ᠮᠠᠨᠳᠤᠬᠤᠪᠤᠯᠠᠭ ᠪᠠᠯᠭᠠᠰᠦ
ᠨᠡᠶᠢᠲᠡᠯᠡᠭᠰᠡᠨ ᠴᠠᠭ᠄
2017/6/6
     ᠮᠠᠨᠳᠤᠬᠤᠪᠤᠯᠠᠭ ᠪᠠᠯᠭᠠᠰᠦ ᠵᠡᠬᠦᠨ ᠦᠵᠦᠮᠦᠴᠢᠨ ᠬᠤᠰᠢᠭᠤᠨ ᠤ ᠵᠡᠬᠦᠨ ᠬᠤᠶᠢᠳᠦ ᠬᠡᠰᠡᠭ ᠲᠤ ᠪᠠᠶᠢᠷᠢᠯᠠᠵᠦ᠂ ᠬᠤᠰᠢᠭᠤᠨ ᠲᠦᠪ ᠤᠯᠢᠶᠠᠰᠤᠲᠠᠢ ᠪᠠᠯᠭᠠᠰᠤᠨ ᠠᠴᠠ 191 ᠺᠢᠯᠤᠮᠧᠲᠷ ᠵᠠᠶᠢᠳᠠᠢ᠂ ᠨᠤᠲᠤᠭ ᠲᠡᠪᠢᠰᠭᠡᠷ ᠤᠨ ᠶᠡᠷᠦᠩᠬᠡᠢ ᠲᠠᠯᠠᠪᠠᠢ 4809 ᠲᠡᠭᠰᠢ ᠲᠦᠷᠪᠡᠯᠵᠢᠨ ᠺᠢᠯᠤᠮᠧᠲᠷ ᠪᠠᠶᠢᠵᠦ᠂ ᠤᠮᠠᠷᠠᠰᠢ 152.28 ᠺᠢᠯᠤᠮᠧᠲᠷ ᠬᠢᠯᠢ  ᠶᠢᠨ ᠰᠤᠭᠤᠮ ᠢᠶᠠᠷ ᠮᠤᠩᠭᠤᠯ ᠤᠯᠤᠰ ᠲᠠᠢ ᠬᠦᠷᠰᠢᠯᠡᠨ᠂ ᠪᠠᠷᠠᠭᠤᠨᠰᠢ ᠪᠠᠨ ᠭᠠᠬᠢᠯ ᠰᠤᠮᠤ ᠲᠠᠢ᠂ ᠡᠮᠦᠨᠡᠰᠢ ᠪᠠᠨ ᠤᠯᠠᠭᠠᠢ ᠨᠡᠬᠡᠬᠡᠯᠲᠡ ᠶᠢᠨ ᠤᠷᠤᠨ ᠲᠠᠢ᠂ ᠵᠠᠬᠦᠨᠰᠢ ᠪᠠᠨ ᠬᠢᠩᠭᠠᠨ ᠠᠶᠢᠮᠠᠭ ᠲᠠᠢ ᠵᠠᠭᠠᠭ ᠨᠡᠶᠢᠯᠡᠵᠦ ᠪᠠᠶᠢᠳᠠᠭ᠃ ᠨᠡᠶᠢᠳᠡ 2430 ᠬᠦᠮᠦᠨ ᠠᠷᠠᠳ ᠠᠳᠡ ᠣᠷᠣᠰᠢᠨ ᠠᠮᠢᠳᠤᠷᠠᠵᠦ᠂ 1711 ᠬᠦᠮᠦᠨ ᠮᠠᠯᠵᠢᠬᠤ ᠦᠢᠯᠡᠳᠪᠦᠷᠢᠯᠡᠯ ᠡᠷᠬᠢᠯᠡᠨ ᠠᠵᠦ ᠲᠦᠷᠦᠵᠦ ᠪᠠᠶᠢᠨ᠎ᠠ᠃ ᠪᠠᠯᠭᠠᠰᠤᠨ ᠤ ᠬᠠᠷᠢᠶᠠᠨ ᠳᠤ ᠮᠠᠨᠳᠤᠬᠤᠪᠤᠯᠠᠭ᠂ ᠪᠠᠶᠠᠨᠪᠦ᠋ᠷᠢᠳᠦ᠂ ᠲᠤᠰᠤᠨᠨᠠᠭᠤᠷ ᠵᠡᠷᠭᠡ ᠭᠤᠷᠪᠠᠨ ᠮᠠᠯᠵᠢᠬᠤ ᠭᠠᠴᠠᠭ᠎ᠠ ᠪᠠ ᠨᠢᠬᠡ ᠰᠠᠭᠤᠭᠠᠯᠢ ᠲᠤᠭᠤᠷᠢᠭ ︵ᠲᠡᠬᠦᠯᠢᠴᠢ ᠲᠤᠭᠤᠷᠢᠭ︶  ᠲᠠᠢ᠂ ᠱᠠᠨᠳᠦᠩ ᠠᠯᠲᠠᠨ ᠤ ᠪᠦᠯᠦᠭᠯᠡᠯ ᠤᠨ ᠠᠷᠤᠬᠠᠳᠠ ᠠᠭᠤᠷᠬᠠᠢ᠂ ᠰᠢᠩ ᠶᠧ ᠪᠦᠯᠦᠭᠯᠡᠯ ᠤᠨ ᠴᠤᠪᠤᠯᠠᠩ ᠠᠭᠤᠷᠬᠠᠢ ᠵᠡᠷᠬᠡ ᠬᠤᠶᠠᠷ ᠠᠭᠤᠷᠬᠠᠢ ᠠᠵᠦ ᠠᠬᠤᠶᠢᠯᠠᠯ ᠡᠵᠡᠩᠨᠡᠯᠲᠡ ᠬᠢᠵᠦ ᠪᠠᠶᠢᠳᠠᠭ᠃      ᠮᠠᠨᠳᠤᠬᠤᠪᠤᠯᠠᠭ ᠪᠠᠯᠭᠠᠰᠤᠨ ᠤ ᠪᠠᠶᠢᠭᠠᠯᠯᠢᠭ ᠮᠠᠯ ᠠᠵᠦ ᠠᠬᠤᠢ ᠶᠢᠨ ᠦᠢᠯᠡᠰ ᠢᠯᠠᠳᠲᠠ ᠬᠦᠭᠵᠢᠵᠦ᠂ ᠪᠤᠬᠢᠷᠳᠤᠯ ᠦᠭᠡᠢ ᠤᠯᠠᠭᠠᠨ ᠢᠳᠡᠬᠡᠨ ᠤ ᠭᠠᠷᠤᠯᠲᠠ ᠶᠢᠨ ᠤᠷᠤᠨ ᠪᠤᠯᠤᠭᠰᠠᠨ ᠪᠠᠶᠢᠨ᠎ᠠ᠃ 2016 ᠤᠨ ᠤ ᠪᠦᠷᠢᠳᠬᠡᠯ ᠢᠶᠠᠷ᠂ ᠪᠠᠯᠭᠠᠰᠤᠨ ᠤ ᠪᠤᠳᠠ ᠮᠠᠯ ᠤᠨ ᠲᠤᠭ᠎ᠠ 17599᠂ ᠪᠤᠭ ᠮᠠᠯ ᠤᠨ ᠲᠤᠭ᠎ᠠ 23.3 ᠲᠦᠮᠡ ᠬᠦᠷᠴᠦ᠂ ᠮᠠᠯ ᠤᠨ ᠪᠦᠬᠦ ᠲᠤᠭ᠎ᠠ 25 ᠲᠦᠮᠡ ᠶᠢ ᠲᠠᠪᠡᠨ᠂ ᠮᠠᠯᠴᠢᠳ ᠤᠨ ᠬᠦᠮᠦᠨ ᠲᠤᠮᠳᠠᠴᠢ ᠶᠢᠨ ᠴᠡᠪᠡᠷ ᠤᠷᠤᠯᠭ᠎ᠠ 38159 ᠲᠦᠭᠦᠷᠢᠭ ᠬᠦᠷᠴᠡᠢ᠃      ᠮᠠᠨᠳᠤᠬᠤᠪᠤᠯᠠᠭ ᠪᠠᠯᠭᠠᠰᠤ ᠨᠢ ᠲᠡᠭᠡᠷ᠎ᠡ ᠵᠠᠭᠤᠨ ᠤ ᠬᠦᠷᠦᠨ ᠤ ᠠᠪᠤᠷᠭᠤ ᠠᠨᠵᠤᠤ᠂ ᠤᠳᠤᠬᠠᠨ ᠤ ᠲᠠᠰᠤᠷᠬᠠᠢ ᠠᠪᠤᠷᠭᠤ ᠪᠠᠶᠠᠷᠪᠠᠭᠠᠲᠤᠷ ᠤᠨ ᠦᠯᠦᠬᠡᠢ ᠨᠤᠲᠤᠭ ᠶᠤᠮ ᠡ᠂ ᠭᠠᠵᠠᠷ ᠠᠭᠤᠳᠠᠮ᠂ ᠬᠦᠮᠦᠨ ᠠᠮᠠ ᠴᠦᠬᠡᠨ᠂ ᠪᠠᠶᠢᠭᠠᠯᠢ ᠤᠷᠴᠢᠨ ᠤᠩᠭᠤᠨ ᠲᠠᠩᠰᠤᠭ᠃ ᠦᠪᠡᠷᠮᠢᠴᠡ ᠬᠡᠪ ᠨᠠᠮᠪᠠ ᠪᠦᠬᠦᠢ ᠦᠨᠳᠤᠰᠦᠳᠡᠨ ᠤ ᠬᠤᠪᠴᠠᠰᠦ ᠵᠠᠰᠠᠯ  ᠢᠶᠠᠷ ᠪᠤᠰᠤᠳ ᠠᠴᠠ ᠢᠯᠭᠠᠷᠠᠨ᠂ ᠮᠤᠩᠭᠤᠯ ᠦᠨᠳᠦᠰᠳᠡᠨ ᠤ ᠤᠯᠠᠮᠵᠢᠯᠠᠯᠲᠦ ᠵᠠᠩ ᠦᠢᠯᠡ᠂ ᠦᠨᠢ ᠤᠳᠠᠭᠠᠨ ᠰᠤᠶᠤᠯ ᠲᠡᠤᠬᠡ ᠬᠦᠨ ᠵᠤᠵᠠᠭᠠᠨ ᠰᠠᠭᠤᠷᠢ ᠲᠠᠢ ᠪᠤᠯᠬᠤᠷ ᠯᠤᠳᠤ ᠶᠡᠭᠡ ᠰᠣᠶᠤᠯ ᠵᠢᠭᠤᠯᠴᠢᠯᠠᠯ ᠤᠨ ᠨᠦᠬᠡᠴᠡ ᠬᠦᠴᠦᠨ ᠲᠠᠢ ᠪᠠᠶᠢᠳᠠᠭ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号