7 ᠰᠠᠷ᠎ᠠ ᠶᠢᠨ 11 ᠤ ᠤᠷᠤᠢ᠂ ᠰᠠᠮᠠᠢ ᠰᠤᠮᠤᠨ ᠤ ︽ᠤᠶᠠᠩᠭ᠎ᠠ ᠪᠠᠷ ᠰᠤᠯᠤᠩᠭᠠᠷᠠᠬᠤ ᠬᠦᠳᠡᠭᠡ︾ ᠠᠵᠢᠯ | ᠤᠨ ᠴᠢᠯᠦᠭᠡᠨ ᠤ ᠤᠯᠠᠭᠠᠨᠮᠦ᠋ᠴᠢᠷ ᠤᠨ ᠲᠤᠭᠯᠠᠯᠲᠠ ᠨᠢ ᠦᠵᠦᠮᠦᠴᠢᠨ ᠠᠭᠤᠳᠠᠮ ᠲᠠᠯᠠᠪᠠᠢ ᠳᠤ ᠶᠠᠪᠤᠭᠳᠠᠵᠦ᠂ | ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ᠂ ᠤᠯᠠᠭᠠᠨᠮᠦ᠋ᠴᠢᠷ ᠪᠠᠶᠢᠭᠤᠯᠤᠭᠳᠠᠭᠰᠠᠨ 60 | ᠵᠢᠯ ᠤᠨ ᠤᠢ ᠶᠢ ᠨᠢᠵᠢᠭᠡᠷ ᠶᠡᠭᠡ ᠪᠠᠷ ᠪᠠᠶᠠᠷᠯᠡᠨ ᠪᠡᠯᠡᠭᠯᠡᠪᠡ᠃ | ᠲᠤᠰ ᠤᠳᠠᠭᠠᠨ ᠤ ᠲᠤᠭᠯᠠᠯᠲᠠ ᠳᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠵᠠᠯᠭᠠᠮᠵᠢᠯᠠᠭᠴᠢ᠂ ᠰᠠᠮᠠᠢ ᠰᠤᠮᠤᠨ ᠤ ᠬᠦᠭᠡᠷᠴᠡᠭ ᠭᠠᠴᠠᠭ᠎ᠠ ᠪᠠᠷ ᠨᠤᠲᠤᠭᠳᠠᠢ ᠠᠯᠳᠠᠷᠲᠦ ᠤᠷᠲᠦ ᠶᠢᠨ ᠲᠠᠭᠤᠴᠢᠨ | ᠲᠤᠭᠳᠠᠬᠤ ᠵᠢᠴᠢ ᠨᠤᠳᠤᠭ ᠤᠰᠤᠨ ᠳᠠᠭᠠᠨ ᠠᠯᠳᠠᠷᠲᠠᠢ ᠠᠬᠠᠮᠠᠳ ᠢᠳᠡᠷ ᠨᠢᠭᠡᠨ ᠦᠶ᠎ᠡ ᠶᠢᠨ ᠤᠷᠠᠯᠢᠭᠴᠢᠳ ᠪᠤᠯᠤᠨ | ᠰᠢᠨ᠎ᠡ ᠴᠠᠭ ᠦᠶ᠎ᠡ ᠶᠢᠨ ᠤᠳᠤ ᠪᠤᠯᠤᠭᠰᠠᠨ ᠰᠢᠯᠢᠳᠡᠭ ᠵᠠᠯᠠᠭᠤ ᠤᠷᠠᠯᠢᠭᠴᠢᠳ᠂ ᠬᠠᠷᠠᠬᠠᠨ ᠪᠠᠭ᠎ᠠ ᠠᠴᠠ ᠪᠠᠨ | ᠠᠷᠠᠳ ᠤᠨ ᠤᠷᠠᠯᠢᠭ ᠲᠤ ᠪᠠᠭ᠋ᠠᠲᠠᠢ ᠪᠢᠴᠢᠬᠠᠨ ᠶᠠᠳᠤᠭᠠᠴᠢᠨ ᠦᠢᠯᠡᠰ ᠢ ᠪᠠᠭᠳᠠᠭᠠᠭᠰᠠᠨ ᠠᠬᠠᠮᠠᠳ᠂ ᠢᠳᠡᠷ᠂ | ᠵᠠᠯᠠᠭᠤ᠂ ᠪᠠᠭᠠᠴᠤᠳ ᠲᠦᠷᠪᠡᠨ ᠦᠶ᠎ᠡ ᠶᠢ ᠲᠦᠯᠦᠭᠡᠯᠡᠭᠰᠡᠨ ᠨᠡᠶᠢᠲᠡ 32 ᠨᠡᠷᠡᠰ ᠲᠤᠭᠯᠠᠭᠴᠢ ᠤᠷᠤᠯᠴᠠᠵᠦ᠂ | ᠤᠷᠲᠦ ᠶᠢᠨ ᠲᠠᠭᠤᠤ᠂ ᠴᠤᠭᠤᠷ ᠲᠠᠭᠤᠤ᠂ ᠭᠤᠴᠤᠯᠠᠯ ᠲᠠᠭᠤᠤ᠂ ᠬᠠᠮᠲᠦ ᠶᠢᠨ ᠲᠠᠭᠤᠤ᠂ ᠰᠠᠪᠠᠷᠳᠠᠩ ᠪᠦᠵᠢᠭ᠂ | ᠰᠢᠨ᠎ᠡ ᠴᠠᠭ ᠦᠶ᠎ᠡ ᠶᠢᠨ ᠪᠦᠵᠢᠭ᠂ ᠬᠤᠪᠢᠰᠬᠠᠯ ᠤᠨ ᠪᠦᠵᠢᠭ᠂ ᠰᠢᠯᠦᠭ᠂ ᠵᠦᠴᠦᠭᠡ᠂ ᠲᠠᠭᠠᠷᠢᠯᠴᠠᠭ᠎ᠠ᠂ ᠶᠠᠳᠤᠭ᠎ᠠ | ᠂ ᠬᠤᠪᠴᠠᠰᠤᠨ ᠤ ᠦᠵᠡᠭᠦᠯᠬᠡ ᠵᠡᠷᠭᠡ ᠤᠯᠠᠨ ᠵᠦᠢᠯ ᠤᠨ ᠰᠲ᠋ᠧᠯᠢ ᠲᠠᠢ ᠡᠯᠪᠡᠭ ᠪᠠᠶᠠᠯᠢᠭ ᠠᠭᠤᠯᠭ᠎ᠠ ᠪᠦᠬᠦᠢ 17 | ᠲᠤᠭᠯᠠᠯᠲᠠ ᠶᠢ ᠲᠠᠶᠢᠰᠠᠨ᠎ᠠ ᠦᠵᠡᠭᠦᠯᠵᠦ ᠤᠯᠠᠨ ᠲᠦᠮᠡᠨ ᠤ ᠪᠠᠨ ᠨᠢᠳᠦ ᠴᠢᠬᠢ ᠶᠢ ᠬᠤᠵᠢᠷᠯᠠᠵᠦ᠂ ᠪᠠᠭ᠋ᠠᠷᠬᠠᠯ | ᠲᠠᠭᠠᠰᠢᠶᠠᠯ ᠢ ᠬᠦᠷᠳᠡᠭᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠰᠠᠬᠢᠯᠭ᠎ᠠ ᠪᠠᠲᠦ ᠪᠠᠶᠢᠴᠠᠭᠠᠬᠤ | ᠬᠤᠷᠢᠶᠠᠨ ᠤ ᠱᠦᠵᠢ ᠨᠠᠰᠤᠨᠪᠠᠲᠦ᠂ ᠬᠤᠰᠢᠭᠤ ᠵᠠᠰᠠᠭ ᠤᠨ ᠤᠷᠳᠤᠨ ᠤ ᠲᠡᠳ᠋ ᠲᠠᠷᠤᠭ᠎ᠠ᠂ ᠬᠤᠰᠢᠭᠤ ᠲᠤᠲᠤᠭᠠᠲᠦ | ᠶᠢ ᠬᠠᠮᠠᠭᠠᠯᠠᠬᠤ ᠲᠤᠪᠴᠢᠶᠠᠨ ᠤ ᠲᠤᠪᠴᠢᠶᠠᠨ ᠲᠠᠷᠤᠭ᠎ᠠ ᠠᠮᠢᠪᠦ᠋ᠬᠡ᠂ ᠬᠤᠰᠢᠭᠤ ᠤᠯᠤᠰ ᠲᠦᠷᠦ ᠶᠢᠨ ᠵᠦᠪᠯᠡᠭᠡᠨ ᠤ | ᠲᠡᠳ᠋ ᠲᠡᠷᠢᠭᠦᠯᠡᠭᠴᠢ ᠲᠠᠪᠰᠢᠯᠲᠦ᠂ ᠬᠤᠰᠢᠭᠤ ᠰᠤᠶᠤᠯ ᠲᠠᠮᠢᠷ ᠷᠠᠳᠢᠤ᠋ ᠺᠢᠨᠤ᠋ ᠲᠧᠯᠸᠢᠰ ᠵᠢᠭᠤᠯᠴᠢᠯᠠᠯ ᠤᠨ ᠲᠤᠪᠴᠢᠶᠠᠨ | ᠤ ᠲᠡᠳ᠋ ᠲᠠᠷᠤᠭ᠎ᠠ ᠭᠠᠩᠵᠤᠷᠢᠭ᠂ ᠰᠠᠮᠠᠢ ᠰᠤᠮᠤᠨ ᠤ ᠨᠠᠮ ᠤᠨ ᠬᠤᠷᠢᠶᠠᠨ ᠤ ᠱᠦᠵᠢ ᠭᠡᠷᠡᠯᠴᠤᠭᠲᠦ᠂ ᠰᠠᠮᠠᠢ | ᠰᠤᠮᠤᠨ ᠤ ᠨᠠᠮ ᠤᠨ ᠬᠤᠷᠢᠶᠠᠨ ᠤ ᠲᠡᠳ᠋ ᠱᠦᠵᠢ᠂ ᠰᠤᠮᠤᠨ ᠲᠠᠷᠤᠭ᠎ᠠ ᠴᠡᠴᠡᠨ᠂ ᠰᠠᠮᠠᠢ ᠰᠤᠮᠤᠨ ᠤ ᠰᠠᠬᠢᠯᠭ᠎ᠠ | ᠪᠠᠲᠦ ᠪᠠᠶᠢᠴᠠᠭᠠᠬᠤ ᠬᠤᠷᠢᠶᠠᠨ ᠤ ᠱᠦᠵᠢ ᠬᠦᠭᠵᠢᠯᠲᠦ ᠨᠠᠷ ᠬᠦᠷᠦᠯᠴᠡᠨ ᠢᠷᠡᠵᠦ ᠤᠯᠠᠨ ᠲᠠᠢ ᠬᠠᠮᠳᠤᠪᠡᠷ | ᠲᠤᠭᠯᠠᠯᠲᠠ ᠶᠢ ᠰᠤᠨᠢᠷᠬᠠᠬᠤ ᠶᠢᠨ ᠬᠠᠮᠳᠦ ᠲᠤᠰ ᠤᠳᠠᠭᠠᠨ ᠤ ᠲᠤᠭᠯᠠᠯᠲᠠ ᠳᠤ ᠦᠨᠳᠦᠷ ᠦᠨᠡᠯᠡᠯᠲᠡ ᠦᠭᠴᠦ | ᠤᠷᠮ᠎ᠠ ᠵᠤᠷᠢᠭ ᠬᠠᠶᠢᠷᠠᠯᠠᠭᠰᠠᠨ ᠪᠠᠶᠢᠨ᠎ᠠ᠃ | | | | | | | | | | | | | | | | | | | | | | | | | | | | | | | | | | | | | | | | | | | | | | | | | | | | | | | | | | | | | | |