ᠠᠷᠪᠠᠨ ᠵᠦᠭ ᠤᠨ ᠠᠶᠠᠨᠴᠢᠨ ᠵᠢᠩᠴᠢᠳ ᠢᠶᠠᠨ ᠪᠠᠶᠠᠰᠬᠠᠨ᠂ ᠥᠭᠬᠢᠶᠡᠮᠦᠷᠢ ᠡᠵᠢ ᠨᠠᠭᠤᠷ ᠤᠨ ᠳᠡᠩᠵᠢᠨ | ᠳᠡᠭᠡᠷ᠎ᠡ ᠠᠴᠠ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ | ᠪᠠᠶᠠᠷ ᠳᠤ ᠵᠤᠷᠢᠭᠤᠯᠤᠨ᠂ 6 ᠰᠠᠷ᠎ᠠ ᠶᠢᠨ 15 ᠤ ᠡᠳᠦᠷ᠂ ᠡᠵᠢᠨᠠᠭᠤᠷ ᠪᠠᠯᠭᠠᠰᠤᠨ ᠤ ᠬᠠᠷᠠᠭᠠᠲᠦ ᠭᠠᠴᠠᠭ᠎ᠠ ᠨᠢ ︽ | 3.8︾ ᠤ ᠡᠮᠡᠭᠲᠠᠶᠢᠴᠤᠳ ᠤᠨ ᠪᠠᠶᠠᠷ ᠵᠢᠴᠢ ︽5.4︾ ᠤ ᠵᠠᠯᠠᠭᠤᠴᠤᠳ ᠤᠨ ᠪᠠᠶᠠᠷ ᠢ ᠬᠠᠮᠲᠤᠷᠠᠨ ᠪᠡᠯᠭᠡᠯᠡᠬᠦ | ᠨᠠᠶᠢᠷ ᠢᠶᠠᠨ ᠬᠢᠵᠦ᠂ ᠦᠵᠡᠭᠴᠢ ᠤᠯᠠᠨ ᠤ ᠪᠠᠨ ᠭᠡᠭᠡᠨ ᠮᠡᠯᠡᠮᠡᠢ ᠢ ᠪᠠᠶᠠᠰᠬᠠᠨ ᠵᠤᠭᠠᠯᠠᠭᠰᠠᠨ ᠪᠠᠶᠢᠨ᠎ᠠ᠃ ᠲᠤᠰ | ᠤᠳᠠᠭᠠᠨ ᠤ ᠨᠠᠶᠢᠷ ᠲᠤ ᠮᠤᠩᠭᠤᠯ ᠤᠯᠤᠰ ᠤᠨ ᠤᠯᠠᠭᠠᠨᠪᠠᠭᠠᠲᠤᠷ ᠲᠧᠯᠸᠢᠰ᠂ ᠮᠤᠩᠭᠤᠯ ᠤᠯᠤᠰ ᠤᠨ ᠥᠨᠦᠳᠦᠷ | ᠰᠦᠯᠵᠢᠶ᠎ᠡ᠂ ᠮᠤᠩᠭᠤᠯ ᠤᠯᠤᠰ ᠤᠨ TV5 ᠲᠧᠯᠸᠢᠰ᠂ ᠮᠤᠩᠭᠤᠯ ᠤᠯᠤᠰ ᠤᠨ ᠪᠠᠷᠢᠯᠭ᠎ᠠ᠂ MN ᠰᠦᠯᠵᠢᠶ᠎ᠡ᠂ | ᠮᠤᠩᠭᠤᠯ ᠤᠯᠤᠰ ᠤᠨ FACT ᠰᠦᠯᠵᠢᠶ᠎ᠡ᠂ ᠮᠤᠩᠭᠤᠯ ᠤᠯᠤᠰ ᠤᠨ ᠰᠡᠳᠬᠦᠯᠴᠢᠳ ᠤᠨ ᠨᠢᠭᠡᠳᠦᠭᠰᠡᠨ ᠡᠪᠯᠡᠯ᠂ | ᠮᠤᠩᠭᠤᠯ ᠤᠯᠤᠰ ᠤᠨ ᠵᠠᠭᠤᠨ ᠳᠤᠯᠤᠭ᠎ᠠ᠂ ᠠᠷᠪᠠᠨ ᠤ ᠲᠠᠪᠤ ᠷᠠᠳᠢᠤ᠋᠂ ᠮᠤᠩᠭᠤᠯ ᠤᠯᠤᠰ ᠤᠨ ᠮᠤᠩᠭᠤᠯ ᠴᠠᠬᠢᠯᠭᠠᠨ | ᠮᠡᠳᠡᠭᠡ᠂ ᠥᠪᠤᠷ ᠮᠤᠩᠭᠤᠯ ᠤᠨ ᠤᠳᠤᠨ ᠲᠧᠯᠸᠢᠰ᠂ ᠥᠪᠦᠷ ᠮᠤᠩᠭᠤᠯ ᠤᠨ ᠮᠤᠩᠭᠤᠯ ᠷᠠᠳᠢᠤ᠋᠂ ᠳᠤᠮᠳᠠᠲᠦ ᠤᠯᠤᠰ | ᠤᠨ ᠤᠯᠠᠨ ᠤᠯᠤᠰ ᠤᠨ ᠷᠠᠳᠢᠤ᠋ ᠬᠤᠷᠢᠶ᠎ᠠ᠂ ᠤᠯᠤᠰ ᠤᠨ ᠲᠤᠳᠤᠭᠠᠲᠦ ᠶᠢᠨ ᠮᠡᠳᠡᠭᠡ ᠵᠢᠭᠤᠴᠢᠯᠠᠭᠤᠷ ᠬᠢᠭᠡᠳ ᠰᠢᠯᠢ | ᠶᠢᠨ ᠭᠤᠤᠯ ᠠᠶᠢᠮᠠᠭ ᠤᠨ ᠤᠬᠠᠭᠤᠯᠬᠤ ᠭᠡᠯᠲᠡᠰ᠂ ᠬᠤᠰᠢᠭᠤ ᠤᠬᠠᠭᠤᠯᠬᠤ ᠭᠡᠯᠲᠡᠰ᠂ ᠬᠤᠰᠢᠭᠤ ᠷᠠᠳᠢᠤ᠋ ᠲᠧᠯᠸᠢᠰ᠂ | ᠰᠤᠶᠤᠯ ᠲᠠᠮᠢᠷ ᠬᠢᠭᠡᠳ ᠵᠢᠭᠤᠴᠢᠯᠠᠯ ᠤᠨ ᠳᠤᠪᠴᠢᠶ᠎ᠠ᠂ ᠬᠤᠰᠢᠭᠤ ᠡᠮᠡᠭᠲᠠᠶᠢᠴᠤᠳ ᠤᠨ ᠬᠤᠯᠪᠤᠭᠠᠲᠦ ᠬᠤᠷᠠᠯ᠂ | ᠬᠤᠰᠢᠭᠤ ᠶᠠᠳᠠᠭᠤ ᠶᠢ ᠳᠡᠳᠬᠦᠬᠦ ᠠᠯᠪᠠᠨ ᠭᠡᠷ᠂ ᠬᠤᠰᠢᠭᠤ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ | ᠤᠨ ᠪᠠᠲᠤᠯᠠᠭᠠᠨ ᠤ ᠳᠤᠪᠴᠢᠶ᠎ᠠ᠂ ᠬᠤᠰᠢᠭᠤ ᠮᠤᠩᠭᠤᠯ ᠡᠮᠨᠡᠯᠭᠡ ᠶᠢᠨ ᠬᠤᠷᠢᠶᠠᠨ ᠤ ᠺᠠᠳ᠋ᠷ ᠤᠳᠤᠷᠢᠳᠤᠯᠭ᠎ᠠ᠂ | ᠪᠠᠯᠭᠠᠰᠤᠨ ᠤ ᠨᠠᠮ ᠵᠠᠰᠠᠭ ᠤᠨ ᠤᠳᠤᠷᠢᠳᠤᠯᠭ᠎ᠠ᠂ ᠡᠯ᠎ᠡ ᠦᠷᠲᠡᠭᠡ ᠰᠠᠯᠪᠤᠷᠢ ᠶᠢᠨ ᠬᠠᠷᠢᠭᠤᠴᠠᠯᠭᠠᠲᠠᠨ᠂ ᠬᠢᠭᠡᠳ | ᠬᠤᠯᠠ ᠤᠶᠢᠷ᠎ᠠ ᠶᠢᠨ ᠮᠠᠯᠴᠢᠨ᠂ ᠨᠠᠭᠠᠳᠤᠮᠴᠢᠨ᠂ ᠤᠶᠠᠭᠠᠴᠢ᠂ ᠪᠦᠬᠡᠴᠢᠳ ᠨᠡᠶᠢᠲᠡ 300 ᠭᠠᠷᠤᠢ ᠬᠦᠮᠦᠨ | ᠬᠦᠷᠡᠯᠴᠡᠨ ᠢᠷᠡᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠢ ᠹᠦ᠋ ᠴᠢᠤᠸᠠᠨ ᠨᠦᠬᠦᠷ ᠠᠴᠠ ᠪᠠᠶᠠᠷ ᠤᠨ | ᠶᠠᠷᠢᠶ᠎ᠠ ᠲᠠᠯᠪᠢᠨ ᠨᠠᠶᠢᠷ ᠢᠶᠠᠨ ᠡᠬᠢᠯᠡᠭᠦᠯᠦᠭᠰᠡᠨ ᠪᠠᠶᠢᠨ᠎ᠠ᠃ | ᠲᠤᠰ ᠤᠳᠠᠭᠠᠨ ᠤ ᠨᠠᠶᠢᠷ ᠨᠢ ᠠᠯᠤᠰ ᠤᠨ ᠮᠤᠷᠢᠨ ᠤ ᠤᠷᠤᠯᠳᠤᠭᠠᠨ᠂ ᠬᠦᠴᠦᠲᠦ 64 ᠪᠦᠬᠡ ᠶᠢᠨ | ᠪᠠᠷᠢᠯᠳᠤᠭᠠᠨ᠂ ᠰᠡᠶᠡᠩ ᠬᠠᠶᠠᠬᠤ ᠤᠷᠤᠯᠳᠤᠭᠠᠨ ᠬᠢᠭᠡᠳ ᠨᠤᠮᠤ ᠰᠤᠮᠤ ᠬᠠᠷᠪᠤᠬᠤ ᠤᠷᠤᠯᠳᠤᠭᠠᠨ ᠢ ᠥᠷᠨᠢᠬᠦᠯᠵᠦ᠂ | ᠨᠠᠭᠠᠳᠤᠮᠴᠢᠨ ᠤᠯᠠᠨ ᠢᠶᠠᠨ ᠪᠠᠶᠠᠰᠬᠠᠨ᠂ ᠭᠠᠴᠠᠭᠠᠨ ᠠᠴᠠ ᠰᠢᠯᠢᠳᠡᠭ ᠨᠠᠮ ᠤᠨ ᠬᠡᠰᠢᠭᠦᠨ 1 ᠨᠡᠷ᠎ᠡ᠂ ᠰᠢᠯᠢᠳᠡᠭ | ᠵᠠᠯᠠᠭᠤ 2 ᠨᠡᠷ᠎ᠡ᠂ ︽3.8︾ ᠶᠢᠨ ᠤᠯᠠᠭᠠᠨ ᠲᠤᠭᠴᠢ 2 ᠨᠡᠷ᠎ᠡ᠂ ᠬᠤᠲᠠ ᠤᠷᠤᠵᠤ ᠦᠢᠯᠡᠰ ᠪᠤᠰᠬᠠᠭᠰᠠᠨ | ᠲᠡᠷᠢᠭᠦᠨ ᠤ ᠬᠦᠮᠦᠨ 4 ᠨᠡᠷ᠎ᠡ᠂ ᠨᠠᠰᠤᠲᠠᠨ ᠢᠶᠠᠨ ᠬᠦᠨᠳᠦᠯᠡᠵᠦ᠂ ᠨᠢᠯᠬᠠᠰ ᠢᠶᠠᠨ ᠬᠠᠶᠢᠷᠯᠠᠭᠰᠠᠨ ᠰᠢᠯᠢᠳᠡᠭ ᠵᠠᠯᠠᠭᠤ | 2 ᠨᠡᠷ᠎ᠡ᠂ ᠰᠢᠯᠢᠳᠡᠭ ᠬᠠᠰᠢᠷ ᠮᠠᠯᠴᠢᠨ 4 ᠨᠡᠷ᠎ᠡ᠂ ᠰᠢᠨᠵᠢᠯᠡᠬᠦ ᠤᠬᠠᠭᠠᠨ ᠢᠶᠠᠷ ᠠᠮᠢᠳᠤᠷᠠᠯ ᠢᠶᠠᠨ ᠴᠤᠭᠴᠠᠯᠠᠭᠰᠠᠨ | ᠰᠢᠯᠢᠳᠡᠭ ᠮᠠᠯᠴᠢᠨ 2 ᠨᠡᠷ᠎ᠡ᠂ ᠠᠮᠢᠳᠤᠷᠠᠯ ᠳᠠᠭᠠᠨ ᠭᠠᠪᠰᠢᠭᠠᠶᠢᠷᠠᠵᠤ᠂ ᠠᠶᠢᠯ ᠡᠷᠦᠬᠡ ᠪᠠᠨ ᠰᠠᠶᠢᠵᠢᠷᠠᠭᠤᠯᠵᠤ | ᠪᠠᠶᠢᠭ᠎ᠠ ᠲᠡᠷᠢᠭᠦᠨ ᠤ ᠵᠠᠯᠠᠭᠤ 2 ᠨᠡᠷ᠎ᠡ᠂ ᠠᠷᠢᠭᠤᠨ ᠴᠡᠪᠡᠷ ᠠᠶᠢᠯ 2 ᠡᠷᠦᠬᠡ᠂ ᠠᠮᠢᠳᠤᠷᠠᠯ ᠢᠶᠠᠨ ᠴᠤᠭᠴᠠᠯᠠᠭᠰᠠᠨ | ᠭᠠᠷᠮᠠᠭᠠᠢ ᠡᠮᠡᠭᠲᠠᠢ 2 ᠨᠡᠷ᠎ᠡ᠂ ᠨᠤᠲᠤᠭ ᠤᠰᠤᠨ ᠳᠠᠭᠠᠨ ᠬᠡᠷᠡᠯ ᠬᠢᠯᠪᠠᠭ᠎ᠠ ᠠᠪᠴᠢᠷᠠᠭᠰᠠᠨ ᠰᠢᠯᠢᠳᠡᠭ ᠵᠠᠯᠠᠭᠤᠰ 14 | ᠨᠡᠷ᠎ᠡ ᠶᠢ ᠱᠠᠩᠨᠠᠨ ᠬᠦᠬᠢᠭᠦᠯᠵᠦ᠂ ᠭᠠᠴᠠᠭᠠᠨ ᠤ ᠪᠠᠨ ᠮᠠᠯᠴᠢᠨ ᠤᠯᠠᠨ ᠢᠶᠠᠨ ᠵᠤᠷᠢᠭᠵᠢᠭᠤᠯᠤᠨ᠂ ᠢᠲᠡᠭᠡᠯ ᠵᠤᠷᠢᠭ ᠢ | ᠨᠢ ᠬᠦᠪᠴᠢᠯᠡᠵᠦ᠂ ᠰᠢᠯᠢᠳᠡᠭ ᠬᠢᠷᠢ ᠪᠦᠲᠥᠮᠵᠢ ᠪᠠᠷ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ | ᠪᠠᠶᠢᠭᠤᠯᠤᠭᠳᠠᠭᠰᠠᠨ 70 ᠵᠢᠯ ᠤᠨ ᠤᠢ ᠢ ᠪᠠᠶᠠᠷᠯᠠᠨ ᠤᠬᠲᠠᠬᠤ ᠪᠠᠷ ᠴᠢᠷᠮᠠᠶᠢᠨ ᠠᠵᠢᠯᠯᠠᠵᠤ ᠪᠠᠶᠢᠨ᠎ᠠ᠃ | ᠡᠵᠢᠨᠠᠭᠤᠷ ᠪᠠᠯᠭᠠᠰᠤᠨ ᠤ ᠨᠠᠮ ᠵᠠᠰᠠᠭ ᠤᠨ ᠠᠯᠪᠠᠨ ᠭᠡᠷ᠂ ᠰᠤᠶᠤᠯ ᠤᠨ ᠥᠷᠲᠡᠭᠡ᠂ ᠬᠠᠤᠯᠢ ᠴᠠᠭᠠᠵᠠ ᠶᠢᠨ | ᠰᠠᠯᠪᠤᠷᠢ᠂ ᠲᠦᠯᠦᠪᠯᠡᠭᠡᠲᠦ ᠦᠷᠡᠵᠢᠯ ᠤᠨ ᠰᠠᠯᠪᠤᠷᠢ᠂ ᠡᠪᠯᠡᠯ ᠤᠨ ᠬᠤᠷᠢᠶ᠎ᠠ᠂ ᠠᠷᠠᠳ ᠤᠨ ᠶᠠᠪᠤᠳᠠᠯ ᠤᠨ ᠰᠠᠯᠪᠤᠷᠢ᠂ | ᠡᠳ᠋ ᠶᠢᠨ ᠵᠠᠰᠠᠭ ᠤᠨ ᠰᠠᠯᠪᠤᠷᠢ᠂ ᠭᠠᠵᠠᠷ ᠰᠢᠷᠤᠢ ᠡᠬᠢ ᠪᠠᠶᠠᠯᠢᠭ ᠶᠢᠨ ᠰᠠᠯᠪᠤᠷᠢ ᠶᠢᠨ ᠬᠠᠷᠢᠭᠤᠴᠠᠯᠭᠠᠲᠠᠨ᠂ | ᠪᠠᠯᠭᠠᠰᠤᠨ ᠤ ᠺᠠᠳ᠋ᠷ ᠠᠵᠢᠯᠲᠠᠨ ᠬᠢᠭᠡᠳ ᠡᠬᠡᠪᠤᠯᠠᠭ ᠢᠲᠡᠭᠡᠮᠵᠢ ᠶᠢᠨ ᠬᠤᠷᠰᠢᠶ᠎ᠠ᠂ ᠡᠵᠢᠨᠠᠭᠤᠷ ᠡᠮᠨᠡᠯᠭᠡ ᠶᠢᠨ ᠬᠤᠷᠢᠶ᠎ᠠ | ᠬᠦᠷᠦᠯᠴᠡᠨ ᠢᠷᠡᠵᠦ ᠲᠤᠰ ᠤᠳᠠᠭᠠᠨ ᠤ ᠬᠦᠳᠡᠯᠭᠡᠭᠡᠨ ᠢ ᠠᠰᠢᠭᠯᠠᠨ ᠮᠠᠯᠴᠢᠳ ᠲᠤ ︽ᠰᠢᠷ᠎ᠠ ᠶᠢᠨ ᠠᠷᠢᠯᠭᠠᠨ᠂ | ᠬᠠᠤᠯᠢ ᠪᠤᠰᠤ ᠬᠡᠪᠯᠡᠯ ᠵᠤᠬᠢᠯᠲᠠ ᠥᠭᠭᠦ︾ ᠠᠵᠢᠯᠯᠠᠭ᠎ᠠ᠂ ᠬᠠᠤᠯᠢ ᠴᠠᠭᠠᠵᠠ ᠶᠢᠨ ᠤᠬᠠᠭᠤᠯᠭ᠎ᠠ᠂ ᠲᠥᠷᠦ ᠶᠢᠨ | ᠪᠤᠳᠤᠯᠭ᠎ᠠ ᠶᠢᠨ ᠲᠠᠶᠢᠯᠤᠮᠵᠢ ᠬᠢᠵᠦ᠂ ᠡᠯ᠎ᠡ ᠲᠥᠷᠦᠯ ᠤᠨ ᠤᠬᠠᠭᠤᠯᠭ᠎ᠠ ᠶᠢᠨ ᠬᠠᠭᠤᠳᠠᠰᠤ ᠶᠢ 200 ᠭᠠᠷᠤᠢ | ᠬᠠᠭᠤᠳᠠᠰᠤ ᠲᠠᠷᠬᠠᠭᠠᠵᠤ᠂ ᠬᠠᠷᠠᠭᠠᠲᠦ ᠭᠠᠴᠠᠭ᠎ᠠ ᠶᠢ ᠳᠠᠭᠠᠭᠠᠴᠢᠯᠠᠵᠤ ᠪᠠᠶᠢᠬᠤ ᠬᠤᠰᠢᠭᠤᠨ ᠤ ᠮᠤᠩᠭᠤᠯ ᠡᠮᠨᠡᠯᠭᠡ | ᠶᠢᠨ ᠬᠤᠷᠢᠶᠠᠨ ᠠᠴᠠ ᠮᠠᠯᠴᠢᠳ ᠲᠤ ᠦᠨ᠎ᠡ ᠲᠥᠯᠦᠪᠦᠷᠢ ᠦᠬᠡᠢ ᠪᠡᠶ᠎ᠡ ᠶᠢᠨ ᠪᠠᠶᠢᠴᠠᠭᠠᠯᠲᠠ ᠬᠢᠵᠦ ᠥᠭᠭᠦᠭᠰᠡᠨ | ᠪᠠᠶᠢᠨ᠎ᠠ᠃ | ᠡᠯ᠎ᠡ ᠲᠥᠷᠦᠯ ᠤᠨ ᠤᠷᠤᠯᠳᠤᠭᠠᠨ ᠤ ᠡᠴᠦᠰ ᠲᠤ ᠠᠯᠤᠰ ᠤᠨ ᠮᠤᠷᠢᠨ ᠤ ᠤᠷᠤᠯᠳᠤᠭᠠᠨ ᠳᠤ ᠬᠠᠲᠠᠪᠴᠢ | ᠪᠠᠯᠭᠠᠰᠤᠨ ᠤ ᠲᠤᠬᠲᠠᠬᠤ ᠶᠢᠨ ᠬᠦᠷᠡᠩ ᠬᠠᠯᠵᠠᠨ ᠠᠵᠢᠷᠭ᠎ᠠ ᠠᠶᠢᠷᠠᠭ ᠤᠨ ᠲᠡᠷᠢᠬᠦᠨ ᠳᠤ ᠲᠤᠳᠤᠷᠠᠵᠤ᠂ ᠬᠦᠴᠦᠲᠦ | 64 ᠪᠦᠬᠡ ᠶᠢᠨ ᠪᠠᠷᠢᠯᠳᠤᠭᠠᠨ ᠳᠤ ᠠᠯᠲᠠᠨᠬᠢᠯᠢ ᠰᠤᠮᠤᠨ ᠤ ᠭᠠᠩᠰᠦ᠋ᠬᠡ ᠲᠡᠷᠢᠭᠦᠯᠡᠵᠦ᠂ ᠠᠷᠰᠯᠠᠨ ᠪᠠᠲᠤᠵᠢᠷᠭᠠᠯ | ᠳᠡᠳᠡᠯᠡᠵᠦ᠂ ᠰᠡᠶᠡᠩ ᠬᠠᠶᠠᠬᠤ ᠤᠷᠤᠯᠳᠤᠭᠠᠨ ᠳᠤ ᠬᠠᠷᠠᠭᠠᠲᠦ ᠭᠠᠴᠠᠭᠠᠨ ᠤ ᠴᠡᠴᠡᠭ ᠲᠡᠷᠢᠭᠦᠯᠡᠵᠦ᠂ ᠨᠤᠮᠤ ᠰᠤᠮᠤ | ᠬᠠᠷᠪᠤᠬᠤ ᠤᠷᠤᠯᠳᠤᠭᠠᠨ ᠳᠤ ᠪᠤᠶᠠᠨᠬᠡᠰᠢᠭ ᠲᠡᠷᠢᠭᠦᠨ ᠪᠠᠶᠢᠷᠢᠨ ᠳᠤ ᠲᠤᠳᠤᠷᠠᠵᠤ᠂ ᠭᠠᠴᠠᠭᠠᠨ ᠤ ᠬᠠᠮᠲᠦ ᠤᠯᠠᠨ ᠤ | ᠬᠠᠮᠲᠦ ᠶᠢᠨ ᠴᠢᠷᠮᠠᠶᠢᠯᠭ᠎ᠠ ᠪᠠᠷ ᠲᠤᠰ ᠤᠳᠠᠭᠠᠨ ᠤ ᠨᠠᠶᠢᠷ ᠨᠢ ᠳᠡᠬᠦᠰ ᠠᠮᠵᠢᠯᠲᠠ ᠲᠠᠢ ᠪᠠᠷ ᠦᠨᠳᠦᠷᠯᠡᠭᠰᠡᠨ ᠪᠠᠶᠢᠨ᠎ᠠ | ᠃ | | |