ᠭᠠᠬᠢᠯ ᠰᠤᠮᠤ
ᠨᠡᠶᠢᠲᠡᠯᠡᠭᠰᠡᠨ ᠴᠠᠭ᠄
2017/6/8
     ᠭᠠᠬᠢᠯ ᠰᠤᠮᠤ ᠨᠢ 2012 ᠤᠨ ᠤ 11 ᠰᠠᠷ᠎ᠠ ᠶᠢᠨ 25 ᠤ ᠡᠳᠦᠷ ᠪᠠᠶᠢᠭᠤᠯᠤᠭᠳᠠᠵᠤ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠪᠡᠶ᠎ᠡ ᠪᠠᠷ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ ᠮᠠᠨᠳᠤᠬᠤᠪᠤᠯᠠᠭ ᠪᠠᠯᠭᠠᠰᠤ ᠪᠠ ᠤᠯᠠᠭᠠᠢ ᠬᠠᠮᠢᠶᠠᠷᠤᠯᠲᠠ ᠶᠢᠨ ᠤᠷᠤᠨ ᠲᠠᠢ ᠵᠠᠬ᠎ᠠ ᠨᠡᠶᠢᠯᠡᠵᠦ᠂ ᠪᠠᠷᠠᠭᠤᠨ ᠲᠠᠯ᠎ᠠ ᠪᠠᠷ ᠢᠶᠠᠨ ᠰᠠᠮᠠᠢ ᠰᠤᠮᠤ  ᠪᠠ ᠲᠠᠭᠤᠲᠤᠨᠠᠭᠤᠷ  ᠪᠠᠯᠭᠠᠰᠣ ᠲᠠᠢ ᠬᠦᠷᠰᠢᠯᠡᠨ᠂ ᠡᠮᠦᠨ᠎ᠡ ᠲᠠᠯ᠎ᠠ ᠪᠠᠷ ᠬᠦᠷᠢᠶᠡᠲᠦᠨᠠᠭᠤᠷ ᠰᠤᠮᠤ ᠲᠠᠢ ᠵᠠᠬ᠎ᠠ ᠨᠡᠶᠢᠯᠡᠵᠤ᠂ ᠬᠤᠶᠢᠲᠤ ᠵᠠᠬ᠎ᠠ ᠪᠠᠷ ᠢᠶᠠᠨ ᠮᠤᠩᠭᠤᠯ ᠤᠯᠤᠰ ᠲᠠᠢ ᠬᠢᠯᠢᠯᠡᠵᠤ᠂ ᠬᠢᠯᠢ ᠶᠢᠨ ᠱᠣᠭᠤᠮ ᠤᠨ ᠤᠷᠳᠤ ᠨᠢ 56 ᠺᠢᠯᠦᠮᠧᠲᠷ᠃ ᠰᠤᠮᠤᠨ ᠤ ᠪᠦᠬᠦ ᠨᠤᠲᠤᠭ ᠤᠨ ᠲᠠᠯᠠᠪᠠᠢ ᠨᠢ 5187.3 ᠲᠡᠭᠰᠢ ᠲᠦᠷᠪᠡᠯᠵᠢᠨ  ᠺᠢᠯᠦᠮᠧᠲᠷ ︵778.1ᠲᠦᠮᠡᠨ ᠮᠤ᠋︶᠃ ᠨᠡᠶᠢᠲᠡ 6 ᠭᠠᠴᠠᠭ᠎ᠠ᠂ 1 ᠨᠡᠶᠢᠭᠡᠮ ᠲᠣᠭᠤᠷᠢᠭ ︵ᠴᠠᠭᠠᠨᠴᠢᠯᠠᠭᠤᠲᠤ ᠪᠠ ᠭᠠᠬᠢᠯ ᠰᠠᠭᠤᠭᠠᠯᠢ ᠲᠣᠭᠤᠷᠢᠭ︶᠂ ᠨᠡᠶᠢᠲᠡ1501 ᠡᠷᠦᠬᠡ᠂ 4198 ᠬᠦᠮᠦᠨ ᠠᠮᠠ ᠲᠠᠢ᠃ 2015 ᠤᠨ ᠤ  ᠡᠪᠦᠯ  ᠤᠨ ᠤᠯᠠᠷᠢᠯ ᠤᠨ ᠨᠡᠶᠢᠳᠡᠮ ᠪᠠᠶᠢᠴᠠᠭᠠᠯᠲᠠ ᠳᠤ ᠪᠦᠬᠦ ᠰᠣᠮᠣᠨ ᠤ ᠮᠠᠯ ᠤᠨ ᠲᠤᠭ᠎ᠠ 29.6 ᠲᠦᠮᠡᠨ ᠲᠤᠯᠤᠭᠠᠢ ᠳᠤ ᠬᠦᠷᠴᠦ᠂ ᠮᠠᠯᠴᠢᠳ ᠤᠨ ᠬᠦᠮᠦᠨ ᠪᠦᠷᠢ ᠶᠢᠨ ᠲᠡᠭᠰᠢᠳᠬᠡᠭᠰᠡᠨ ᠴᠡᠪᠡᠷ ᠤᠷᠤᠯᠭ᠎ᠠ 23675 ᠲᠦᠭᠦᠷᠢᠭ ᠲᠤ ᠬᠦᠷᠦᠭᠰᠡᠨ ᠪᠠᠶᠢᠨ᠎ᠠ᠃  ᠰᠣᠮᠣᠨ ᠤ ᠬᠠᠷᠢᠶᠠᠨ ᠳᠤ ᠬᠤᠩ ᠪᠦᠸᠧ᠂  ᠵᠦᠩ ᠺᠠᠩ᠂ ᠷᠥᠩ  ᠭᠤᠸᠠᠨ ᠵᠡᠷᠭᠡ ᠭᠤᠷᠪᠠᠨ ᠠᠭᠤᠷᠬᠠᠢ ᠶᠢᠨ ᠠᠵᠤ ᠠᠬᠤᠶᠢᠯᠠᠯ ᠲᠠᠢ᠃  ᠭᠦᠢᠯᠡᠰᠦᠲᠠᠢ ᠶᠢᠨ  ᠷᠠᠰᠢᠶᠠᠨ᠂ ᠭᠠᠬᠢᠯ ᠰᠦᠮ᠎ᠡ᠂ ᠣᠯᠠᠭᠠᠢ ᠨᠤᠭᠤ ᠭᠠᠵᠠᠷ᠂ ᠭᠠᠮᠠᠯ ᠤᠨ ᠬᠦᠰᠢᠶ᠎ᠠ ᠵᠡᠷᠭᠡ ᠲᠡᠥᠬᠡ ᠶᠢᠨ ᠲᠤᠷᠠᠰᠬᠠᠯᠳᠦ ᠵᠦᠢᠯᠡᠰ ᠪᠠ ᠦᠵᠡᠮᠵᠢ ᠶᠢᠨ ᠣᠷᠤᠨ ᠲᠠᠢ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号