷᠢᠶᠠᠩᠬᠠᠨ ᠤᠪᠤᠭ ᠤᠨ ᠪᠦᠬᠡᠨᠡᠷ ᠠᠶᠢᠮᠠᠭ ᠤᠨ ᠦᠶ᠎ᠡ ᠤᠯᠠᠮᠵᠢᠯᠠᠭᠰᠠᠨ ᠪᠢᠴᠢᠭ︾             ᠯᠤ᠂ ᠲᠡᠮᠦᠷ ᠤᠨ ︽ᠦᠨᠡᠨ ᠤ ᠲᠠᠭᠤᠨ︾             ᠠ᠊᠂ ᠲᠡᠮᠦᠷᠪᠠᠭᠠᠳᠤᠷ ᠤᠨ ᠵᠤᠭᠤᠭ ᠶᠠᠷᠢᠶ᠎ᠠ
 
ᠢᠷᠡᠯᠲᠡ᠄ ᠤᠷᠢᠶᠠᠩᠬᠠᠨ ᠤ᠂ ᠶᠤᠨᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号