ᠬᠠᠷᠠᠭᠠᠲᠦ ᠭᠠᠴᠠᠭᠠᠨ ᠤ ︽3.8︾ ᠤ ᠡᠮᠡᠭᠲᠠᠶᠢᠴᠤᠳ ᠤᠨ ᠪᠠᠶᠠᠷ ᠵᠢᠴᠢ ︽5.4︾ ᠤ ᠵᠠᠯᠠᠭᠤᠴᠤᠳ ᠤᠨ ᠪᠠᠶᠠᠷ ᠢ ᠬᠠᠮᠲᠤᠷᠠᠨ ᠪᠡᠯᠭᠡᠯᠡᠬᠦ ᠨᠠᠶᠢᠷ ᠠᠮᠵᠢᠯᠲᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2017/6/19
     ᠠᠷᠪᠠᠨ ᠵᠦᠭ ᠤᠨ ᠠᠶᠠᠨᠴᠢᠨ ᠵᠢᠩᠴᠢᠳ ᠢᠶᠠᠨ ᠪᠠᠶᠠᠰᠬᠠᠨ᠂ ᠥᠭᠬᠢᠶᠡᠮᠦᠷᠢ ᠡᠵᠢ ᠨᠠᠭᠤᠷ ᠤᠨ ᠳᠡᠩᠵᠢᠨ ᠳᠡᠭᠡᠷ᠎ᠡ ᠠᠴᠠ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠳᠤ ᠵᠤᠷᠢᠭᠤᠯᠤᠨ᠂ 6 ᠰᠠᠷ᠎ᠠ ᠶᠢᠨ 15 ᠤ ᠡᠳᠦᠷ᠂ ᠡᠵᠢᠨᠠᠭᠤᠷ ᠪᠠᠯᠭᠠᠰᠤᠨ ᠤ ᠬᠠᠷᠠᠭᠠᠲᠦ ᠭᠠᠴᠠᠭ᠎ᠠ ᠨᠢ ︽3.8︾ ᠤ ᠡᠮᠡᠭᠲᠠᠶᠢᠴᠤᠳ ᠤᠨ ᠪᠠᠶᠠᠷ ᠵᠢᠴᠢ ︽5.4︾ ᠤ ᠵᠠᠯᠠᠭᠤᠴᠤᠳ ᠤᠨ ᠪᠠᠶᠠᠷ ᠢ ᠬᠠᠮᠲᠤᠷᠠᠨ ᠪᠡᠯᠭᠡᠯᠡᠬᠦ ᠨᠠᠶᠢᠷ ᠢᠶᠠᠨ ᠬᠢᠵᠦ᠂ ᠦᠵᠡᠭᠴᠢ ᠤᠯᠠᠨ ᠤ ᠪᠠᠨ ᠭᠡᠭᠡᠨ ᠮᠡᠯᠡᠮᠡᠢ ᠢ ᠪᠠᠶᠠᠰᠬᠠᠨ ᠵᠤᠭᠠᠯᠠᠭᠰᠠᠨ ᠪᠠᠶᠢᠨ᠎ᠠ᠃ ᠲᠤᠰ ᠤᠳᠠᠭᠠᠨ ᠤ ᠨᠠᠶᠢᠷ ᠲᠤ ᠮᠤᠩᠭᠤᠯ ᠤᠯᠤᠰ ᠤᠨ ᠤᠯᠠᠭᠠᠨᠪᠠᠭᠠᠲᠤᠷ ᠲᠧᠯᠸᠢᠰ᠂ ᠮᠤᠩᠭᠤᠯ ᠤᠯᠤᠰ ᠤᠨ ᠥᠨᠦᠳᠦᠷ ᠰᠦᠯᠵᠢᠶ᠎ᠡ᠂ ᠮᠤᠩᠭᠤᠯ ᠤᠯᠤᠰ ᠤᠨ TV5 ᠲᠧᠯᠸᠢᠰ᠂ ᠮᠤᠩᠭᠤᠯ ᠤᠯᠤᠰ ᠤᠨ ᠪᠠᠷᠢᠯᠭ᠎ᠠ᠂ MN ᠰᠦᠯᠵᠢᠶ᠎ᠡ᠂ ᠮᠤᠩᠭᠤᠯ ᠤᠯᠤᠰ ᠤᠨ FACT ᠰᠦᠯᠵᠢᠶ᠎ᠡ᠂ ᠮᠤᠩᠭᠤᠯ ᠤᠯᠤᠰ ᠤᠨ ᠰᠡᠳᠬᠦᠯᠴᠢᠳ ᠤᠨ ᠨᠢᠭᠡᠳᠦᠭᠰᠡᠨ ᠡᠪᠯᠡᠯ᠂ ᠮᠤᠩᠭᠤᠯ ᠤᠯᠤᠰ ᠤᠨ ᠵᠠᠭᠤᠨ ᠳᠤᠯᠤᠭ᠎ᠠ᠂ ᠠᠷᠪᠠᠨ ᠤ ᠲᠠᠪᠤ ᠷᠠᠳᠢᠤ᠋᠂ ᠮᠤᠩᠭᠤᠯ ᠤᠯᠤᠰ ᠤᠨ ᠮᠤᠩᠭᠤᠯ ᠴᠠᠬᠢᠯᠭᠠᠨ ᠮᠡᠳᠡᠭᠡ᠂ ᠥᠪᠤᠷ ᠮᠤᠩᠭᠤᠯ ᠤᠨ ᠤᠳᠤᠨ ᠲᠧᠯᠸᠢᠰ᠂ ᠥᠪᠦᠷ ᠮᠤᠩᠭᠤᠯ ᠤᠨ ᠮᠤᠩᠭᠤᠯ ᠷᠠᠳᠢᠤ᠋᠂ ᠳᠤᠮᠳᠠᠲᠦ ᠤᠯᠤᠰ  ᠤᠨ ᠤᠯᠠᠨ ᠤᠯᠤᠰ ᠤᠨ ᠷᠠᠳᠢᠤ᠋ ᠬᠤᠷᠢᠶ᠎ᠠ᠂ ᠤᠯᠤᠰ ᠤᠨ ᠲᠤᠳᠤᠭᠠᠲᠦ ᠶᠢᠨ ᠮᠡᠳᠡᠭᠡ ᠵᠢᠭᠤᠴᠢᠯᠠᠭᠤᠷ ᠬᠢᠭᠡᠳ ᠰᠢᠯᠢ  ᠶᠢᠨ ᠭᠤᠤᠯ ᠠᠶᠢᠮᠠᠭ ᠤᠨ ᠤᠬᠠᠭᠤᠯᠬᠤ ᠭᠡᠯᠲᠡᠰ᠂ ᠬᠤᠰᠢᠭᠤ ᠤᠬᠠᠭᠤᠯᠬᠤ ᠭᠡᠯᠲᠡᠰ᠂ ᠬᠤᠰᠢᠭᠤ ᠷᠠᠳᠢᠤ᠋ ᠲᠧᠯᠸᠢᠰ᠂ ᠰᠤᠶᠤᠯ ᠲᠠᠮᠢᠷ ᠬᠢᠭᠡᠳ ᠵᠢᠭᠤᠴᠢᠯᠠᠯ ᠤᠨ ᠳᠤᠪᠴᠢᠶ᠎ᠠ᠂ ᠬᠤᠰᠢᠭᠤ ᠡᠮᠡᠭᠲᠠᠶᠢᠴᠤᠳ ᠤᠨ ᠬᠤᠯᠪᠤᠭᠠᠲᠦ ᠬᠤᠷᠠᠯ᠂ ᠬᠤᠰᠢᠭᠤ ᠶᠠᠳᠠᠭᠤ ᠶᠢ ᠳᠡᠳᠬᠦᠬᠦ ᠠᠯᠪᠠᠨ ᠭᠡᠷ᠂ ᠬᠤᠰᠢᠭᠤ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ  ᠤᠨ ᠪᠠᠲᠤᠯᠠᠭᠠᠨ ᠤ ᠳᠤᠪᠴᠢᠶ᠎ᠠ᠂ ᠬᠤᠰᠢᠭᠤ ᠮᠤᠩᠭᠤᠯ ᠡᠮᠨᠡᠯᠭᠡ ᠶᠢᠨ ᠬᠤᠷᠢᠶᠠᠨ ᠤ ᠺᠠᠳ᠋ᠷ ᠤᠳᠤᠷᠢᠳᠤᠯᠭ᠎ᠠ᠂ ᠪᠠᠯᠭᠠᠰᠤᠨ ᠤ ᠨᠠᠮ ᠵᠠᠰᠠᠭ ᠤᠨ ᠤᠳᠤᠷᠢᠳᠤᠯᠭ᠎ᠠ᠂ ᠡᠯ᠎ᠡ ᠦᠷᠲᠡᠭᠡ ᠰᠠᠯᠪᠤᠷᠢ ᠶᠢᠨ ᠬᠠᠷᠢᠭᠤᠴᠠᠯᠭᠠᠲᠠᠨ᠂ ᠬᠢᠭᠡᠳ ᠬᠤᠯᠠ ᠤᠶᠢᠷ᠎ᠠ ᠶᠢᠨ ᠮᠠᠯᠴᠢᠨ᠂ ᠨᠠᠭᠠᠳᠤᠮᠴᠢᠨ᠂ ᠤᠶᠠᠭᠠᠴᠢ᠂ ᠪᠦᠬᠡᠴᠢᠳ ᠨᠡᠶᠢᠲᠡ 300 ᠭᠠᠷᠤᠢ ᠬᠦᠮᠦᠨ ᠬᠦᠷᠡᠯᠴᠡᠨ ᠢᠷᠡᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠢ ᠹᠦ᠋ ᠴᠢᠤᠸᠠᠨ ᠨᠦᠬᠦᠷ ᠠᠴᠠ ᠪᠠᠶᠠᠷ ᠤᠨ ᠶᠠᠷᠢᠶ᠎ᠠ ᠲᠠᠯᠪᠢᠨ ᠨᠠᠶᠢᠷ ᠢᠶᠠᠨ ᠡᠬᠢᠯᠡᠭᠦᠯᠦᠭᠰᠡᠨ ᠪᠠᠶᠢᠨ᠎ᠠ᠃      ᠲᠤᠰ ᠤᠳᠠᠭᠠᠨ ᠤ ᠨᠠᠶᠢᠷ ᠨᠢ ᠠᠯᠤᠰ ᠤᠨ ᠮᠤᠷᠢᠨ ᠤ ᠤᠷᠤᠯᠳᠤᠭᠠᠨ᠂ ᠬᠦᠴᠦᠲᠦ 64 ᠪᠦᠬᠡ ᠶᠢᠨ ᠪᠠᠷᠢᠯᠳᠤᠭᠠᠨ᠂ ᠰᠡᠶᠡᠩ ᠬᠠᠶᠠᠬᠤ ᠤᠷᠤᠯᠳᠤᠭᠠᠨ ᠬᠢᠭᠡᠳ ᠨᠤᠮᠤ ᠰᠤᠮᠤ ᠬᠠᠷᠪᠤᠬᠤ ᠤᠷᠤᠯᠳᠤᠭᠠᠨ ᠢ ᠥᠷᠨᠢᠬᠦᠯᠵᠦ᠂ ᠨᠠᠭᠠᠳᠤᠮᠴᠢᠨ ᠤᠯᠠᠨ ᠢᠶᠠᠨ ᠪᠠᠶᠠᠰᠬᠠᠨ᠂ ᠭᠠᠴᠠᠭᠠᠨ ᠠᠴᠠ ᠰᠢᠯᠢᠳᠡᠭ ᠨᠠᠮ ᠤᠨ ᠬᠡᠰᠢᠭᠦᠨ 1 ᠨᠡᠷ᠎ᠡ᠂ ᠰᠢᠯᠢᠳᠡᠭ ᠵᠠᠯᠠᠭᠤ 2 ᠨᠡᠷ᠎ᠡ᠂ ︽3.8︾ ᠶᠢᠨ ᠤᠯᠠᠭᠠᠨ ᠲᠤᠭᠴᠢ 2 ᠨᠡᠷ᠎ᠡ᠂ ᠬᠤᠲᠠ ᠤᠷᠤᠵᠤ ᠦᠢᠯᠡᠰ ᠪᠤᠰᠬᠠᠭᠰᠠᠨ ᠲᠡᠷᠢᠭᠦᠨ ᠤ ᠬᠦᠮᠦᠨ 4 ᠨᠡᠷ᠎ᠡ᠂ ᠨᠠᠰᠤᠲᠠᠨ ᠢᠶᠠᠨ ᠬᠦᠨᠳᠦᠯᠡᠵᠦ᠂ ᠨᠢᠯᠬᠠᠰ ᠢᠶᠠᠨ ᠬᠠᠶᠢᠷᠯᠠᠭᠰᠠᠨ ᠰᠢᠯᠢᠳᠡᠭ ᠵᠠᠯᠠᠭᠤ 2 ᠨᠡᠷ᠎ᠡ᠂ ᠰᠢᠯᠢᠳᠡᠭ ᠬᠠᠰᠢᠷ ᠮᠠᠯᠴᠢᠨ 4 ᠨᠡᠷ᠎ᠡ᠂ ᠰᠢᠨᠵᠢᠯᠡᠬᠦ ᠤᠬᠠᠭᠠᠨ ᠢᠶᠠᠷ ᠠᠮᠢᠳᠤᠷᠠᠯ ᠢᠶᠠᠨ ᠴᠤᠭᠴᠠᠯᠠᠭᠰᠠᠨ ᠰᠢᠯᠢᠳᠡᠭ ᠮᠠᠯᠴᠢᠨ 2 ᠨᠡᠷ᠎ᠡ᠂ ᠠᠮᠢᠳᠤᠷᠠᠯ ᠳᠠᠭᠠᠨ ᠭᠠᠪᠰᠢᠭᠠᠶᠢᠷᠠᠵᠤ᠂ ᠠᠶᠢᠯ ᠡᠷᠦᠬᠡ ᠪᠠᠨ ᠰᠠᠶᠢᠵᠢᠷᠠᠭᠤᠯᠵᠤ ᠪᠠᠶᠢᠭ᠎ᠠ ᠲᠡᠷᠢᠭᠦᠨ ᠤ ᠵᠠᠯᠠᠭᠤ 2 ᠨᠡᠷ᠎ᠡ᠂ ᠠᠷᠢᠭᠤᠨ ᠴᠡᠪᠡᠷ ᠠᠶᠢᠯ 2 ᠡᠷᠦᠬᠡ᠂ ᠠᠮᠢᠳᠤᠷᠠᠯ ᠢᠶᠠᠨ ᠴᠤᠭᠴᠠᠯᠠᠭᠰᠠᠨ ᠭᠠᠷᠮᠠᠭᠠᠢ ᠡᠮᠡᠭᠲᠠᠢ 2 ᠨᠡᠷ᠎ᠡ᠂ ᠨᠤᠲᠤᠭ ᠤᠰᠤᠨ ᠳᠠᠭᠠᠨ ᠬᠡᠷᠡᠯ ᠬᠢᠯᠪᠠᠭ᠎ᠠ ᠠᠪᠴᠢᠷᠠᠭᠰᠠᠨ ᠰᠢᠯᠢᠳᠡᠭ ᠵᠠᠯᠠᠭᠤᠰ 14 ᠨᠡᠷ᠎ᠡ ᠶᠢ ᠱᠠᠩᠨᠠᠨ ᠬᠦᠬᠢᠭᠦᠯᠵᠦ᠂ ᠭᠠᠴᠠᠭᠠᠨ ᠤ ᠪᠠᠨ ᠮᠠᠯᠴᠢᠨ ᠤᠯᠠᠨ ᠢᠶᠠᠨ ᠵᠤᠷᠢᠭᠵᠢᠭᠤᠯᠤᠨ᠂ ᠢᠲᠡᠭᠡᠯ ᠵᠤᠷᠢᠭ ᠢ  ᠨᠢ ᠬᠦᠪᠴᠢᠯᠡᠵᠦ᠂ ᠰᠢᠯᠢᠳᠡᠭ ᠬᠢᠷᠢ ᠪᠦᠲᠥᠮᠵᠢ ᠪᠠᠷ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠪᠠᠶᠢᠭᠤᠯᠤᠭᠳᠠᠭᠰᠠᠨ 70 ᠵᠢᠯ ᠤᠨ ᠤᠢ ᠢ ᠪᠠᠶᠠᠷᠯᠠᠨ ᠤᠬᠲᠠᠬᠤ ᠪᠠᠷ ᠴᠢᠷᠮᠠᠶᠢᠨ ᠠᠵᠢᠯᠯᠠᠵᠤ ᠪᠠᠶᠢᠨ᠎ᠠ᠃ᠡᠵᠢᠨᠠᠭᠤᠷ ᠪᠠᠯᠭᠠᠰᠤᠨ ᠤ ᠨᠠᠮ ᠵᠠᠰᠠᠭ ᠤᠨ ᠠᠯᠪᠠᠨ ᠭᠡᠷ᠂ ᠰᠤᠶᠤᠯ ᠤᠨ ᠥᠷᠲᠡᠭᠡ᠂ ᠬᠠᠤᠯᠢ ᠴᠠᠭᠠᠵᠠ ᠶᠢᠨ ᠰᠠᠯᠪᠤᠷᠢ᠂ ᠲᠦᠯᠦᠪᠯᠡᠭᠡᠲᠦ ᠦᠷᠡᠵᠢᠯ ᠤᠨ ᠰᠠᠯᠪᠤᠷᠢ᠂ ᠡᠪᠯᠡᠯ ᠤᠨ ᠬᠤᠷᠢᠶ᠎ᠠ᠂ ᠠᠷᠠᠳ ᠤᠨ ᠶᠠᠪᠤᠳᠠᠯ ᠤᠨ ᠰᠠᠯᠪᠤᠷᠢ᠂ ᠡᠳ᠋ ᠶᠢᠨ ᠵᠠᠰᠠᠭ ᠤᠨ ᠰᠠᠯᠪᠤᠷᠢ᠂ ᠭᠠᠵᠠᠷ ᠰᠢᠷᠤᠢ ᠡᠬᠢ ᠪᠠᠶᠠᠯᠢᠭ ᠶᠢᠨ ᠰᠠᠯᠪᠤᠷᠢ ᠶᠢᠨ ᠬᠠᠷᠢᠭᠤᠴᠠᠯᠭᠠᠲᠠᠨ᠂ ᠪᠠᠯᠭᠠᠰᠤᠨ ᠤ ᠺᠠᠳ᠋ᠷ ᠠᠵᠢᠯᠲᠠᠨ ᠬᠢᠭᠡᠳ ᠡᠬᠡᠪᠤᠯᠠᠭ ᠢᠲᠡᠭᠡᠮᠵᠢ ᠶᠢᠨ ᠬᠤᠷᠰᠢᠶ᠎ᠠ᠂ ᠡᠵᠢᠨᠠᠭᠤᠷ ᠡᠮᠨᠡᠯᠭᠡ ᠶᠢᠨ ᠬᠤᠷᠢᠶ᠎ᠠ ᠬᠦᠷᠦᠯᠴᠡᠨ ᠢᠷᠡᠵᠦ ᠲᠤᠰ ᠤᠳᠠᠭᠠᠨ ᠤ ᠬᠦᠳᠡᠯᠭᠡᠭᠡᠨ ᠢ ᠠᠰᠢᠭᠯᠠᠨ ᠮᠠᠯᠴᠢᠳ ᠲᠤ ︽ᠰᠢᠷ᠎ᠠ ᠶᠢᠨ ᠠᠷᠢᠯᠭᠠᠨ᠂ ᠬᠠᠤᠯᠢ ᠪᠤᠰᠤ ᠬᠡᠪᠯᠡᠯ ᠵᠤᠬᠢᠯᠲᠠ ᠥᠭᠭᠦ︾ ᠠᠵᠢᠯᠯᠠᠭ᠎ᠠ᠂ ᠬᠠᠤᠯᠢ ᠴᠠᠭᠠᠵᠠ ᠶᠢᠨ ᠤᠬᠠᠭᠤᠯᠭ᠎ᠠ᠂ ᠲᠥᠷᠦ ᠶᠢᠨ ᠪᠤᠳᠤᠯᠭ᠎ᠠ ᠶᠢᠨ ᠲᠠᠶᠢᠯᠤᠮᠵᠢ ᠬᠢᠵᠦ᠂ ᠡᠯ᠎ᠡ ᠲᠥᠷᠦᠯ ᠤᠨ ᠤᠬᠠᠭᠤᠯᠭ᠎ᠠ ᠶᠢᠨ ᠬᠠᠭᠤᠳᠠᠰᠤ ᠶᠢ 200 ᠭᠠᠷᠤᠢ ᠬᠠᠭᠤᠳᠠᠰᠤ ᠲᠠᠷᠬᠠᠭᠠᠵᠤ᠂ ᠬᠠᠷᠠᠭᠠᠲᠦ ᠭᠠᠴᠠᠭ᠎ᠠ ᠶᠢ ᠳᠠᠭᠠᠭᠠᠴᠢᠯᠠᠵᠤ ᠪᠠᠶᠢᠬᠤ ᠬᠤᠰᠢᠭᠤᠨ ᠤ ᠮᠤᠩᠭᠤᠯ ᠡᠮᠨᠡᠯᠭᠡ  ᠶᠢᠨ ᠬᠤᠷᠢᠶᠠᠨ ᠠᠴᠠ ᠮᠠᠯᠴᠢᠳ ᠲᠤ ᠦᠨ᠎ᠡ ᠲᠥᠯᠦᠪᠦᠷᠢ ᠦᠬᠡᠢ ᠪᠡᠶ᠎ᠡ ᠶᠢᠨ ᠪᠠᠶᠢᠴᠠᠭᠠᠯᠲᠠ ᠬᠢᠵᠦ ᠥᠭᠭᠦᠭᠰᠡᠨ ᠪᠠᠶᠢᠨ᠎ᠠ᠃      ᠡᠯ᠎ᠡ ᠲᠥᠷᠦᠯ ᠤᠨ ᠤᠷᠤᠯᠳᠤᠭᠠᠨ ᠤ ᠡᠴᠦᠰ ᠲᠤ ᠠᠯᠤᠰ ᠤᠨ ᠮᠤᠷᠢᠨ ᠤ ᠤᠷᠤᠯᠳᠤᠭᠠᠨ ᠳᠤ ᠬᠠᠲᠠᠪᠴᠢ ᠪᠠᠯᠭᠠᠰᠤᠨ ᠤ ᠲᠤᠬᠲᠠᠬᠤ ᠶᠢᠨ ᠬᠦᠷᠡᠩ ᠬᠠᠯᠵᠠᠨ ᠠᠵᠢᠷᠭ᠎ᠠ ᠠᠶᠢᠷᠠᠭ ᠤᠨ ᠲᠡᠷᠢᠬᠦᠨ ᠳᠤ ᠲᠤᠳᠤᠷᠠᠵᠤ᠂ ᠬᠦᠴᠦᠲᠦ 64 ᠪᠦᠬᠡ ᠶᠢᠨ ᠪᠠᠷᠢᠯᠳᠤᠭᠠᠨ ᠳᠤ ᠠᠯᠲᠠᠨᠬᠢᠯᠢ ᠰᠤᠮᠤᠨ ᠤ ᠭᠠᠩᠰᠦ᠋ᠬᠡ ᠲᠡᠷᠢᠭᠦᠯᠡᠵᠦ᠂ ᠠᠷᠰᠯᠠᠨ ᠪᠠᠲᠤᠵᠢᠷᠭᠠᠯ ᠳᠡᠳᠡᠯᠡᠵᠦ᠂ ᠰᠡᠶᠡᠩ ᠬᠠᠶᠠᠬᠤ ᠤᠷᠤᠯᠳᠤᠭᠠᠨ ᠳᠤ ᠬᠠᠷᠠᠭᠠᠲᠦ ᠭᠠᠴᠠᠭᠠᠨ ᠤ ᠴᠡᠴᠡᠭ ᠲᠡᠷᠢᠭᠦᠯᠡᠵᠦ᠂ ᠨᠤᠮᠤ ᠰᠤᠮᠤ ᠬᠠᠷᠪᠤᠬᠤ ᠤᠷᠤᠯᠳᠤᠭᠠᠨ ᠳᠤ ᠪᠤᠶᠠᠨᠬᠡᠰᠢᠭ ᠲᠡᠷᠢᠭᠦᠨ ᠪᠠᠶᠢᠷᠢᠨ ᠳᠤ ᠲᠤᠳᠤᠷᠠᠵᠤ᠂ ᠭᠠᠴᠠᠭᠠᠨ ᠤ ᠬᠠᠮᠲᠦ ᠤᠯᠠᠨ ᠤ ᠬᠠᠮᠲᠦ ᠶᠢᠨ ᠴᠢᠷᠮᠠᠶᠢᠯᠭ᠎ᠠ ᠪᠠᠷ ᠲᠤᠰ ᠤᠳᠠᠭᠠᠨ ᠤ ᠨᠠᠶᠢᠷ ᠨᠢ ᠳᠡᠬᠦᠰ ᠠᠮᠵᠢᠯᠲᠠ ᠲᠠᠢ ᠪᠠᠷ ᠦᠨᠳᠦᠷᠯᠡᠭᠰᠡᠨ ᠪᠠᠶᠢᠨ᠎ᠠ
 
ᠢᠷᠡᠯᠲᠡ᠄ ᠡᠵᠢᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号