ᠠᠶᠢᠮᠠᠭ ᠤᠨ ᠤᠮᠠᠷᠠᠰᠢ ᠨᠡᠭᠡᠭᠡᠯᠲᠡ ᠬᠢᠬᠦ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2017/7/10
     6 ᠰᠠᠷ᠎ᠠ ᠶᠢᠨ 29 ᠤ ᠡᠳᠦᠷ᠂ ᠠᠶᠢᠮᠠᠭ ᠤᠨ ᠪᠤᠭᠤᠮᠲᠠ ᠶᠢᠨ ᠠᠯᠪᠠᠨ ᠭᠡᠷ ᠤᠨ ᠡᠷᠬᠢᠯᠡᠭᠴᠢ ᠵᠢᠪᠬᠤᠯᠠᠩᠲᠦ᠂ ᠳᠡᠳ᠋ ᠡᠷᠬᠢᠯᠡᠭᠴᠢ ᠮᠠ ᠭᠦᠸᠧ ᠹᠧᠩ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠦᠭᠵᠢᠭᠦᠯᠦᠯᠲᠡ ᠬᠢᠭᠡᠳ ᠦᠭᠡᠷᠡᠴᠢᠯᠡᠯᠲᠡ ᠶᠢᠨ ᠵᠦᠪᠯᠡᠯ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢᠶᠠᠷ ᠪᠦᠷᠢᠯᠳᠦᠭᠰᠡᠨ ᠠᠶᠢᠮᠠᠭ ᠤᠨ ᠤᠮᠠᠷᠠᠰᠢ ᠨᠡᠭᠡᠭᠡᠯᠲᠡ ᠬᠢᠬᠦ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠮᠠᠨ ᠤ ᠬᠤᠰᠢᠭᠤᠨ ᠤ ᠪᠤᠭᠤᠮᠲᠠ ᠶᠢᠨ ᠶᠠᠪᠤᠳᠠᠯ᠂ ᠬᠢᠯᠢ ᠪᠠᠷ ᠤᠷᠤᠭᠤᠯᠵᠤ ᠭᠠᠷᠭᠠᠬᠤ ᠶᠢ ᠰᠢᠯᠭᠠᠨ ᠪᠠᠶᠢᠴᠠᠭᠠᠬᠤ ᠲᠤᠪᠴᠢᠶ᠎ᠠ᠂ ᠵᠡᠭᠦᠨ ᠬᠠᠳᠠᠪᠴᠢ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠲᠡᠭᠡ᠂ ᠪᠤᠭᠤᠮᠲᠠ ᠶᠢᠨ ᠠᠯᠪᠠᠨ ᠭᠡᠷ  ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠦᠭᠵᠢᠭᠦᠯᠦᠯᠲᠡ ᠬᠢᠭᠡᠳ ᠦᠭᠡᠷᠡᠴᠢᠯᠡᠯᠲᠡ ᠶᠢᠨ ᠲᠤᠪᠴᠢᠶ᠎ᠠ  ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠠᠷ ᠲᠠᠢ ᠰᠠᠭᠤᠳᠠᠯ ᠤᠨ ᠬᠤᠷᠠᠯ ᠬᠢᠵᠦ᠂ ᠬᠤᠰᠢᠭᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠭᠡᠯᠲᠡᠰ ᠤᠨ ᠲᠠᠷᠤᠭ᠎ᠠ᠂ ᠳᠡᠳ᠋ ᠬᠤᠰᠢᠭᠤ ᠳᠠᠷᠤᠭ᠎ᠠ ᠱᠤᠸᠠᠩ ᠪᠤᠤ ᠨᠦᠬᠦᠷ ᠬᠤᠷᠠᠯ ᠳᠤ ᠤᠷᠤᠯᠴᠠᠭᠰᠠᠨ ᠪᠠᠶᠢᠨ᠎ᠠ᠃      ᠬᠤᠷᠠᠯ ᠳᠡᠭᠡᠷ᠎ᠠ ᠬᠤᠶᠠᠷ ᠲᠠᠯ᠎ᠠ ᠪᠠᠷ ᠢᠶᠠᠨ ᠮᠤᠩᠭᠤᠯ ᠤᠯᠤᠰ ᠠᠴᠠ ᠲᠡᠵᠢᠭᠡᠯ ᠡᠪᠡᠰᠦ ᠤᠷᠤᠭᠤᠯᠵᠤ ᠪᠠᠶᠢᠭ᠎ᠠ ᠬᠤᠯᠪᠤᠭᠳᠠᠯ ᠪᠦᠬᠦᠢ ᠠᠰᠠᠭᠤᠳᠠᠯ᠂ ᠤᠯᠠᠨ ᠤᠯᠤᠰ ᠤᠨ ᠠᠷᠠᠯᠵᠢᠶᠠᠨ ᠤ《 ᠨᠢᠭᠡ ᠯᠡ ᠴᠤᠩᠬᠤ ᠪᠠᠷ ᠦᠢᠯᠡᠴᠢᠯᠡᠬᠦ》《 ᠰᠤᠷᠠᠭ ᠵᠠᠩᠬᠢ ᠪᠠᠨ ᠬᠠᠷᠢᠯᠴᠠᠨ ᠰᠤᠯᠢᠯᠴᠠᠬᠤ᠂ ᠬᠢᠨᠠᠨ ᠬᠠᠮᠢᠶᠠᠷᠤᠯᠲᠠ ᠪᠠᠨ ᠬᠠᠷᠢᠯᠴᠠᠨ ᠮᠡᠳᠡᠷᠡᠬᠦ᠂ ᠬᠠᠤᠯᠢ ᠬᠡᠷᠡᠭᠵᠢᠭᠦᠯᠬᠦ ᠳᠤ ᠬᠠᠷᠢᠯᠴᠠᠨ ᠲᠤᠰᠠᠯᠠᠬᠤ》 ᠦᠭᠡᠷᠡᠴᠢᠯᠡᠯᠲᠡ᠂ ᠪᠤᠭᠤᠮᠲᠠ ᠶᠢᠨ ᠨᠡᠪᠳᠡᠷᠡᠬᠦ ᠵᠠᠮ ᠤᠨ ᠤᠶᠤᠨᠲᠤ  ᠴᠢᠳᠠᠪᠬᠢ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠤᠨ ᠲᠠᠯ᠎ᠠ ᠪᠠᠷ ᠭᠦᠨᠵᠡᠭᠡᠢ ᠶᠠᠷᠢᠯᠴᠠᠨ ᠰᠤᠳᠤᠯᠵᠤ᠂ ᠤᠳᠤᠬᠠᠨ ᠤ ᠠᠵᠢᠯ ᠤᠨ ᠬᠦᠴᠢᠷᠲᠠᠢ ᠠᠰᠠᠭᠤᠳᠠᠯ ᠳᠤ ᠪᠤᠳᠠᠳᠠᠢ ᠰᠠᠨᠠᠯ ᠳᠤᠷᠠᠳᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号