ᠰᠠᠮᠠᠢ ᠰᠣᠮᠤ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠡᠭᠯᠡᠬᠦ ᠠᠵᠢᠯ  ᠤᠨ ᠴᠢᠯᠦᠭᠡᠨ ᠤ ᠤᠯᠠᠭᠠᠨᠮᠦ᠋ᠴᠢᠷ ᠤᠨ ᠲᠤᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2017/7/14
     7 ᠰᠠᠷ᠎ᠠ ᠶᠢᠨ 11 ᠤ ᠤᠷᠤᠢ᠂ ᠰᠠᠮᠠᠢ ᠰᠤᠮᠤᠨ ᠤ ︽ᠤᠶᠠᠩᠭ᠎ᠠ ᠪᠠᠷ ᠰᠤᠯᠤᠩᠭᠠᠷᠠᠬᠤ ᠬᠦᠳᠡᠭᠡ︾ ᠠᠵᠢᠯ  ᠤᠨ ᠴᠢᠯᠦᠭᠡᠨ ᠤ ᠤᠯᠠᠭᠠᠨᠮᠦ᠋ᠴᠢᠷ ᠤᠨ ᠲᠤᠭᠯᠠᠯᠲᠠ ᠨᠢ ᠦᠵᠦᠮᠦᠴᠢᠨ ᠠᠭᠤᠳᠠᠮ ᠲᠠᠯᠠᠪᠠᠢ ᠳᠤ ᠶᠠᠪᠤᠭᠳᠠᠵᠦ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ᠂ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢ ᠨᠢᠵᠢᠭᠡᠷ ᠶᠡᠭᠡ ᠪᠠᠷ ᠪᠠᠶᠠᠷᠯᠡᠨ ᠪᠡᠯᠡᠭᠯᠡᠪᠡ᠃      ᠲᠤᠰ ᠤᠳᠠᠭᠠᠨ ᠤ ᠲᠤᠭᠯᠠᠯᠲᠠ ᠳᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠵᠠᠯᠭᠠᠮᠵᠢᠯᠠᠭᠴᠢ᠂ ᠰᠠᠮᠠᠢ ᠰᠤᠮᠤᠨ ᠤ ᠬᠦᠭᠡᠷᠴᠡᠭ ᠭᠠᠴᠠᠭ᠎ᠠ ᠪᠠᠷ ᠨᠤᠲᠤᠭᠳᠠᠢ ᠠᠯᠳᠠᠷᠲᠦ ᠤᠷᠲᠦ ᠶᠢᠨ ᠲᠠᠭᠤᠴᠢᠨ ᠲᠤᠭᠳᠠᠬᠤ ᠵᠢᠴᠢ ᠨᠤᠳᠤᠭ ᠤᠰᠤᠨ ᠳᠠᠭᠠᠨ ᠠᠯᠳᠠᠷᠲᠠᠢ ᠠᠬᠠᠮᠠᠳ ᠢᠳᠡᠷ ᠨᠢᠭᠡᠨ ᠦᠶ᠎ᠡ ᠶᠢᠨ ᠤᠷᠠᠯᠢᠭᠴᠢᠳ ᠪᠤᠯᠤᠨ ᠰᠢᠨ᠎ᠡ ᠴᠠᠭ ᠦᠶ᠎ᠡ ᠶᠢᠨ ᠤᠳᠤ ᠪᠤᠯᠤᠭᠰᠠᠨ ᠰᠢᠯᠢᠳᠡᠭ ᠵᠠᠯᠠᠭᠤ ᠤᠷᠠᠯᠢᠭᠴᠢᠳ᠂ ᠬᠠᠷᠠᠬᠠᠨ ᠪᠠᠭ᠎ᠠ ᠠᠴᠠ ᠪᠠᠨ ᠠᠷᠠᠳ ᠤᠨ ᠤᠷᠠᠯᠢᠭ ᠲᠤ ᠪᠠᠭ᠋ᠠᠲᠠᠢ ᠪᠢᠴᠢᠬᠠᠨ ᠶᠠᠳᠤᠭᠠᠴᠢᠨ ᠦᠢᠯᠡᠰ ᠢ ᠪᠠᠭᠳᠠᠭᠠᠭᠰᠠᠨ ᠠᠬᠠᠮᠠᠳ᠂ ᠢᠳᠡᠷ᠂ ᠵᠠᠯᠠᠭᠤ᠂ ᠪᠠᠭᠠᠴᠤᠳ ᠲᠦᠷᠪᠡᠨ ᠦᠶ᠎ᠡ ᠶᠢ ᠲᠦᠯᠦᠭᠡᠯᠡᠭᠰᠡᠨ ᠨᠡᠶᠢᠲᠡ 32 ᠨᠡᠷᠡᠰ ᠲᠤᠭᠯᠠᠭᠴᠢ ᠤᠷᠤᠯᠴᠠᠵᠦ᠂ ᠤᠷᠲᠦ ᠶᠢᠨ ᠲᠠᠭᠤᠤ᠂ ᠴᠤᠭᠤᠷ ᠲᠠᠭᠤᠤ᠂ ᠭᠤᠴᠤᠯᠠᠯ ᠲᠠᠭᠤᠤ᠂ ᠬᠠᠮᠲᠦ ᠶᠢᠨ ᠲᠠᠭᠤᠤ᠂ ᠰᠠᠪᠠᠷᠳᠠᠩ ᠪᠦᠵᠢᠭ᠂ ᠰᠢᠨ᠎ᠡ ᠴᠠᠭ ᠦᠶ᠎ᠡ ᠶᠢᠨ ᠪᠦᠵᠢᠭ᠂ ᠬᠤᠪᠢᠰᠬᠠᠯ ᠤᠨ ᠪᠦᠵᠢᠭ᠂ ᠰᠢᠯᠦᠭ᠂ ᠵᠦᠴᠦᠭᠡ᠂ ᠲᠠᠭᠠᠷᠢᠯᠴᠠᠭ᠎ᠠ᠂ ᠶᠠᠳᠤᠭ᠎ᠠ ᠂ ᠬᠤᠪᠴᠠᠰᠤᠨ ᠤ ᠦᠵᠡᠭᠦᠯᠬᠡ ᠵᠡᠷᠭᠡ ᠤᠯᠠᠨ ᠵᠦᠢᠯ ᠤᠨ ᠰᠲ᠋ᠧᠯᠢ ᠲᠠᠢ ᠡᠯᠪᠡᠭ ᠪᠠᠶᠠᠯᠢᠭ ᠠᠭᠤᠯᠭ᠎ᠠ ᠪᠦᠬᠦᠢ 17 ᠲᠤᠭᠯᠠᠯᠲᠠ ᠶᠢ ᠲᠠᠶᠢᠰᠠᠨ᠎ᠠ ᠦᠵᠡᠭᠦᠯᠵᠦ ᠤᠯᠠᠨ ᠲᠦᠮᠡᠨ ᠤ ᠪᠠᠨ ᠨᠢᠳᠦ ᠴᠢᠬᠢ ᠶᠢ ᠬᠤᠵᠢᠷᠯᠠᠵᠦ᠂ ᠪᠠᠭ᠋ᠠᠷᠬᠠᠯ ᠲᠠᠭᠠᠰᠢᠶᠠᠯ ᠢ ᠬᠦᠷᠳᠡᠭᠰᠡᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠤ ᠱᠦᠵᠢ ᠨᠠᠰᠤᠨᠪᠠᠲᠦ᠂ ᠬᠤᠰᠢᠭᠤ ᠵᠠᠰᠠᠭ ᠤᠨ ᠤᠷᠳᠤᠨ ᠤ ᠲᠡᠳ᠋ ᠲᠠᠷᠤᠭ᠎ᠠ᠂ ᠬᠤᠰᠢᠭᠤ ᠲᠤᠲᠤᠭᠠᠲᠦ  ᠶᠢ ᠬᠠᠮᠠᠭᠠᠯᠠᠬᠤ ᠲᠤᠪᠴᠢᠶᠠᠨ ᠤ ᠲᠤᠪᠴᠢᠶᠠᠨ ᠲᠠᠷᠤᠭ᠎ᠠ ᠠᠮᠢᠪᠦ᠋ᠬᠡ᠂ ᠬᠤᠰᠢᠭᠤ ᠤᠯᠤᠰ ᠲᠦᠷᠦ ᠶᠢᠨ ᠵᠦᠪᠯᠡᠭᠡᠨ ᠤ ᠲᠡᠳ᠋ ᠲᠡᠷᠢᠭᠦᠯᠡᠭᠴᠢ ᠲᠠᠪᠰᠢᠯᠲᠦ᠂ ᠬᠤᠰᠢᠭᠤ ᠰᠤᠶᠤᠯ ᠲᠠᠮᠢᠷ ᠷᠠᠳᠢᠤ᠋ ᠺᠢᠨᠤ᠋ ᠲᠧᠯᠸᠢᠰ ᠵᠢᠭᠤᠯᠴᠢᠯᠠᠯ ᠤᠨ ᠲᠤᠪᠴᠢᠶᠠᠨ  ᠤ ᠲᠡᠳ᠋ ᠲᠠᠷᠤᠭ᠎ᠠ ᠭᠠᠩᠵᠤᠷᠢᠭ᠂ ᠰᠠᠮᠠᠢ ᠰᠤᠮᠤᠨ ᠤ ᠨᠠᠮ ᠤᠨ ᠬᠤᠷᠢᠶᠠᠨ ᠤ ᠱᠦᠵᠢ ᠭᠡᠷᠡᠯᠴᠤᠭᠲᠦ᠂ ᠰᠠᠮᠠᠢ ᠰᠤᠮᠤᠨ ᠤ ᠨᠠᠮ ᠤᠨ ᠬᠤᠷᠢᠶᠠᠨ ᠤ ᠲᠡᠳ᠋ ᠱᠦᠵᠢ᠂ ᠰᠤᠮᠤᠨ ᠲᠠᠷᠤᠭ᠎ᠠ ᠴᠡᠴᠡᠨ᠂ ᠰᠠᠮᠠᠢ ᠰᠤᠮᠤᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠤ ᠱᠦᠵᠢ ᠬᠦᠭᠵᠢᠯᠲᠦ ᠨᠠᠷ ᠬᠦᠷᠦᠯᠴᠡᠨ ᠢᠷᠡᠵᠦ ᠤᠯᠠᠨ ᠲᠠᠢ ᠬᠠᠮᠳᠤᠪᠡᠷ ᠲᠤᠭᠯᠠᠯᠲᠠ ᠶᠢ ᠰᠤᠨᠢᠷᠬᠠᠬᠤ ᠶᠢᠨ ᠬᠠᠮᠳᠦ ᠲᠤᠰ ᠤᠳᠠᠭᠠᠨ ᠤ ᠲᠤᠭᠯᠠᠯᠲᠠ ᠳᠤ ᠦᠨᠳᠦᠷ ᠦᠨᠡᠯᠡᠯᠲᠡ ᠦᠭᠴᠦ ᠤᠷᠮ᠎ᠠ ᠵᠤᠷᠢᠭ ᠬᠠᠶᠢᠷᠠᠯᠠᠭᠰᠠᠨ ᠪᠠᠶᠢᠨ᠎ᠠ᠃
 
ᠢᠷᠡᠯᠲᠡ᠄ ᠰᠠᠮᠠᠢ ᠰᠣᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号