ᠵᠡᠭᠦᠨ ᠬᠠᠲᠠᠪᠴᠢ  ᠪᠤᠭᠤᠮᠲᠠ ᠪᠠᠷ ᠮᠤᠩᠭᠤᠯ ᠤᠯᠤᠰ ᠤᠨ ᠡᠪᠡᠰᠦ ᠤᠷᠤᠭᠤᠯᠵᠤ ᠪᠠᠶᠢᠭ᠎ᠠ ᠠᠵᠤ ᠠᠬᠤᠶᠢᠯᠠᠯ ᠤᠨ ᠲᠤᠭ᠎ᠠ ᠳᠤᠭᠲᠠᠭᠤᠨ ᠢᠶᠠᠷ ᠨᠡᠮᠡᠭᠳᠡᠵᠦ ᠪᠠᠶᠢᠨ᠎ᠠ
ᠨᠡᠶᠢᠲᠡᠯᠡᠭᠰᠡᠨ ᠴᠠᠭ᠄
2017/6/5
     ᠡᠨᠡ ᠵᠢᠯ ᠵᠡᠭᠦᠨ ᠬᠠᠲᠠᠪᠴᠢ ᠪᠤᠭᠤᠮᠲᠠ ᠪᠠᠷ ᠮᠤᠩᠭᠤᠯ ᠤᠯᠤᠰ ᠤᠨ ᠡᠪᠡᠰᠦ ᠤᠷᠤᠭᠤᠯᠬᠤ ᠶᠢ ᠪᠠᠶᠢᠩᠭᠤ ᠶᠢᠨ ᠴᠢᠨᠠᠷᠲᠠᠢ ᠪᠤᠯᠭᠠᠭᠰᠠᠨ ᠠᠴᠠ ᠨᠠᠰᠢ᠂ ᠤᠳᠤ ᠪᠤᠯᠲᠠᠯ᠎ᠠ᠂ ᠳᠤᠮᠳᠠᠳᠤ ᠤᠯᠤᠰ ᠤᠨ ᠴᠢᠨᠠᠷ ᠴᠢᠨᠰᠠᠭ᠎ᠠ ᠬᠢᠨᠠᠨ ᠬᠠᠮᠢᠶᠠᠷᠤᠯᠳᠠ ᠶᠢᠨ ᠰᠢᠯᠭᠠᠨ ᠪᠠᠶᠢᠴᠠᠭᠠᠬᠤ ᠶᠡᠷᠤᠩᠬᠡᠢ ᠲᠤᠪᠴᠢᠶ᠎ᠠ ᠳᠤ ᠳᠠᠩᠰᠠᠯᠠᠭᠤᠯᠤᠭᠰᠠ ᠮᠤᠩᠭᠤᠯ ᠤᠯᠤᠰ ᠤᠨ ᠪᠤᠭᠤᠮᠲᠠ ᠪᠠᠷ ᠡᠪᠡᠰᠦ ᠭᠠᠷᠭᠠᠵᠤ ᠪᠠᠶᠢᠭ᠎ᠠ ᠠᠵᠤ ᠠᠬᠤᠶᠢᠯᠠᠯ ᠤᠤᠯ ᠤᠨ 4 ᠪᠠᠶᠢᠭᠰᠠᠨ ᠠᠴᠠ 12 ᠪᠤᠯᠤᠨ  ᠨᠡᠮᠡᠭᠳᠡᠵᠦ᠂ ᠪᠤᠰᠤᠳ ᠠᠵᠤ ᠠᠬᠤᠶᠢᠯᠠᠯ ᠨᠢ ᠶᠠᠭ ᠡᠷᠡᠮᠵᠢᠯᠡᠵᠤ ᠪᠠᠶᠢᠨ᠎ᠠ᠃      ᠤᠳᠤᠬᠠᠨ ᠪᠤᠯᠲᠠᠯ᠎ᠠ᠂ ᠵᠡᠭᠦᠨ ᠦᠵᠦᠮᠦᠴᠢᠨ ᠬᠤᠰᠢᠭᠤᠨ ᠤ ᠬᠢᠯᠢ ᠪᠠᠷ ᠤᠷᠤᠭᠤᠯᠵᠤ ᠭᠠᠷᠭᠠᠬᠤ ᠶᠢ ᠬᠢᠨᠠᠨ ᠪᠠᠶᠢᠴᠠᠭᠠᠬᠤ ᠲᠤᠪᠴᠢᠶᠠᠨ ᠳᠤ 29 ᠠᠵᠤ ᠠᠬᠤᠶᠢᠯᠠᠯ  ᠮᠤᠩᠭᠤᠯ ᠤᠯᠤᠰ ᠠᠴᠠ ᠡᠪᠡᠰᠦ ᠤᠷᠤᠭᠤᠯᠬᠤ ᠪᠠᠷ ᠡᠷᠡᠮᠵᠢᠯᠡᠵᠤ᠂ ᠡᠭᠦᠨ ᠳᠤ ᠳᠤᠮᠳᠠᠳᠤ ᠤᠯᠤᠰ ᠤᠨ ᠬᠢᠯᠢ ᠪᠠᠷ ᠤᠷᠤᠭᠤᠯᠬᠤ ᠠᠮᠢᠲᠠᠨ ᠤᠷᠭᠤᠮᠠᠯ ᠤᠨ ᠬᠢᠨᠠᠨ  ᠪᠠᠶᠢᠴᠠᠭᠠᠯᠲᠠ ᠶᠢᠨ ᠵᠦᠪᠰᠢᠶᠡᠷᠡᠯ ᠢ  ᠤᠯᠤᠭᠰᠠᠨ ᠠᠵᠤ ᠠᠬᠤᠶᠢᠯᠠᠯ 19  ᠪᠠᠶᠢᠨ᠎ᠠ  ᠃ ᠵᠡᠭᠦᠨ ᠬᠠᠲᠠᠪᠴᠢ ᠪᠤᠭᠤᠮᠲᠠ ᠪᠠᠷ ᠤᠷᠤᠭᠤᠯᠤᠭᠰᠠᠨ ᠡᠪᠡᠰᠦ 1.9 ᠲᠦᠮᠡᠨ ᠲᠤᠨ ᠳᠤ ᠬᠦᠷᠴᠦ᠂  ᠠᠭᠤᠷ ᠢᠶᠠᠷ ᠠᠷᠢᠭᠤᠳᠬᠠᠭᠰᠠᠨ ᠡᠪᠡᠰᠦ 1.83 ᠲᠦᠮᠡᠨ ᠲᠤᠨ ᠬᠦᠷᠴᠦ᠂ ᠭᠤᠤᠯᠳᠠᠭᠤ ᠮᠠᠨ ᠤ ᠬᠤᠰᠢᠭᠤᠨ ᠤ ᠡᠯ᠎ᠠ ᠰᠤᠮᠤ ᠪᠠᠯᠭᠠᠰᠤ ᠵᠢᠴᠢ ᠤᠶᠢᠷ᠎ᠠ ᠬᠠᠪᠢ ᠶᠢᠨ ᠬᠤᠰᠢᠭᠤ ᠰᠢᠶᠠᠨ᠂ ᠠᠶᠢᠮᠠᠭ ᠬᠤᠳᠠ ᠪᠠᠷ ᠪᠤᠷᠤᠯᠠᠭᠤᠯᠠᠭᠳᠠᠵᠤ ᠪᠠᠶᠢᠨ᠎ᠠ  ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号