ᠭᠠᠬᠢᠯ ᠰᠤᠮᠤ ᠨᠢ 2012 ᠤᠨ ᠤ 11 ᠰᠠᠷ᠎ᠠ ᠶᠢᠨ 25 ᠤ ᠡᠳᠦᠷ ᠪᠠᠶᠢᠭᠤᠯᠤᠭᠳᠠᠵᠤ᠂ ᠵᠡᠭᠦᠨ | ᠦᠵᠦᠮᠦᠴᠢᠨ ᠬᠤᠰᠢᠭᠤᠨ ᠤ ᠵᠡᠭᠦᠨ ᠪᠡᠶ᠎ᠡ ᠪᠠᠷ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ ᠮᠠᠨᠳᠤᠬᠤᠪᠤᠯᠠᠭ ᠪᠠᠯᠭᠠᠰᠤ | ᠪᠠ ᠤᠯᠠᠭᠠᠢ ᠬᠠᠮᠢᠶᠠᠷᠤᠯᠲᠠ ᠶᠢᠨ ᠤᠷᠤᠨ ᠲᠠᠢ ᠵᠠᠬ᠎ᠠ ᠨᠡᠶᠢᠯᠡᠵᠦ᠂ ᠪᠠᠷᠠᠭᠤᠨ ᠲᠠᠯ᠎ᠠ ᠪᠠᠷ ᠢᠶᠠᠨ ᠰᠠᠮᠠᠢ ᠰᠤᠮᠤ ᠪᠠ | ᠲᠠᠭᠤᠲᠤᠨᠠᠭᠤᠷ ᠪᠠᠯᠭᠠᠰᠣ ᠲᠠᠢ ᠬᠦᠷᠰᠢᠯᠡᠨ᠂ ᠡᠮᠦᠨ᠎ᠡ ᠲᠠᠯ᠎ᠠ ᠪᠠᠷ ᠬᠦᠷᠢᠶᠡᠲᠦᠨᠠᠭᠤᠷ ᠰᠤᠮᠤ ᠲᠠᠢ ᠵᠠᠬ᠎ᠠ ᠨᠡᠶᠢᠯᠡᠵᠤ᠂ | ᠬᠤᠶᠢᠲᠤ ᠵᠠᠬ᠎ᠠ ᠪᠠᠷ ᠢᠶᠠᠨ ᠮᠤᠩᠭᠤᠯ ᠤᠯᠤᠰ ᠲᠠᠢ ᠬᠢᠯᠢᠯᠡᠵᠤ᠂ ᠬᠢᠯᠢ ᠶᠢᠨ ᠱᠣᠭᠤᠮ ᠤᠨ ᠤᠷᠳᠤ ᠨᠢ 56 | ᠺᠢᠯᠦᠮᠧᠲᠷ᠃ ᠰᠤᠮᠤᠨ ᠤ ᠪᠦᠬᠦ ᠨᠤᠲᠤᠭ ᠤᠨ ᠲᠠᠯᠠᠪᠠᠢ ᠨᠢ 5187.3 ᠲᠡᠭᠰᠢ ᠲᠦᠷᠪᠡᠯᠵᠢᠨ ᠺᠢᠯᠦᠮᠧᠲᠷ ︵ | 778.1ᠲᠦᠮᠡᠨ ᠮᠤ᠋︶᠃ ᠨᠡᠶᠢᠲᠡ 6 ᠭᠠᠴᠠᠭ᠎ᠠ᠂ 1 ᠨᠡᠶᠢᠭᠡᠮ ᠲᠣᠭᠤᠷᠢᠭ ︵ᠴᠠᠭᠠᠨᠴᠢᠯᠠᠭᠤᠲᠤ ᠪᠠ ᠭᠠᠬᠢᠯ | ᠰᠠᠭᠤᠭᠠᠯᠢ ᠲᠣᠭᠤᠷᠢᠭ︶᠂ ᠨᠡᠶᠢᠲᠡ1501 ᠡᠷᠦᠬᠡ᠂ 4198 ᠬᠦᠮᠦᠨ ᠠᠮᠠ ᠲᠠᠢ᠃ 2015 ᠤᠨ ᠤ ᠡᠪᠦᠯ | ᠤᠨ ᠤᠯᠠᠷᠢᠯ ᠤᠨ ᠨᠡᠶᠢᠳᠡᠮ ᠪᠠᠶᠢᠴᠠᠭᠠᠯᠲᠠ ᠳᠤ ᠪᠦᠬᠦ ᠰᠣᠮᠣᠨ ᠤ ᠮᠠᠯ ᠤᠨ ᠲᠤᠭ᠎ᠠ 29.6 ᠲᠦᠮᠡᠨ ᠲᠤᠯᠤᠭᠠᠢ ᠳᠤ | ᠬᠦᠷᠴᠦ᠂ ᠮᠠᠯᠴᠢᠳ ᠤᠨ ᠬᠦᠮᠦᠨ ᠪᠦᠷᠢ ᠶᠢᠨ ᠲᠡᠭᠰᠢᠳᠬᠡᠭᠰᠡᠨ ᠴᠡᠪᠡᠷ ᠤᠷᠤᠯᠭ᠎ᠠ 23675 ᠲᠦᠭᠦᠷᠢᠭ ᠲᠤ | ᠬᠦᠷᠦᠭᠰᠡᠨ ᠪᠠᠶᠢᠨ᠎ᠠ᠃ ᠰᠣᠮᠣᠨ ᠤ ᠬᠠᠷᠢᠶᠠᠨ ᠳᠤ ᠬᠤᠩ ᠪᠦᠸᠧ᠂ ᠵᠦᠩ ᠺᠠᠩ᠂ ᠷᠥᠩ ᠭᠤᠸᠠᠨ ᠵᠡᠷᠭᠡ | ᠭᠤᠷᠪᠠᠨ ᠠᠭᠤᠷᠬᠠᠢ ᠶᠢᠨ ᠠᠵᠤ ᠠᠬᠤᠶᠢᠯᠠᠯ ᠲᠠᠢ᠃ ᠭᠦᠢᠯᠡᠰᠦᠲᠠᠢ ᠶᠢᠨ ᠷᠠᠰᠢᠶᠠᠨ᠂ ᠭᠠᠬᠢᠯ ᠰᠦᠮ᠎ᠡ᠂ ᠣᠯᠠᠭᠠᠢ | ᠨᠤᠭᠤ ᠭᠠᠵᠠᠷ᠂ ᠭᠠᠮᠠᠯ ᠤᠨ ᠬᠦᠰᠢᠶ᠎ᠠ ᠵᠡᠷᠭᠡ ᠲᠡᠥᠬᠡ ᠶᠢᠨ ᠲᠤᠷᠠᠰᠬᠠᠯᠳᠦ ᠵᠦᠢᠯᠡᠰ ᠪᠠ ᠦᠵᠡᠮᠵᠢ ᠶᠢᠨ ᠣᠷᠤᠨ ᠲᠠᠢ | ᠃ | | | | | |