ᠦᠪᠦᠷ ᠮᠤᠩᠭᠤᠯ ᠤᠨ ᠬᠦᠭᠵᠢᠯ ᠬᠤᠪᠢᠷᠠᠯᠳᠠ ᠶᠢᠨ ᠲᠤᠬᠠᠢ ᠮᠦᠴᠢᠳ ᠦᠭᠦᠯᠡᠬᠦ ᠨᠢ
ᠨᠡᠶᠢᠲᠡᠯᠡᠭᠰᠡᠨ ᠴᠠᠭ᠄
2017/7/17
ᠤᠷᠢᠶᠠᠩᠬᠠᠨ ᠤ᠂ ᠶᠤᠨᠳᠤᠨ                        ᠦᠪᠦᠷ ᠮᠤᠩᠭᠤᠯ ᠤᠨ ᠬᠦᠭᠵᠢᠯ ᠬᠤᠪᠢᠷᠠᠯᠳᠠ ᠶᠢᠨ ᠲᠤᠬᠠᠢ ᠮᠦᠴᠢᠳ ᠦᠭᠦᠯᠡᠬᠦ ᠨᠢ                       —  ᠤᠷᠤᠨ ᠪᠠᠶᠢᠭᠤᠯᠤᠭᠳᠠᠭᠰᠠᠨ 70 ᠵᠢᠯ ᠤᠨ ᠤᠢ ᠲᠤᠷᠠᠰᠬᠠᠨ ᠲᠡᠮᠳᠡᠭᠯᠡᠶ᠎ᠡ      ᠦᠰᠴᠦ ᠲᠦᠷᠦᠭᠰᠡᠨ᠂ ᠠᠮᠢᠳᠤᠷᠠᠨ ᠤᠯᠠᠷᠢᠭᠰᠠᠨ ᠬᠠᠯᠠᠭᠤᠨ ᠦᠯᠦᠭᠡᠢ ᠦᠪᠦᠷ ᠮᠤᠩᠭᠤᠯ ᠮᠠᠨᠢ ᠲᠡᠤᠬᠡ ᠶᠢᠨ ᠤᠯᠠᠨ ᠤᠳᠠᠭᠠᠨ ᠤ ᠨᠤᠭᠤᠷᠤᠯ ᠪᠦᠳᠦᠷᠢᠯ ᠢ ᠲᠤᠭᠤᠯᠤᠨ᠂ ᠲᠠᠷᠤᠯᠠᠯ ᠮᠦᠯᠵᠢᠯᠠᠯᠳᠦ ᠬᠠᠭᠠᠰ ᠹᠸᠤᠳᠠᠯ ᠬᠠᠭᠠᠰ ᠺᠤᠯᠦᠨᠢ ᠶᠢᠨ ᠤᠷᠤᠨ ᠪᠠᠶᠢᠭᠰᠠᠨ ᠠᠴᠠ ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠦᠪᠦᠷ ᠮᠤᠩᠭᠤᠯ ᠤᠨ ᠤᠯᠠᠭᠠᠠᠬᠦᠤ ᠪᠠᠷ ᠲᠦᠯᠦᠭᠡᠯᠡᠭᠦᠯᠦᠭᠰᠡᠨ ᠡᠪ ᠬᠠᠮᠳᠤᠴᠦᠳ ᠨᠢ ᠠᠷᠠᠳ ᠲᠦᠮᠡᠨ ᠤ ᠡᠷᠬᠡ ᠴᠢᠯᠦᠭᠡᠨ ᠤ ᠲᠦᠯᠦᠭᠡ ᠬᠠᠳᠠᠭᠤᠵᠢᠯᠳᠠᠢ ᠪᠠᠷ᠂ ᠤᠷᠳᠤ ᠬᠤᠭᠤᠴᠠᠭ᠎ᠠ ᠪᠠᠷ ᠵᠡᠪᠰᠡᠭᠳᠦ ᠲᠡᠮᠴᠡᠯ ᠶᠠᠪᠤᠭᠤᠯᠵᠦ᠂ 1947 ᠤᠨ ᠳᠤ ᠤᠯᠠᠭᠠᠠᠬᠤᠳᠠ ᠳᠤ᠂ ᠦᠪᠦᠷ ᠮᠤᠩᠭᠤᠯ ᠤᠷᠤᠨ ᠤ ᠵᠠᠰᠠᠭ ᠤᠨ ᠤᠷᠳᠤᠨ ᠢ ᠪᠠᠶᠢᠭᠤᠯᠵᠦ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢᠨ ᠲᠤᠤᠷᠠᠬᠢ ᠦᠪᠡᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠢ ᠲᠤᠩᠬᠠᠭᠯᠠᠵᠦ᠂ ᠲᠠᠯ᠎ᠠ ᠶᠢᠨ ᠮᠠᠯᠴᠢᠨ ᠲᠦᠮᠡᠨ ᠤ ᠤᠯᠤᠰ ᠲᠦᠷᠦ ᠶᠢᠨ ᠡᠷᠬᠡ ᠴᠢᠯᠦᠭᠡ ᠶᠢ ᠤᠯᠭᠤᠵᠦ᠂ ᠵᠤᠯ ᠵᠢᠷᠭᠠᠯᠳᠤ ᠠᠮᠢᠳᠤᠷᠠᠯ ᠤᠨ ᠵᠠᠮ ᠢ ᠡᠯᠭᠦᠯᠡᠭᠰᠡᠨ ᠪᠠᠶᠢᠪᠡ᠃ ᠡᠨᠡ ᠪᠤᠯ ᠮᠠᠨ ᠤ ᠤᠷᠤᠨ ᠤ ᠲᠡᠤᠬᠡᠨ ᠬᠠᠭᠤᠳᠠᠰᠤᠨ  ᠳᠠᠬᠢ ᠰᠠᠴᠤᠷᠠᠩᠭᠤᠢ ᠲᠤᠮᠤᠬᠠᠨ ᠦᠢᠯᠡ ᠬᠡᠷᠡᠭ ᠪᠤᠯᠤᠨ᠎ᠠ᠃ ᠲᠠᠯᠠᠨ ᠵᠢᠯ ᠤᠨ ᠦᠢᠯᠡᠳᠪᠦᠷᠢᠯᠡᠯ ᠠᠮᠢᠳᠤᠷᠠᠯ ᠤᠨ ᠲᠡᠤᠬᠡᠨ ᠶᠠᠪᠤᠴᠠ ᠳᠤ᠂ ᠪᠠᠰᠠ ᠤᠯᠠᠨ ᠤᠳᠠᠭᠠᠨ ᠤ ᠱᠤᠭᠤᠮ ᠤᠨ ᠲᠡᠮᠡᠴᠡᠯ ᠤᠨ ᠬᠠᠳᠠᠭᠤ ᠪᠡᠷᠭᠡ ᠨᠤᠭᠤᠷᠠᠯ ᠪᠦᠳᠦᠷᠢᠯ ᠢ ᠲᠤᠭᠤᠯᠤᠭᠰᠠᠨ ᠪᠤᠯᠪᠠᠴᠤ᠂ ᠡᠴᠦᠰ ᠲᠡᠭᠡᠨ ᠳ᠋ᠧᠩ ᠰᠢᠶᠤᠤ ᠫᠢᠩ ᠪᠠᠷ ᠲᠦᠯᠦᠭᠡᠯᠡᠭᠦᠯᠦᠭᠰᠡᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠰᠤᠳᠤ ᠮᠡᠷᠬᠡᠨ ᠤᠳᠤᠷᠢᠳᠤᠯᠭ᠎ᠠ ᠶᠢ ᠲᠠᠭᠠᠵᠦ᠂ ︽ᠦᠭᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠬᠤ︾ ᠲᠦᠷᠦ ᠶᠢᠨ ᠪᠤᠳᠤᠯᠭ᠎ᠠ ᠶᠢᠨ ᠵᠦᠪ ᠵᠠᠮ ᠢ ᠤᠯᠵᠦ᠂ ᠠᠷᠠᠳ ᠮᠠᠯᠴᠢᠳ ᠠᠮᠢᠳᠤᠷᠠᠯ ᠤᠨ ᠬᠢᠷᠢ ᠬᠡᠮᠵᠢᠶ᠎ᠡ ᠨᠢ ᠶᠡᠬᠡᠪᠡᠷ ᠲᠡᠭᠡᠭᠰᠢᠯᠡᠵᠦ᠂ ᠲᠠᠯ᠎ᠠ ᠨᠤᠲᠤᠭ ᠲᠡᠤᠬᠡᠨ ᠳᠤ ᠭᠠᠷᠤᠭ᠎ᠠ ᠦᠭᠡᠢ ᠶᠡᠭᠡ ᠬᠦᠭᠵᠢᠯᠳᠡ ᠬᠤᠪᠢᠷᠠᠯᠳᠠ ᠶᠢᠨ ᠴᠠᠭ ᠦᠶ᠎ᠡ ᠳᠤ ᠤᠷᠤᠭᠰᠠᠨ ᠶᠤᠮ᠃ ᠡᠨᠡ ᠪᠤᠯ ᠲᠡᠤᠬᠡ ᠶᠢᠨ ᠦᠨᠡᠨ ᠪᠠᠶᠢᠳᠠᠯ ᠪᠤᠯᠤᠨ᠎ᠠ᠃ ᠭᠡᠳᠡᠯ᠎ᠡ ᠵᠠᠷᠢᠮ ᠬᠦᠮᠦᠰ ᠨᠠᠮᠠᠶᠢ ᠴᠢ ᠦᠪᠦᠷ ᠮᠤᠩᠭᠤᠯ ᠤᠨ ᠬᠦᠭᠵᠢᠯᠳᠡ ᠶᠢ ᠬᠤᠳᠠᠯ ᠢᠶᠠᠷ ᠦᠨᠡᠯᠡᠵᠦ ᠪᠠᠶᠢᠨ᠎ᠠ ᠭᠡᠵᠦ ᠬᠡᠯᠡᠬᠦ ᠮᠠᠭᠠᠳ᠃ ᠲᠡᠭᠡᠪᠡᠯ ᠪᠢᠳᠡ ᠦᠪᠦᠷ ᠮᠤᠩᠭᠤᠯ ᠤᠨ ᠡᠬᠢᠨ ᠤ ᠦᠶ᠎ᠡ ᠶᠢᠨ ᠪᠠᠶᠢᠳᠠᠯ ᠢ ᠤᠳᠤᠬᠢ ᠴᠠᠭ ᠦᠶ᠎ᠡ  ᠲᠠᠢ ᠬᠠᠷᠢᠴᠠᠭᠤᠯᠵᠦ ᠦᠵᠡᠰᠦᠭᠡᠢ᠄            ⒈ ᠠᠷᠠᠳ ᠲᠦᠮᠡᠨ ᠤ ᠹᠸᠤᠳᠠᠯ ᠤᠨ ᠦᠶ᠎ᠡ ᠶᠢᠨ ᠡᠷᠬᠡ ᠴᠢᠯᠦᠭᠡ      ᠲᠠᠷᠤᠯᠠᠯ ᠮᠦᠯᠵᠢᠯᠳᠦ ᠨᠠᠶᠢᠭᠡᠮ ᠳᠤ ᠠᠷᠠᠳ ᠲᠦᠮᠡᠨ ᠬᠤᠪᠢ ᠬᠦᠮᠦᠨ ᠤ ᠦᠭᠡ ᠬᠡᠯᠡᠬᠦ ᠡᠷᠬᠡ ᠴᠢᠯᠦᠭᠡ᠂ ᠪᠡᠶ᠎ᠡ ᠶᠢᠨ ᠡᠷᠬᠡ ᠴᠢᠯᠦᠭᠡ᠂ ᠴᠢᠯᠦᠭᠡᠳᠦ ᠠᠮᠢᠳᠤᠷᠠᠯ ᠤᠨ ᠡᠷᠬᠡ ᠴᠢᠯᠦᠭᠡ᠂ ᠬᠦᠳᠡᠯᠮᠦᠷᠢ ᠶᠢᠨ ᠡᠷᠬᠡ ᠴᠢᠯᠦᠭᠡ ᠭᠡᠵᠦ ᠪᠠᠶᠢᠭᠰᠠᠨ ᠦᠭᠡᠢ ᠶᠤᠮ᠂ ᠮᠦᠯᠵᠢᠭᠴᠢ ᠠᠩᠬᠢ ᠠᠴᠠ ᠲᠡᠳᠡᠨ ᠢ ᠵᠦᠪᠬᠡᠨ ᠠᠵᠢᠯ ᠬᠦᠳᠡᠯᠮᠦᠷᠢ ᠳᠤ ᠵᠠᠷᠤᠵᠦ᠂ ᠢᠳᠡᠬᠦ ᠤᠤᠭᠤᠬᠤ ᠶᠢ ᠨᠢ ᠮᠦᠴᠢᠳ ᠬᠠᠩᠭᠠᠬᠤ ᠪᠠᠷ ᠬᠦᠳᠡᠯᠮᠦᠷᠢ ᠶᠢᠨ ᠬᠠᠷᠢᠭᠤᠯᠳᠠ ᠪᠤᠯᠭᠠᠳᠠᠭ ᠲᠡᠳᠦᠢ ᠯᠡ ᠪᠠᠶᠢᠭᠰᠠᠨ ᠶᠤᠮ᠃ ᠪᠠᠭ᠎ᠠ ᠯᠡ ᠤᠰᠤᠯᠳᠠᠪᠠᠯ ᠬᠠᠷᠢᠶᠠᠭᠳᠠᠨ ᠴᠤᠬᠢᠭᠳᠠᠵᠦ᠂ ᠴᠢᠨᠠᠭᠰᠢᠯᠠᠪᠠᠯ ᠠᠷᠠᠰᠤ ᠮᠢᠬᠠᠨ ᠤ ᠲᠠᠮᠤ ᠦᠵᠡᠭᠦᠯᠬᠦ ᠳᠤ ᠲᠡᠭᠦᠨ ᠢ ᠬᠠᠮᠠᠭᠠᠯᠠᠵᠦ ᠦᠮᠦᠭᠡᠷᠡᠬᠦ ᠬᠦᠮᠦᠨ ᠴᠤ ᠦᠭᠡᠢ ᠪᠠᠶᠢᠳᠠᠭ᠃ ᠮᠠᠯᠵᠢᠬᠤ ᠤᠷᠤᠨ ᠳᠤ ᠤᠯᠠᠩᠬᠢ ᠶᠠᠳᠠᠭᠤᠴᠦᠳ ᠨᠢ ᠪᠠᠶᠠᠳ ᠨᠤᠶᠠᠳ ᠪᠠ ᠲᠠᠪᠬᠤᠷᠭᠠᠳᠠᠳ ᠤᠨ ᠪᠤᠭᠤᠯ ᠵᠠᠷᠤᠴᠠ ᠪᠤᠯᠵᠦ᠂ ᠡᠷᠡᠭᠳᠡᠶᠢᠴᠦᠳ  ᠨᠢ ᠮᠠᠯ ᠤᠨ ᠬᠦᠮᠦᠨ ᠪᠤᠯᠵᠦ᠂ ᠠᠯᠢᠪᠠ ᠬᠠᠷ᠎ᠠ ᠪᠤᠷᠤ ᠠᠵᠢᠯ ᠳᠤ ᠵᠠᠷᠤᠭᠳᠠᠨ᠂ ᠪᠦᠰᠡᠭᠦᠶᠢᠴᠦᠳ ᠨᠢ ᠰᠦ ᠰᠠᠭᠠᠯᠢ᠂ ᠭᠡᠷ ᠤᠨ ᠠᠵᠢᠯ ᠲᠦᠷᠦᠯ᠂ ᠤᠶᠤᠳᠠᠯ ᠬᠢᠳᠡᠯ ᠳᠤᠨᠢ ᠪᠤᠷᠪᠢ ᠨᠤᠭᠤᠷᠤᠯ ᠦᠭᠡᠢ ᠠᠵᠢᠯᠯᠠᠳᠠᠭ ᠪᠠᠶᠢᠨ᠎ᠠ᠃ ᠵᠢᠯ ᠤᠨ ᠬᠦᠯᠦᠰᠦ ᠤᠯᠭᠤᠮᠵᠢ ᠨᠢ ᠵᠦᠪᠬᠡᠨ ᠠᠮᠢᠳᠤᠷᠠᠯ ᠢᠶᠠᠨ ᠠᠷᠭᠠᠴᠠᠬᠤ ᠶᠠᠪᠤᠳᠠᠯ ᠪᠠᠶᠢᠳᠠᠭ᠃ ᠲᠤᠬᠠᠢ ᠶᠢᠨ ᠦᠶ᠎ᠡ ᠶᠢᠨ ᠨᠡᠶᠢᠭᠡᠮ ᠨᠢ ᠲᠡᠳᠡᠨ ᠤ ᠠᠮᠢᠳᠤᠷᠠᠯ ᠤᠨ ᠲᠦᠯᠦᠭᠡ ᠰᠠᠨᠠᠭᠠᠰᠢᠷᠠᠬᠤ ᠪᠠ ᠲᠡᠮᠵᠢᠯᠭᠡ ᠦᠵᠡᠭᠦᠯᠬᠦ ᠶᠠᠪᠤᠳᠠᠯ ᠭᠡᠵᠦ ᠪᠠᠶᠢᠭ᠎ᠠ ᠦᠭᠡᠢ᠂ ᠶᠠᠳᠠᠭᠤ ᠬᠦᠮᠦᠰ ᠤᠨ ᠬᠦᠯᠳᠡᠵᠦ ᠦᠬᠦᠬᠦ᠂ ᠦᠯᠪᠡᠷᠴᠦ ᠦᠬᠦᠬᠦ᠂ ᠭᠠᠮᠰᠢᠭ ᠠᠴᠠ ᠪᠤᠯᠵᠦ ᠭᠠᠴᠢᠭᠳᠠᠨ ᠦᠬᠦᠬᠦ ᠶᠢ ᠶᠡᠷᠦ ᠠᠴᠠ ᠬᠠᠮᠢᠶᠠᠷᠳᠠᠭ ᠦᠭᠡᠢ ᠪᠠᠯᠠᠷ ᠲᠦᠷᠦ ᠪᠠᠶᠢᠭᠰᠠᠨ ᠪᠦᠭᠡᠳ ᠴᠦᠬᠡᠨ ᠲᠤᠭᠠᠳᠠᠨ  ᠨᠢ ᠵᠢᠷᠭᠠᠨ ᠴᠡᠩᠭᠡᠵᠦ᠂ ᠤᠯᠠᠩᠬᠢ ᠲᠤᠭᠠᠳᠠᠨ ᠨᠢ ᠬᠠᠯᠠ ᠵᠤᠪᠠᠯᠠᠩ ᠦᠵᠡᠳᠡᠭ ᠬᠠᠷᠠᠩᠭᠤᠢ ᠨᠡᠶᠢᠭᠡᠮ ᠪᠠᠶᠢᠭᠰᠠᠨ ᠢ ᠲᠡᠤᠬᠡ ᠭᠡᠷᠡᠴᠢᠯᠡᠨ᠎ᠡ᠃      ᠬᠠᠷᠢᠴᠠᠭᠤᠯᠤᠯ᠄ ᠠᠷᠠᠳ ᠲᠦᠮᠡᠨ ᠤ ᠤᠳᠤᠬᠢ ᠡᠷᠬᠡ ᠴᠢᠯᠦᠭᠡ      ᠡᠨᠡ ᠲᠠᠯ᠎ᠠ ᠪᠠᠷ ᠲᠤᠮᠳᠠᠳᠤ ᠤᠯᠤᠰ ᠤᠨ ᠡᠪ ᠬᠠᠮᠳᠤᠴᠦᠳ ᠠᠷᠠᠳ ᠲᠦᠮᠡᠨ ᠤ ᠴᠢᠯᠦᠭᠡᠯᠡᠯᠳᠡ ᠶᠢᠨ ᠦᠢᠯᠡᠰ  ᠤᠨ ᠲᠦᠯᠦᠭᠡ 28 ᠵᠢᠯ ᠤᠨ ᠵᠡᠪᠰᠡᠭᠳᠦ ᠲᠡᠮᠡᠴᠡᠯ ᠢ ᠶᠠᠪᠤᠭᠤᠯᠵᠦ ᠬᠠᠭᠠᠰ ᠹᠸᠤᠳᠠᠯ ᠬᠠᠭᠠᠰ ᠺᠤᠯᠤᠨᠢ ᠶᠢᠨ ᠬᠠᠭᠤᠴᠢᠨ ᠲᠦᠷᠦ ᠶᠢ ᠲᠦᠯᠬᠢᠨ ᠤᠨᠠᠭᠠᠵᠦ᠂ 1949 ᠤᠨ ᠳᠤ ᠲᠤᠮᠳᠠᠳᠤ ᠤᠯᠤᠰ ᠤᠨ ᠠᠷᠠᠳ ᠲᠦᠮᠡᠨ ᠡᠷᠬᠡ ᠴᠢᠯᠦᠭᠡ ᠪᠠᠨ ᠤᠯᠵᠦ᠂ ᠤᠯᠤᠰ ᠤᠨ ᠡᠵᠡᠨ ᠪᠤᠯᠵᠦ ᠴᠢᠳᠠᠭᠰᠠᠨ ᠶᠤᠮ᠃ ᠡᠨᠡ ᠪᠤᠯ ᠤᠯᠤᠰ ᠲᠦᠷᠦ ᠶᠢᠨ ᠦᠨᠳᠦᠰᠦᠨ ᠠᠰᠠᠭᠤᠳᠠᠯ ᠢ ᠠᠮᠵᠢᠯᠳᠠ ᠲᠠᠢ ᠰᠡᠢᠳᠪᠦᠷᠢᠯᠡᠵᠦ᠂ ᠠᠷᠠᠳ ᠲᠦᠮᠡᠨ ᠡᠵᠡᠨ ᠮᠡᠳᠡᠭᠰᠡᠨ ᠰᠢᠨ᠎ᠡ ᠲᠦᠷᠦ  ᠶᠢ ᠴᠤᠭᠴᠠᠯᠠᠬᠤ ᠶᠢᠨ ᠰᠠᠭᠤᠷᠢ ᠶᠢ ᠲᠠᠯᠪᠢᠭᠰᠠᠨ ᠪᠠᠶᠢᠪᠠ᠃ ᠶᠠᠮᠠᠷ ᠦᠨᠳᠦᠰᠦᠨ ᠬᠤᠪᠢᠷᠠᠯᠳᠠ ᠭᠠᠷᠤᠭᠰᠠᠨ ᠲᠤᠬᠠᠢ ᠵᠠᠳᠠᠯᠬᠤ ᠳᠤ ᠤᠯᠤᠰ ᠲᠦᠷᠦ ᠶᠢᠨ ᠲᠠᠯ᠎ᠠ ᠳᠤ ᠠᠪᠴᠤ ᠬᠡᠯᠡᠪᠡᠯ      ⑴ ᠮᠦᠯᠵᠢᠯ ᠤᠨ ᠪᠠᠶᠢᠭᠤᠯᠤᠯ ᠤᠰᠠᠳᠴᠤ᠂ ᠰᠢᠨ᠎ᠡ ᠲᠦᠷᠦ ᠪᠠᠶᠢᠭᠤᠯᠤᠭᠳᠠᠵᠦ᠂ ᠠᠷᠠᠳ ᠲᠦᠮᠡᠨ ᠤ ᠲᠦᠯᠦᠭᠡ ᠵᠠᠰᠠᠭ ᠶᠠᠪᠤᠭᠤᠯᠬᠤ ᠪᠤᠯᠪᠠ᠃      ⑵ ᠤᠯᠠᠨ ᠲᠤᠭᠠᠳᠠᠨ ᠤ ᠠᠵᠦ ᠠᠮᠢᠳᠤᠷᠠᠯ ᠨᠢ ᠰᠠᠶᠢᠵᠢᠷᠠᠵᠦ᠂ ᠦᠬᠡ ᠬᠡᠯᠡᠬᠦ ᠡᠷᠬᠡ ᠴᠢᠯᠦᠭᠡ ᠲᠠᠢ ᠪᠤᠯᠵᠦ᠂ ᠴᠢᠯᠦᠭᠡᠳᠦ ᠠᠮᠢᠳᠤᠷᠠᠯ ᠢᠶᠠᠨ ᠬᠢᠬᠦ ᠪᠤᠯᠪᠠ᠃      ⑶ᠬᠦᠮᠦᠨ ᠨᠢ ᠬᠦᠮᠦᠨ ᠢᠶᠠᠨ ᠲᠠᠷᠤᠯᠠᠵᠦ ᠮᠦᠯᠵᠢᠬᠦ ᠶᠠᠪᠤᠳᠠᠯ ᠦᠭᠡᠢ ᠪᠤᠯᠵᠦ᠂ ᠪᠡᠶ᠎ᠡ ᠶᠢᠨ ᠲᠠᠷᠴᠢᠯᠭᠠᠯᠠᠯ ᠠᠮᠰᠠᠬᠤ ᠦᠭᠡᠢ ᠪᠤᠯᠪᠠ᠃ ᠬᠤᠤᠷᠯᠠᠯ ᠠᠮᠰᠠᠭᠰᠠᠨ ᠴᠤ ᠬᠡᠯᠡᠬᠦ ᠭᠠᠵᠠᠷ ᠲᠠᠢ᠂ ᠲᠦᠪ ᠭᠤᠤᠯᠴᠢ ᠪᠠᠷ ᠶᠠᠪᠤᠭᠤᠯᠬᠤ ᠲᠦᠷᠦ ᠶᠢᠨ ᠪᠠᠶᠢᠭᠤᠯᠤᠮᠵᠢ ᠲᠠᠢ ᠪᠤᠯᠪᠠ᠃ ᠪᠡᠯ ᠢᠯᠠᠩᠭᠤᠶ᠎ᠠ ᠡᠮᠡᠭᠳᠡᠶᠢᠴᠦᠳ ᠤᠨ ᠡᠷᠬᠡ ᠴᠢᠯᠦᠭᠡ᠂ ᠤᠷᠤᠭ ᠬᠤᠷᠢᠮ ᠤᠨ ᠡᠷᠬᠡ ᠴᠢᠯᠦᠭᠡ ᠵᠡᠷᠭᠡ  ᠁      ⑷ ᠮᠤᠩᠭᠤᠯ ᠰᠤᠷᠭᠠᠨ ᠬᠦᠮᠦᠵᠢᠯ ᠤᠨ ᠡᠷᠬᠡ ᠴᠢᠯᠦᠭᠡ ᠶᠢ ᠤᠯᠵᠦ᠂ ᠮᠤᠩᠭᠤᠯ ᠦᠬᠡ ᠬᠡᠯᠡᠨ ᠤ ᠰᠤᠷᠭᠠᠭᠤᠯᠢ ᠶᠢ ᠲᠦᠭᠡᠮᠡᠯᠵᠢᠭᠦᠯᠵᠦ᠂ ᠰᠤᠮᠤ ᠪᠦᠬᠦᠨ ᠰᠤᠷᠭᠠᠭᠤᠯᠢ ᠲᠠᠢ᠂ ᠮᠠᠯᠴᠢᠳ ᠤᠨ ᠦᠷ᠎ᠡ ᠬᠡᠤᠬᠡᠳ ᠰᠤᠶᠤᠯ ᠭᠡᠭᠡᠷᠡᠯ ᠤᠨ ᠵᠠᠮ ᠢᠶᠠᠷ ᠶᠠᠪᠤᠬᠤ ᠪᠤᠯᠪᠠ᠃ ᠡᠨᠡ ᠪᠤᠯ ᠬᠡᠳᠦᠨ ᠵᠠᠭᠤᠨ ᠵᠢᠯ ᠳᠤ ᠭᠠᠷᠤᠭ᠎ᠠ ᠦᠭᠡᠢ ᠬᠦᠷᠢᠶ᠎ᠡ ᠬᠡᠪᠴᠢᠶ᠎ᠠ ᠪᠠᠷ ᠦᠷᠭᠡᠨ᠂ ᠦᠨᠳᠦᠰᠦᠨ ᠤᠯᠠᠨ ᠲᠦᠮᠡᠨ ᠳᠤ ᠰᠤᠶᠤᠯ ᠤᠨ ᠠᠰᠢᠭ ᠭᠦᠷᠳᠡᠭᠡᠭᠰᠡᠨ ᠰᠤᠶᠤᠯ ᠭᠡᠭᠡᠷᠡᠯ  ᠤᠨ ᠶᠡᠭᠡ ᠲᠡᠤᠬᠡᠨ ᠲᠠᠪᠰᠢᠯᠳᠠ ᠭᠡᠵᠦ ᠦᠵᠡᠯᠳᠡᠢ᠃ ᠡᠨᠡ ᠪᠤᠯ ᠦᠪᠦᠷ ᠮᠤᠩᠭᠤᠯ ᠤᠷᠤᠨ ᠤ ᠰᠤᠶᠤᠯ ᠰᠤᠷᠭᠠᠨ ᠬᠦᠮᠦᠵᠢᠯ ᠤᠨ ᠲᠠᠯ᠎ᠠ ᠪᠠᠷ ᠤᠯᠤᠭᠰᠠᠨ ᠯᠤᠳᠤ ᠶᠡᠭᠡ ᠠᠮᠵᠢᠯᠳᠠ ᠪᠦᠳᠦᠭᠡᠯ ᠶᠤᠮ᠃ ᠨᠡᠩ ᠢᠯᠠᠩᠭᠤᠶ᠎ᠠ ᠪᠤᠰᠤᠭ᠎ᠠ ᠮᠤᠩᠭᠤᠯ ᠦᠰᠦᠭ ᠢᠶᠠᠨ ᠪᠤᠰᠤᠭ᠎ᠠ ᠬᠡᠪ ᠨᠢ ᠬᠠᠳᠠᠭᠠᠯᠠᠵᠦ ᠬᠦᠭᠵᠢᠭᠦᠯᠦᠨ ᠵᠠᠯᠭᠠᠮᠵᠢᠯᠠᠭᠰᠠᠨ ᠮᠤᠩᠭᠤᠯ ᠲᠡᠤᠬᠡ ᠶᠢᠨ ᠬᠠᠭᠤᠳᠠᠰᠤ ᠪᠠᠨ ᠦᠨᠢᠳᠡ ᠬᠠᠳᠠᠭᠠᠯᠠᠭᠰᠠᠨ ᠶᠤᠮ᠃      ⑸ᠤᠯᠤᠰ ᠠᠴᠠ ︽ᠦᠨᠳᠦᠰᠦᠨ ᠬᠠᠤᠯᠢ︾ ᠶᠢ ᠲᠤᠭᠳᠠᠭᠠᠵᠦ ᠬᠡᠷᠡᠭᠵᠢᠭᠦᠯᠪᠡ᠃ ︽ᠦᠨᠳᠦᠰᠦᠨ ᠬᠠᠤᠯᠢ︾ ᠳᠤ ᠠᠷᠠᠳ ᠢᠷᠭᠡᠳ ᠤᠨ ᠰᠠᠨᠠᠯ ᠢᠶᠠᠨ ᠬᠡᠯᠡᠬᠦ᠂ ᠬᠡᠪᠯᠡᠨ ᠨᠡᠶᠢᠳᠡᠯᠡᠬᠦ᠂ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠡᠷᠬᠡ ᠴᠢᠯᠦᠭᠡ ᠶᠢ ᠪᠠᠳᠤᠯᠠᠪᠠ᠃ ᠲᠡᠷᠡ ᠮᠦᠷᠳᠡᠭᠡᠨ ᠠᠷᠠᠳ ᠢᠷᠭᠡᠨ ᠤ ᠪᠡᠶ᠎ᠡ  ᠶᠢᠨ ᠡᠷᠬᠡ ᠴᠢᠯᠦᠭᠡᠨ ᠳᠤ ᠬᠠᠯᠳᠠᠵᠦ ᠪᠤᠯᠬᠤ ᠦᠭᠡᠢ ᠭᠡᠵᠦ ᠲᠤᠭᠳᠠᠭᠠᠭᠰᠠᠨ ᠪᠠᠶᠢᠳᠠᠭ᠃      ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠠ ᠮᠠᠯᠴᠢᠨ ᠲᠦᠮᠡᠨ ᠲᠠᠯᠠᠨ ᠵᠢᠯ ᠤᠨ ᠲᠤᠷᠰᠢ᠂ ᠦᠬᠡ ᠬᠡᠯᠡᠬᠦ ᠡᠷᠬᠡ ᠴᠢᠯᠦᠭᠡ᠂ ᠦᠬᠡ ᠬᠡᠯᠡ ᠦᠰᠦᠭ ᠪᠢᠴᠢᠭ ᠤᠨ ᠡᠷᠬᠡ ᠴᠢᠯᠦᠭᠡ ᠪᠤᠯᠤᠨ ᠪᠡᠶ᠎ᠡ ᠶᠢᠨ ᠡᠷᠬᠡ ᠴᠢᠯᠦᠭᠡ ᠪᠠᠨ ᠤᠯᠵᠦ᠂ ᠠᠮᠤᠷ ᠠᠮᠤᠭᠤᠯᠠᠩ ᠠᠵᠦ ᠲᠦᠷᠦᠭᠰᠡᠭᠡᠷ ᠵᠢᠷᠭᠠᠯᠳᠤ ᠠᠮᠢᠳᠤᠷᠠᠯ ᠢᠶᠠᠨ ᠴᠤᠭᠴᠠᠯᠠᠭᠰᠠᠭᠠᠷ ᠢᠷᠡᠭᠰᠡᠨ ᠪᠠᠶᠢᠨ᠎ᠠ᠃ ᠪᠢᠳᠡ ᠰᠤᠶᠤᠯ ᠤᠨ ᠬᠤᠪᠢᠰᠬᠠᠯ ᠤᠨ ᠬᠠᠷᠠᠰᠠᠯᠳᠦ ᠬᠡᠷᠡᠭ ᠢ ᠭᠠᠷᠭᠠᠪᠠᠯ᠂ ᠶᠡᠷᠦᠩᠬᠡᠢ ᠳᠡᠭᠡᠨ ᠰᠠᠷᠠᠭᠤᠯ ᠲᠡᠷᠳᠡᠩ ᠵᠠᠮ ᠢᠶᠠᠷ ᠶᠠᠪᠤᠵᠦ ᠢᠷᠡᠭᠰᠡᠨ ᠢ ᠲᠡᠤᠬᠡ ᠭᠡᠷᠨᠴᠢᠯᠡᠨ᠎ᠡ᠃ ᠨᠡᠩ ᠢᠯᠠᠩᠭᠤᠶ᠎ᠠ ︽ᠦᠭᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠬᠤ︾ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠠᠴᠠ ᠨᠠᠰᠢ ᠲᠠᠯ᠎ᠠ ᠶᠢᠨ ᠮᠠᠯᠴᠢᠳ ᠤᠨ ᠠᠮᠢᠳᠤᠷᠠᠯ ᠤᠨ ᠬᠢᠷᠢ ᠲᠦᠪᠰᠢᠨ ᠪᠠ ᠲᠠᠯ᠎ᠠ ᠨᠤᠲᠤᠭ ᠤᠨ ᠨᠡᠶᠢᠭᠡᠮ ᠤᠨ ᠲᠠᠪᠰᠢᠯᠳᠠ ᠦᠳᠳᠦᠷ ᠲᠦᠷᠭᠡᠨ ᠲᠡᠭᠡᠭᠰᠢᠯᠡᠨ ᠲᠡᠭᠵᠢᠷᠡᠵᠦ᠂ ᠲᠡᠤᠬᠡᠨ ᠳᠤ ᠭᠠᠷᠤᠭ᠎ᠠ ᠦᠭᠡᠢ ᠴᠡᠴᠡᠭᠯᠡᠨ ᠬᠦᠭᠵᠢᠭᠰᠡᠨ ᠭᠡᠳᠡᠭ ᠢ ᠤᠯᠵᠦ ᠬᠠᠷᠠᠬᠤ ᠬᠡᠷᠡᠭᠳᠡᠢ᠃      ᠶᠡᠭᠡ ᠲᠠᠯ᠎ᠠ ᠠᠴᠠ ᠠᠪᠴᠤ ᠬᠡᠯᠡᠪᠡᠯ᠂ ᠮᠠᠨ ᠤ ᠤᠯᠤᠰ ᠪᠤᠯ ᠲᠦᠷᠦ ᠲᠦᠪᠰᠢᠨ ᠲᠦᠮᠡᠨ ᠠᠮᠤᠭᠤᠯᠠᠩ᠂ ᠦᠨᠳᠦᠰᠦᠳᠡᠨ ᠪᠦᠬᠦᠨ ᠡᠷᠬᠡ ᠲᠡᠭᠰᠢ᠂ ᠠᠷᠠᠳ ᠪᠦᠬᠦᠨ ᠵᠢᠷᠭᠠᠯᠠᠩ ᠲᠠᠢ ᠪᠠᠶᠢᠬᠤ ᠦᠨᠳᠦᠰᠦᠨ ᠨᠡᠶᠢᠭᠡᠮ ᠤᠨ ᠪᠠᠶᠢᠭᠤᠯᠤᠯ ᠢ ᠴᠤᠭᠴᠠᠯᠠᠭᠰᠠᠨ ᠶᠤᠮ᠃ ᠭᠡᠪᠡᠴᠦ ᠲᠦᠷᠦ ᠶᠢᠨ ᠪᠤᠳᠤᠯᠭ᠎ᠠ ᠶᠢᠨ ᠵᠠᠷᠢᠮ ᠲᠠᠯ᠎ᠠ ᠪᠠᠷ ᠲᠤᠤᠷᠠᠳᠤ ᠨᠢᠭᠡᠨ ᠱᠠᠳᠤ ᠨᠢ ᠡᠷᠬᠡ ᠪᠠᠨ ᠲᠤᠷ᠎ᠠ ᠪᠠᠷ ᠬᠡᠷᠡᠭᠯᠡᠬᠦ ᠪᠠ ᠦᠢᠯᠡᠳᠦᠬᠦ᠂ ᠮᠠᠯᠴᠢᠳ ᠤᠨ ᠦᠨᠳᠦᠰᠦᠨ ᠠᠰᠢᠭ ᠡᠷᠬᠡ ᠳᠤ ᠬᠠᠯᠳᠠᠬᠤ ᠪᠤᠶᠤ ᠭᠡᠳᠦᠷᠡᠬᠦᠯᠬᠦ᠂ ᠠᠷᠢᠭᠤᠨ ᠴᠢᠭᠴᠢ ᠪᠠᠷ ᠵᠠᠰᠠᠭ ᠶᠠᠪᠤᠭᠤᠯᠬᠤ ᠦᠭᠡᠢ ᠢᠯᠵᠠᠷᠠᠨ ᠲᠤᠷᠤᠶᠢᠳᠠᠬᠤ᠂ ᠤᠯᠤᠰ ᠤᠨ ᠦᠨᠳᠦᠰᠦᠨ ᠬᠠᠤᠯᠢ ᠠᠴᠠ ᠵᠦᠷᠢᠴᠡᠬᠦ ᠶᠠᠪᠤᠳᠠᠯ ᠭᠠᠷᠴᠤ ᠪᠠᠶᠢᠬᠤ ᠶᠢ ᠪᠢᠳᠡ ᠦᠭᠡᠶᠢᠰᠭᠡᠬᠦ ᠦᠭᠡᠢ ᠶᠤᠮ          ⒉ ᠨᠡᠶᠢᠭᠡᠮ ᠤᠨ ᠲᠠᠪᠰᠢᠯᠳᠠ ᠠᠷᠠᠳ ᠤᠨ ᠠᠮᠢᠳᠤᠷᠠᠯ ᠤᠨ ᠲᠡᠭᠡᠭᠰᠢᠯᠡᠯᠳᠡ      ᠮᠠᠯᠴᠢᠨ ᠲᠦᠮᠡᠨ ᠦᠨᠡᠨᠬᠦ ᠲᠠᠯ᠎ᠠ ᠨᠤᠲᠤᠭ ᠤᠨ ᠡᠵᠡᠨ ᠪᠤᠯᠪᠠ᠃ ᠹᠸᠤᠳᠠᠯ ᠤᠨ ᠨᠡᠶᠢᠭᠡᠮ ᠤᠨ ᠶᠠᠳᠠᠭᠤ ᠶᠠᠳᠠᠭᠤᠯᠢᠭ ᠮᠠᠯᠴᠢᠳ ᠪᠡᠶ᠎ᠡ ᠪᠠᠨ ᠲᠠᠭᠠᠭᠠᠭᠰᠠᠨ ᠡᠷᠬᠡ ᠴᠢᠯᠦᠭᠡ ᠪᠠ ᠨᠤᠲᠤᠭ ᠤᠷᠤᠨ ᠤ ᠡᠵᠡᠮᠰᠢᠯ ᠭᠡᠵᠦ ᠪᠠᠶᠢᠭᠰᠠᠨ ᠦᠭᠡᠢ ᠪᠦᠭᠡᠳ ᠶᠠᠮᠠᠷ ᠨᠢᠭᠡᠨ ᠢᠵᠠᠭᠤᠷᠳᠠᠨ᠂ ᠪᠠᠶᠠᠳ ᠨᠤᠶᠠᠳ ᠪᠠ ᠰᠦᠮ᠎ᠡ ᠬᠡᠶᠢᠳ ᠤᠨ ᠬᠠᠷᠢᠶᠠᠳᠤ ᠢᠷᠭᠡᠳ ᠭᠡᠬᠦ ᠪᠤᠶᠤ ᠪᠤᠭᠤᠯ ᠵᠠᠷᠤᠴᠠ ᠪᠤᠯᠬᠤ ᠠᠴᠠ ᠪᠢᠰᠢ ᠪᠡᠯᠴᠢᠭᠡᠷ ᠨᠤᠲᠤᠭ ᠤᠨ ᠡᠵᠡᠨ ᠪᠢᠰᠢ ᠪᠠᠶᠢᠳᠠᠭ᠃ ᠵᠦᠪᠬᠡᠨ ᠤᠪᠤᠭ ᠤᠳᠤᠮ ᠤᠨ ᠬᠠᠮᠳᠤ ᠶᠢᠨ ᠪᠠ ᠵᠠᠰᠠᠭ ᠨᠤᠶᠠᠳ ᠤᠨ ᠬᠠᠮᠢᠶᠠᠷᠤᠯᠳᠠ ᠶᠢᠨ ᠨᠤᠲᠤᠭ ᠪᠡᠯᠴᠢᠭᠡᠷ ᠢ ᠦᠪᠡᠷ ᠤᠨ ᠨᠤᠲᠤᠭ ᠭᠡᠵᠦ ᠦᠵᠡᠬᠦ ᠲᠡᠳᠦᠢ᠃ ᠲᠠᠷᠤᠢ ᠰᠢᠳᠦᠯᠭᠡ ᠪᠢᠰᠢᠷᠡᠯ ᠤᠨ ᠬᠠᠷᠢᠶᠠᠨ ᠤ ᠭᠠᠵᠠᠷ ᠤᠷᠤᠨ ᠢᠶᠠᠨ ᠦᠪᠡᠷ ᠤᠨ ᠨᠤᠲᠤᠭ ᠭᠡᠵᠦ ᠲᠡᠭᠡᠳᠦᠯᠠᠨ ᠦᠵᠡᠳᠡᠭ ᠶᠠᠪᠤᠳᠠᠯ ᠪᠤᠯᠤᠨ᠎ᠠ᠃ ᠶᠠᠫᠤᠨ ᠲᠦᠷᠢᠮᠡᠭᠡᠶᠢᠯᠡᠭᠴᠢᠳ ᠪᠠ ᠬᠠᠷ᠎ᠠ ᠴᠡᠷᠢᠭ ᠤᠨ ᠲᠡᠭᠡᠷᠡᠮᠳᠡᠯ᠂ ᠲᠤᠩᠰᠢᠭᠤᠷ ᠨᠠᠶᠢᠮᠠᠴᠢᠨ ᠤ ᠮᠦᠯᠵᠢᠯ᠂ ᠲᠡᠭᠡᠷᠡᠮ ᠬᠤᠯᠠᠭᠠᠢ ᠶᠢᠨ ᠲᠠᠯᠬᠢᠭᠳᠠᠯ ᠵᠡᠷᠭᠡ ᠠᠴᠠ ᠪᠤᠯᠵᠦ ᠤᠯᠠᠩᠬᠢ ᠮᠠᠯᠴᠢᠨ ᠡᠷᠦᠬᠡ ᠴᠦᠯᠪᠡᠭᠳᠡᠵᠦ ᠮᠠᠯ ᠰᠦᠷᠦᠭ ᠭᠡᠵᠦ ᠦᠭᠡᠢ᠂ ᠬᠡᠳᠦᠨ ᠪᠠᠶᠠᠨ ᠮᠠᠯᠴᠢᠳ ᠤᠨ ᠢᠶᠠᠨ ᠰᠦᠷᠦᠭ ᠢ ᠬᠠᠷᠠᠵᠦ ᠠᠮᠢ ᠵᠠᠭᠤᠵᠦ ᠪᠤᠷᠤ ᠡᠳᠦᠷ ᠢ ᠦᠩᠭᠡᠷᠡᠭᠡᠳᠡᠭ ᠪᠠᠶᠢᠭᠰᠠᠨ ᠲᠡᠤᠬᠡᠨ ᠭᠠᠰᠢᠭᠤᠨ ᠢ ᠠᠮᠰᠠᠵᠦ ᠪᠠᠶᠢᠪᠠ᠃ ᠲᠡᠷᠡ ᠦᠶ᠎ᠡ ᠶᠢᠨ ᠮᠠᠯᠴᠢᠳ ᠤᠨ ᠠᠮᠢᠳᠤᠷᠠᠯ ᠤᠨ ᠶᠠᠳᠠᠭᠤᠷᠠᠯ ᠬᠤᠭᠤᠰᠤᠷᠠᠯ ᠨᠢ ᠲᠦᠢᠯ ᠳᠠᠭᠠᠨ ᠲᠤᠯᠤᠭᠰᠠᠨ ᠭᠡᠳᠡᠭ ᠢ ᠠᠬᠠᠮᠠᠳ ᠤᠨ ᠶᠠᠷᠢᠶ᠎ᠠ᠂ ᠲᠡᠣᠬᠡ ᠲᠡᠮᠳᠡᠭᠯᠡᠯ ᠠᠴᠠ ᠲᠤᠲᠤᠷᠬᠠᠢ ᠮᠡᠳᠡᠵᠦ ᠪᠤᠯᠤᠨ᠎ᠠ᠃      ᠴᠢᠯᠦᠭᠡᠯᠡᠭᠳᠡᠬᠦ ᠶᠢᠨ ᠡᠬᠢᠨ ᠳᠤ᠂ ᠮᠠᠯᠵᠢᠬᠤ ᠤᠷᠤᠨ ᠳᠤ ᠰᠦᠷᠦᠭ ᠤᠨ ᠲᠦᠷᠢᠮ ᠢ ᠬᠡᠷᠡᠭᠵᠢᠭᠦᠯᠵᠦ᠂ ᠵᠤᠬᠢᠬᠤ ᠲᠦᠯ ᠮᠠᠯ ᠢ ᠬᠦᠯᠦᠰᠦᠨ ᠳᠤ ᠪᠤᠳᠤᠳᠠᠭ ᠪᠠ ᠰᠠᠭᠠᠯᠢ ᠶᠢᠨ ᠦᠨᠢᠶ᠎ᠡ᠂ ᠨᠤᠤᠰᠤ ᠭᠠᠷᠤᠯᠳᠠ ᠶᠢ ᠬᠡᠷᠡᠭᠯᠡᠵᠦ  ᠵᠤᠬᠢᠬᠤ ᠠᠰᠢᠭ ᠬᠦᠷᠳᠡᠳᠡᠭ ᠪᠠᠶᠢᠵᠠᠢ᠃ ᠵᠠᠷᠢᠮ ᠠᠩᠴᠢᠨ ᠠᠶᠢᠯ ᠨᠢ ᠠᠩ ᠠᠪᠠ ᠢᠶᠠᠨ ᠬᠦᠭᠡᠭᠡᠵᠦ ᠡᠳᠦᠷ ᠤᠨ ᠬᠦᠨᠡᠰᠦ ᠪᠠᠨ ᠬᠠᠩᠭᠠᠳᠠᠭ ᠪᠠᠶᠢᠯ᠎ᠠ ᠭᠡᠳᠡᠭ᠃ ᠡᠶᠢᠮᠦ ᠠᠴᠠ ᠠᠷᠠᠳ ᠤᠨ ᠠᠮᠢᠳᠤᠷᠠᠯ ᠪᠠᠳᠤᠯᠠᠭ᠎ᠠ ᠦᠭᠡᠢ ᠪᠠᠶᠢᠵᠦ᠂ ᠠᠮᠢ ᠵᠢᠭᠤᠬᠤ ᠳᠤ ᠪᠡᠷᠬᠡ ᠪᠠᠶᠢᠭᠰᠠᠨ ᠶᠤᠮ᠃      ᠵᠡᠭᠦᠨ ᠦᠵᠦᠮᠦᠴᠢᠨ ᠤ 1949 ᠤᠨ ᠤ ᠲᠤᠭ᠎ᠠ ᠪᠠᠷᠢᠮᠳ᠋ᠨ ᠪᠠᠷ᠂ ᠬᠦᠮᠦᠨ ᠠᠮᠠ 9600᠂ ᠡᠭᠦᠨ ᠳᠤ ᠮᠠᠯᠵᠢᠬᠤ ᠬᠦᠮᠦᠨ ᠠᠮᠠ 8563᠂ ᠮᠠᠯ ᠤᠨ ᠲᠤᠭ᠎ᠠ 29 ᠲᠦᠮᠨ᠋ᠡ ᠲᠤᠯᠤᠭᠠᠢ ᠪᠠᠶᠢᠪᠠ᠃      ᠬᠠᠷᠢᠴᠠᠭᠤᠯᠤᠯ᠄      1956 ᠤᠨ ᠳᠤ ᠬᠤᠰᠢᠭᠤ ᠪᠠᠶᠢᠭᠤᠯᠤᠭᠳᠠᠬᠤ ᠦᠶ᠎ᠡ ᠬᠦᠷᠳᠡᠯᠡᠬᠢ ᠤᠬᠤᠷᠬᠠᠨ 7 ᠵᠢᠯ ᠤᠨ ᠲᠤᠲᠤᠷ᠎ᠠ ᠮᠠᠯ ᠤᠨ ᠲᠤᠭ᠎ᠠ 913,937 ᠲᠤᠯᠤᠭᠠᠢ ᠪᠤᠯᠵᠦ᠂ 61 ᠲᠦᠮᠡᠨ ᠮᠠᠯ ᠴᠡᠪᠡᠷ ᠦᠰᠪᠠ᠃ ᠬᠦᠮᠦᠨ ᠠᠮᠠ ᠴᠤ 1 ᠮᠢᠩᠭ᠎ᠠ ᠭᠠᠷᠤᠢ ᠴᠡᠪᠡᠷ ᠦᠰᠪᠡ᠃ ᠡᠨᠡ ᠶᠠᠭᠤ ᠶᠢ ᠬᠠᠷᠠᠭᠤᠯᠵᠦ ᠪᠠᠶᠢᠬᠤ ᠪᠤᠢ ᠭᠡᠪᠡᠯ ᠤᠯᠤᠰ ᠭᠡᠷ ᠡᠩᠬᠡ ᠲᠦᠪᠰᠢᠨ ᠂ ᠨᠡᠶᠢᠭᠡᠮ ᠲᠤᠭᠳᠠᠭᠤᠨ ᠠᠮᠤᠭᠤᠯᠠᠩ᠂ ᠮᠠᠯᠴᠢᠳ ᠲᠦᠮᠡᠨ ᠵᠤᠯ ᠵᠢᠷᠭᠠᠯᠳᠠᠢ ᠡᠵᠡᠨ ᠬᠦᠮᠦᠨ ᠪᠤᠯᠵᠦ᠂ ᠦᠢᠯᠡᠳᠪᠦᠷᠢᠯᠡᠯ ᠠᠮᠢᠳᠤᠷᠠᠯ ᠢᠶᠠᠨ ᠡᠵᠨᠩᠨᠡᠬᠦ ᠪᠤᠯᠤᠭᠰᠠᠨ ᠢ ᠬᠠᠷᠠᠭᠤᠯᠵᠦ ᠪᠠᠶᠢᠨ᠎ᠠ᠃      ᠰᠤᠶᠤᠯ ᠤᠨ ᠶᠡᠭᠡ ᠬᠤᠪᠢᠰᠬᠠᠯ ᠤᠨ ᠲᠤᠮᠳᠠ ᠤᠯᠤᠰ ᠲᠦᠷᠦ ᠶᠢ ᠭᠡᠳᠦ ᠬᠦᠭᠡᠭᠡᠴᠡᠯᠳᠦᠭᠰᠡᠨ ᠢᠶᠠᠷ ᠮᠠᠩᠵᠠᠨ ᠲᠤᠭᠤᠭ᠎ᠠ ᠲᠦᠰᠢᠬᠦ ᠬᠦᠮᠦᠨ ᠤᠯᠨᠳᠠᠵᠦ ᠮᠠᠯᠵᠢᠬᠤ ᠦᠢᠯᠡᠳᠪᠦᠷᠢᠯᠡᠯ ᠤᠨ ᠬᠦᠭᠵᠢᠯᠳᠡ ᠶᠡᠬᠡᠪᠡᠷ ᠨᠦᠯᠦᠭᠡᠯᠡᠭᠳᠡᠨ᠂ ᠮᠠᠯ ᠤᠨ ᠲᠤᠭ᠎ᠠ ᠲᠤᠯᠤᠭᠠᠢ ᠶᠡᠬᠡᠪᠡᠷ ᠪᠠᠭᠤᠷᠠᠪᠠ᠃ ᠮᠡᠯᠴᠢᠳ ᠤᠨ ᠤᠯᠤᠰ ᠲᠦᠷᠦ ᠶᠢᠨ ᠡᠷᠬᠡ ᠴᠢᠯᠦᠭᠡ ᠶᠡᠬᠡᠪᠡᠷ ᠬᠦᠨᠳᠡᠭᠳᠡᠭᠰᠡᠨ ᠪᠦᠬᠡᠳ ᠤᠯᠠᠨ ᠲᠤᠭᠠᠨ ᠤ ᠮᠠᠯᠴᠢᠳ ᠬᠢᠯᠢᠰ ᠭᠦᠵᠢᠷ ᠪᠤᠷᠤᠭᠤ ᠬᠡᠷᠡᠭ ᠲᠤ ᠬᠤᠯᠪᠤᠭᠳᠠᠪᠠ᠃ ᠭᠡᠪᠡᠴᠦ ᠮᠠᠤ ᠽᠧ ᠳ᠋ᠦᠩ ᠤᠨ ᠴᠤᠬᠤᠯᠠᠪᠤᠷᠢ ᠲᠠᠢ᠂ ᠨᠠᠮ ᠤᠨ ᠲᠦᠪ ᠬᠤᠷᠢᠶ᠎ᠠ 1969 ᠤᠨ ᠤ 5 ᠰᠠᠷ᠎ᠠ ᠶᠢᠨ 22 ᠡᠳᠦᠷ ᠤᠨ ᠪᠢᠴᠢᠭ ᠮᠠᠲ᠋ᠧᠷᠢᠶᠠᠯ ᠢᠶᠠᠷ ᠵᠤᠭᠰᠤᠭᠠᠭᠰᠠᠨ ᠪᠦᠭᠡᠳ ᠴᠠᠭᠠᠳᠬᠠᠬᠤ ᠠᠵᠢᠯ ᠢ ᠬᠢᠭᠰᠡᠨ ᠶᠤᠮ᠃ ᠡᠨᠡ  ᠨᠢ ᠡᠪ ᠬᠠᠮᠳᠤ ᠨᠠᠮ ᠠᠴᠠ ᠮᠡᠳᠡᠷᠡᠭᠰᠡᠨ ︽ᠰᠤᠶᠤᠯ ᠤᠨ ᠶᠡᠭᠡ ᠬᠤᠪᠢᠰᠬᠠᠯ ᠤᠨ ᠰᠠᠮᠠᠭᠤᠷᠠᠯ᠂ ᠦᠷᠭᠡᠳᠭᠡᠭᠰᠡᠨ ᠠᠯᠳᠠᠭ᠎ᠠ︾ ᠪᠤᠯᠬᠤ ᠪᠦᠭᠡᠳ ᠳ᠋ᠧᠩ ᠰᠢᠶᠤᠤ ᠫᠢᠩ ᠠᠴᠠ ᠲᠤᠩᠭᠤᠷᠤᠭᠰᠠᠨ ᠲᠡᠤᠬᠡ ᠶᠢ ᠲᠠᠬᠢᠨ ᠲᠤᠩᠭᠤᠷᠤᠭᠤᠯᠵᠦ᠂ ᠨᠠᠮ ᠤᠨ ᠲᠡᠤᠬᠡ ᠶᠢᠨ ᠬᠦᠨᠳᠦ ᠰᠤᠷᠭᠠᠮᠵᠢ ᠭᠡᠵᠦ ᠳ᠋ᠦᠩᠨᠡᠭᠳᠡᠭᠰᠡᠨ ᠶᠤᠮ᠃      ᠬᠠᠷᠢᠴᠠᠭᠤᠯᠤᠯ᠄      ᠭᠡᠳᠡᠯ᠎ᠡ ᠤᠳᠤ ᠨᠡᠶᠢᠭᠡᠮ ᠵᠢᠷᠤᠮᠳᠤ ᠦᠭᠡᠷᠡᠴᠢᠯᠡᠯᠡᠳᠡ ᠶᠢ ᠦᠩᠭᠡᠷᠡᠭᠡᠭᠡᠳ ᠮᠠᠯᠴᠢᠳ ᠨᠤᠲᠤᠭ ᠪᠡᠯᠴᠢᠭᠡᠷ᠂ ᠮᠠᠯ ᠰᠦᠷᠦᠭ ᠢ ᠡᠷᠬᠡ ᠲᠡᠭᠰᠢ ᠪᠠᠷ ᠡᠵᠡᠩᠨᠡᠬᠦ ᠪᠤᠯᠤᠭᠰᠠᠨ ᠪᠦᠭᠡᠳ ᠨᠡᠩ ᠬᠤᠤᠰ ᠲᠠᠭᠠᠭᠠᠴᠢᠯᠠᠯᠳᠠ ᠶᠢᠨ ᠲᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠮᠠᠯᠴᠢᠳ ᠮᠠᠯ ᠰᠦᠷᠦᠭ ᠪᠤᠯᠤᠨ ᠨᠤᠲᠤᠭ ᠪᠡᠯᠴᠢᠭᠡᠷ ᠢ ᠴᠤ ᠦᠮᠴᠢᠯᠡᠬᠦ ᠬᠦᠷᠦᠩᠬᠡ  ᠶᠢᠨ ᠡᠷᠬᠡ ᠶᠢ ᠤᠯᠵᠦ᠂ ᠤᠯᠤᠰ ᠠᠴᠠ ᠬᠠᠤᠯᠢ ᠶᠤᠰᠤᠭᠠᠷ ᠡᠵᠡᠩᠨᠡᠭᠦᠯᠪᠡ᠃ ᠡᠨᠡ ᠪᠤᠯ ᠲᠡᠤᠬᠡᠨ ᠳᠤ ᠭᠠᠷᠤᠭ᠎ᠠ ᠦᠭᠡᠢ ᠠᠷᠠᠳᠴᠢᠯᠡᠯ ᠤᠨ ᠡᠷᠬᠡ ᠶᠢ ᠠᠷᠠᠳ ᠲᠦᠮᠡᠨ ᠳᠤ ᠤᠯᠭᠤᠭᠰᠠᠨ ᠲᠦᠷᠦ ᠶᠢᠨ ᠪᠠᠶᠢᠭᠤᠯᠤᠮᠵᠢ᠂ ᠦᠪᠡᠷᠳᠡᠭᠡᠨ ᠵᠠᠰᠠᠬᠤ ᠶᠢᠨ ᠨᠢᠭᠡ ᠠᠭᠤᠯᠭ᠎ᠠ ᠭᠡᠵᠦ ᠦᠵᠡᠵᠦ ᠪᠤᠯᠤᠨ᠎ᠠ᠂ ᠮᠠᠯᠴᠢᠳ ᠮᠠᠨᠢ ᠦᠷᠭᠡᠨ ᠶᠡᠭᠡ ᠨᠤᠲᠤᠭ ᠪᠡᠯᠴᠢᠭᠡᠷ ᠢ ᠬᠤᠪᠢᠳᠡᠨ ᠡᠵᠡᠮᠰᠢᠵᠦ᠂ ᠮᠠᠯ ᠰᠦᠷᠦᠭ ᠢᠶᠠᠨ ᠦᠮᠴᠢᠯᠡᠬᠦ ᠪᠤᠯᠤᠭᠰᠠᠨ ᠨᠢ ᠦᠨᠳᠦᠰᠦᠨ ᠠᠮᠢᠳᠤᠷᠠᠯ ᠤᠨ ᠰᠠᠭᠤᠷᠢ  ᠶᠢᠨ ᠠᠯᠳᠠᠨ ᠵᠢᠯᠤᠭᠤ ᠶᠢ ᠠᠳᠬᠤᠭᠤᠯᠤᠯ᠎ᠠ ᠭᠡᠰᠡᠨ ᠦᠭᠡ᠃ ᠡᠨᠡ ᠪᠤᠯ ᠨᠠᠮ ᠤᠨ ᠪᠤᠳᠤᠯᠭ᠎ᠠ ᠤᠯᠤᠰ ᠤᠨ ᠬᠠᠤᠯᠢ  ᠶᠢᠨ ᠠᠴᠢ ᠭᠠᠪᠢᠶ᠎ᠠ ᠪᠤᠯᠬᠤ ᠶᠤᠮ᠃      ᠲᠠᠯᠠᠨ ᠵᠢᠯ ᠤᠨ ᠲᠤᠷᠰᠢ᠂ ᠦᠪᠦᠷ ᠮᠤᠩᠭᠤᠯ ᠤᠷᠤᠨ ᠮᠠᠨᠢ ᠨᠠᠮ ᠤᠨ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ᠂ ᠮᠠᠯᠴᠢᠨ ᠲᠦᠮᠡᠨ ᠤ ᠡᠷᠬᠡ ᠴᠢᠯᠦᠭᠡᠳᠦ ᠵᠢᠷᠭᠠᠯᠳᠤ ᠠᠮᠢᠳᠤᠷᠠᠯ ᠢ ᠲᠠᠰᠤᠷᠠᠯᠳᠠ ᠦᠭᠡᠢ ᠰᠠᠶᠢᠵᠢᠷᠠᠭᠤᠯᠤᠭᠰᠠᠨ ᠮᠦᠷᠳᠡᠭᠡᠨ ᠨᠡᠶᠢᠭᠡᠮ ᠤᠨ ᠪᠠᠶᠢᠷᠢ ᠰᠠᠭᠤᠷᠢ ᠶᠢ ᠲᠡᠭᠡᠭᠰᠢᠯᠡᠭᠦᠯᠵᠦ᠂ ᠨᠡᠶᠢᠭᠡᠮ ᠤᠨ ᠬᠦᠭᠵᠢᠯᠳᠡ  ᠶᠢ ᠦᠷᠭᠦᠯᠵᠢᠯᠡᠨ ᠠᠬᠢᠭᠤᠯᠤᠭᠰᠠᠭᠠᠷ ᠢᠷᠡᠭᠰᠡᠨ ᠢ ᠤᠳᠤ ᠶᠢᠨ ᠲᠠᠪᠢ ᠵᠢᠷᠠᠭᠠᠳ ᠨᠠᠰᠤᠨ ᠤ ᠬᠦᠮᠦᠰ ᠪᠦᠬᠦᠨ ᠮᠡᠳᠡᠬᠦ ᠪᠠᠶᠢᠬ᠎ᠠ᠃ ᠨᠡᠩ ᠢᠯᠠᠩᠭᠤᠶ᠎ᠠ 1978 ᠤᠨ ᠠᠴᠠ ᠨᠠᠰᠢ ᠠᠵᠦ ᠠᠬᠤᠢ ᠶᠢᠨ ᠬᠦᠭᠵᠢᠯᠳᠡ ᠶᠢ ᠴᠢᠬᠤᠯᠡᠴᠢᠯᠠᠭᠰᠠᠨ  ᠢᠶᠠᠷ ᠲᠠᠯ᠎ᠠ ᠨᠤᠲᠤᠭ ᠤᠨ ᠲᠠᠪᠰᠢᠯᠳᠠ ᠦᠳᠳᠤᠷ ᠲᠦᠷᠭᠡᠨ ᠬᠤᠪᠢᠷᠠᠭᠰᠠᠨ ᠭᠡᠳᠡᠭ ᠢ ᠮᠡᠳᠡᠷᠡᠬᠦ ᠬᠡᠷᠡᠭᠳᠡᠢ᠃      ① ᠨᠡᠶᠢᠭᠡᠮ ᠤᠨ ᠲᠠᠪᠰᠢᠯᠳᠠ ᠶᠢᠨ ᠲᠠᠯ᠎ᠠ ᠪᠠᠷ᠂ ᠤᠷᠤᠨ ᠤ ᠪᠤᠳᠠᠳᠤ ᠬᠦᠴᠦᠨ ᠴᠢᠩᠭᠠᠷᠠᠵᠦ᠂ ᠵᠠᠮ ᠨᠡᠪᠳᠡᠷᠡᠭᠦᠯᠭᠡ᠂ ᠴᠢᠮᠡᠭᠡ ᠬᠤᠯᠪᠤᠭ᠎ᠠ᠂ ᠠᠷᠠᠯᠵᠢᠶ᠎ᠠ ᠬᠤᠳᠠᠯᠳᠤᠭ᠎ᠠ᠂ ᠵᠠᠬ᠎ᠠ ᠲᠡᠯᠭᠡᠭᠦᠷ᠂ ᠡᠮ ᠡᠮᠨᠡᠯᠭᠡ᠂ ᠰᠤᠶᠤᠯ ᠵᠤᠭᠠᠴᠠᠯ ᠵᠡᠷᠭᠡ ᠤᠯᠠᠨ ᠭᠤᠭᠴᠤᠭᠠᠨ ᠤ ᠬᠤᠪᠢᠷᠠᠯᠳᠠ ᠨᠢ ᠤᠷᠢᠳᠦ ᠭᠠᠷᠤᠭ᠎ᠠ ᠦᠭᠡᠢ ᠶᠡᠭᠡ ᠰᠠᠶᠢᠨ ᠴᠡᠴᠡᠭᠯᠡᠨ ᠬᠦᠭᠵᠢᠯᠳᠡ ᠲᠠᠢ ᠪᠤᠯᠪᠠ᠃ ᠵᠢᠱᠢᠶᠡᠯᠡᠪᠡᠯ᠄ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠨᠢ ᠬᠤᠰᠢᠭᠤᠨ ᠲᠦᠪ  ᠳᠤ ᠤᠯᠤᠰ ᠪᠤᠶᠤ ᠤᠷᠤᠨ ᠤ ᠲᠡᠰ ᠤᠨ ᠵᠠᠮ ᠨᠡᠪᠳᠡᠷᠡᠵᠦ᠂ ᠭᠠᠵᠠᠷ ᠤᠷᠤᠨ ᠤ ᠵᠠᠮ ᠱᠤᠭᠤᠮ ᠨᠢ ᠰᠤᠮᠤ ᠶᠢ ᠪᠦᠷᠬᠦᠭᠰᠡᠨ ᠬᠡᠯᠪᠡᠷᠢ ᠲᠠᠢ ᠪᠤᠯᠵᠦ᠂ ᠡᠩᠬᠦᠯ ᠲᠤᠩᠬᠤᠯ ᠵᠠᠮ ᠨᠡᠪᠳᠡᠷᠡᠬᠦᠯᠭᠡ ᠶᠢᠨ ᠬᠤᠴᠤᠷᠤᠩᠭᠤᠢ ᠪᠠᠶᠢᠳᠠᠯ ᠢ ᠦᠨᠳᠦᠰᠦᠨ ᠳᠡᠭᠡᠨ ᠬᠤᠪᠢᠷᠠᠭᠤᠯᠪᠠ᠃ ᠨᠠᠶᠠᠭᠠᠳ ᠤᠨ ᠤ ᠡᠬᠢ ᠬᠦᠷᠳᠡᠯ᠎ᠡ ᠮᠤᠷᠢ ᠪᠠᠷ ᠵᠠᠮ ᠬᠠᠷᠢᠯᠴᠠᠭᠠᠨ ᠤ ᠭᠤᠤᠯ ᠪᠠᠭᠠᠵᠢ ᠪᠤᠯᠭᠠᠵᠦ ᠪᠠᠶᠢᠭᠰᠠᠨ ᠮᠠᠯᠴᠢᠳ ᠮᠠᠨᠢ ᠠᠶᠢᠯ ᠪᠦᠬᠦᠨ ᠮᠤᠲ᠋ᠤᠷ ᠲᠠᠢ᠂ ᠮᠤᠲ᠋ᠤᠷ ᠠᠴᠠ ᠭᠤᠸᠠᠯᠢᠭ ᠮᠠᠰᠢᠨ ᠲᠡᠷᠭᠡ ᠳᠤ ᠰᠠᠭᠤᠬᠤ ᠪᠤᠯᠵᠦ ᠴᠢᠮᠡᠭᠡ ᠬᠤᠯᠪᠤᠭ᠎ᠠ᠂ ᠠᠴᠢᠶ᠎ᠠ ᠵᠦᠭᠡᠭᠡᠪᠦᠷᠢ ᠨᠢ ᠤᠳᠤᠬᠢᠴᠢᠯᠠᠯᠳᠠ ᠶᠢ ᠪᠡᠶᠡᠯᠡᠭᠦᠯᠦᠭᠰᠡᠨ ᠶᠤᠮ᠃ ᠴᠢᠮᠡᠭᠡ ᠬᠤᠯᠪᠤᠭᠠᠨ ᠤ ᠲᠠᠯ᠎ᠠ ᠪᠠᠷ ᠵᠠᠬᠢᠳᠠᠯ ᠤᠨ ᠰᠢᠤᠳᠠᠨ ᠭᠤᠪᠢᠭᠤᠯᠭ᠎ᠠ ᠪᠠᠶᠢᠭᠰᠠᠨ  ᠠᠴᠠ ᠮᠠᠯᠴᠢᠳ ᠤᠳᠠᠰᠤ ᠪᠠᠷ ᠬᠠᠷᠢᠯᠴᠠᠬᠤ ᠪᠤᠯᠵᠦ᠂ ᠨᠡᠩ ᠤᠶᠢᠷ᠎ᠠ ᠠᠴᠠ ᠭᠡᠷ ᠲᠡᠭᠡᠨ ᠰᠠᠭᠤᠵᠦ ᠤᠯᠤᠰ ᠤᠨ ᠲᠤᠲᠤᠭᠠᠳᠤ ᠭᠠᠳᠠᠭᠠᠳᠤ ᠳᠤ ᠸᠢᠴᠠᠲ ᠪᠠᠷ ᠨᠡᠪᠳᠡᠷᠡᠯᠴᠡᠬᠦ ᠪᠤᠯᠤᠭᠰᠠᠨ᠃ ᠠᠷᠠᠯᠵᠢᠶ᠎ᠠ ᠬᠤᠳᠠᠯᠳᠤᠭ᠎ᠠ ᠴᠢᠯᠦᠭᠡᠳᠡᠢ ᠪᠤᠯᠵᠦ᠂ ᠵᠠᠬ᠎ᠠ ᠲᠡᠯᠭᠡᠭᠦᠷᠵᠢᠯᠡᠯᠳᠡ ᠲᠠᠰᠢ ᠬᠠᠨᠳᠤᠵᠦ᠂ ᠮᠠᠯ ᠪᠠ ᠮᠠᠯ ᠤᠨ ᠠᠰᠢᠭ ᠰᠢᠮ᠎ᠡ ᠶᠢᠨ ᠭᠠᠷᠤᠯᠳᠠ ᠪᠠᠨ ᠦᠪᠡᠷᠳᠡᠭᠡᠨ ᠪᠤᠷᠤᠯᠠᠭᠤᠯᠵᠦ ᠠᠰᠢᠭ ᠡᠭᠦᠳᠬᠦ ᠪᠤᠯᠪᠠ᠃      ② ᠮᠠᠯᠴᠢᠳ ᠤᠨ ᠠᠮᠢᠳᠤᠷᠠᠯ ᠤᠨ ᠲᠠᠯ᠎ᠠ ᠪᠠᠷ᠂ ᠢᠰᠡᠭᠡᠢ ᠭᠡᠷ ᠲᠤ ᠰᠠᠭᠤᠵᠦ ᠪᠠᠶᠢᠭᠰᠠᠨ ᠢᠶᠠᠨ ᠭᠤᠶᠤᠮᠰᠤᠭ ᠪᠠᠶᠢᠰᠢᠩ ᠭᠡᠷ ᠲᠤ ᠰᠠᠭᠤᠬᠤ ᠪᠤᠯᠵᠦ᠂ ᠬᠠᠯᠠᠭᠤᠨ ᠳᠤ ᠰᠢᠷᠠᠭᠳᠠᠬᠤ ᠦᠭᠡᠢ ᠭᠦᠢᠳᠡᠨ ᠳᠤ ᠬᠦᠷᠦᠬᠦ ᠦᠭᠡᠢ᠂ ᠦᠬᠡᠷ ᠲᠡᠷᠭᠡᠨ ᠤ ᠨᠡᠭᠦᠳᠡᠯ ᠬᠢᠵᠦ ᠪᠠᠶᠢᠭᠰᠠᠨ ᠵᠦᠳᠡᠭᠦᠷᠢᠳᠡᠢ ᠠᠮᠢᠳᠤᠷᠠᠯ ᠠᠴᠠ ᠠᠩᠭᠢᠵᠢᠷᠠᠵᠦ᠂ ᠰᠠᠭᠤᠷᠢᠰᠢᠯ ᠳᠤ ᠰᠠᠭᠤᠵᠦ᠂ ᠴᠤᠭᠴᠠ ᠠᠮᠵᠢᠭᠤᠨ ᠮᠠᠯᠵᠢᠯ ᠢ ᠬᠢᠬᠦ ᠪᠤᠯᠪᠠ᠃ ᠲᠡᠷᠡ ᠮᠦᠷᠳᠡᠭᠡᠨ ᠬᠤᠳᠠ ᠳᠤ ᠦᠨᠳᠦᠷ ᠠᠰᠠᠷ ᠲᠤ ᠰᠠᠭᠳᠠᠨ᠂ ᠦᠷ᠎ᠡ ᠬᠡᠤᠬᠡᠳ ᠤᠨ ᠢᠶᠠᠨ ᠰᠤᠶᠤᠯ ᠬᠦᠷᠳᠡᠭᠡᠬᠦ ᠳᠤ ᠲᠦᠬᠦᠮ ᠨᠦᠬᠦᠴᠡᠯ ᠲᠠᠢ ᠪᠤᠯᠤᠭᠰᠠᠨ ᠪᠠᠶᠢᠨ᠎ᠠ᠃      ③ ᠡᠳᠦᠷ ᠲᠤᠲᠤᠮ ᠤᠨ ᠬᠠᠩᠭᠠᠯᠭ᠎ᠠ ᠶᠢᠨ ᠬᠡᠷᠡᠭᠴᠡᠭᠡ ᠨᠢ ᠪᠦᠷᠢᠨ ᠭᠦᠢᠴᠡᠳ ᠨᠡᠶᠢᠭᠡᠮ ᠠᠴᠠ ᠬᠠᠩᠭᠠᠭᠳᠠᠬᠤ ᠪᠤᠯᠤᠭᠰᠠᠨ ᠢᠶᠠᠷ ᠠᠮᠢᠳᠤᠷᠠᠯ ᠤᠨ ᠬᠡᠷᠡᠭᠴᠡᠭᠡᠨ ᠳᠤ ᠲᠤᠳᠠᠭᠳᠠᠬᠤ ᠵᠦᠢᠯ ᠭᠡᠵᠦ ᠵᠤᠪᠠᠭ᠋ᠤ ᠶᠠᠭᠤᠮ᠎ᠠ ᠦᠭᠡᠢ ᠪᠤᠯᠵᠦ᠂ ᠪᠦᠬᠦᠨ ᠢ ᠪᠡᠯᠡᠨᠴᠢᠯᠡᠬᠦ ᠲᠡᠰᠢ ᠬᠠᠨᠳᠤᠭᠰᠠᠨ ᠪᠠᠶᠢᠨ᠎ᠠ᠃      ④ ᠤᠯᠤᠰ ᠠᠴᠠ ᠬᠦᠴᠢᠷᠳᠡᠯᠳᠡᠢ ᠡᠷᠦᠬᠡ ᠶᠢ ᠲᠡᠮᠵᠢᠵᠦ ᠨᠦᠬᠦᠪᠦᠷᠢ ᠤᠯᠭᠤᠬᠤ᠂ ᠡᠮ ᠡᠮᠨᠡᠯᠭᠡ ᠶᠢᠨ ᠵᠠᠷᠤᠳᠠᠯ ᠳᠤ ᠲᠠᠩᠰᠠ ᠴᠠᠶᠢᠷᠠᠭᠤᠯᠵᠦ ᠦᠭᠬᠦ᠂ ᠲᠠᠷᠢᠶᠠᠯᠠᠩ ᠤᠨ ᠮᠠᠰᠢᠨ ᠨᠦᠬᠦᠪᠦᠷᠢ ᠦᠭᠬᠦ᠂ ᠭᠠᠩ ᠭᠠᠴᠢᠭ ᠤᠨ ᠨᠦᠬᠦᠪᠦᠷᠢ ᠤᠯᠭᠤᠬᠤ ᠪᠤᠯᠵᠦ ᠨᠡᠩ ᠢᠯᠠᠩᠭᠤᠶ᠎ᠠ ᠤᠯᠤᠰ ᠠᠴᠠ ᠮᠠᠯᠴᠢᠳ ᠲᠤ ᠨᠤᠲᠤᠭ ᠪᠡᠯᠴᠢᠭᠡᠷ ᠤᠨ ᠨᠦᠬᠦᠪᠦᠷᠢ ᠮᠦᠩᠬᠦ ᠵᠢᠴᠢ ᠪᠢᠳᠡᠬᠦᠮᠵᠢᠯᠡᠭᠰᠡᠨ ᠨᠦᠬᠦᠪᠦᠷᠢ ᠵᠡᠷᠭᠡ ᠶᠢ ᠤᠯᠭᠤᠬᠤ ᠪᠤᠯᠤᠭᠰᠠᠨ ᠵᠡᠷᠭᠡ ᠨᠢ ᠲᠡᠤᠬᠡᠨ ᠳᠤ ᠭᠠᠷᠤᠭᠠᠳᠤᠢ ᠦᠭᠭᠢᠶᠡᠮᠦᠷ ᠲᠦᠷᠦ ᠶᠢᠨ ᠪᠤᠳᠤᠯᠭ᠎ᠠ ᠶᠢᠨ ᠤᠨᠴᠠᠭᠠᠢ ᠬᠠᠷᠠᠭᠠᠯᠵᠠᠯᠠᠯ ᠤᠨ ᠢᠯᠡᠷᠡᠯ ᠶᠤᠮ᠃      ⑤ ᠮᠠᠯ ᠰᠦᠷᠦᠭ ᠢ ᠡᠷᠦᠭᠡ ᠳᠤ ᠲᠡᠭᠰᠢ ᠪᠠᠷ ᠬᠤᠪᠢᠶᠠᠨ ᠦᠭᠭᠦᠭᠰᠡᠨ ᠢᠶᠠᠷ ᠮᠠᠯᠴᠢᠳ ᠨᠢᠷᠤᠭᠤ ᠭᠡᠳᠡᠭᠡᠷ ᠪᠤᠯᠵᠦ᠂ ᠦᠪᠡᠷᠳᠡᠭᠡᠨ ᠡᠵᠡᠩᠨᠡᠬᠦ ᠦᠢᠯᠡᠰ ᠲᠠᠢ ᠪᠤᠯᠤᠭᠰᠠᠨ ᠢᠶᠠᠷ ᠪᠦᠬᠦ ᠬᠤᠰᠢᠭᠤᠨ ᠳᠤ 1949 ᠤᠨ ᠳᠤ 29 ᠲᠦᠮᠡᠨ ᠲᠤᠯᠤᠭᠠᠢ ᠪᠠᠶᠢᠭᠰᠠᠨ ᠠᠴᠠ 1996 ᠤᠨ ᠪᠤᠯᠬᠤ ᠳᠤ 300 ᠲᠦᠮᠡᠨ ᠲᠤᠯᠤᠭᠠᠢ ᠶᠢ ᠲᠠᠪᠠᠭᠰᠠᠨ ᠶᠤᠮ᠃ ᠡᠨᠡ ᠪᠤᠯ ᠲᠡᠷᠡ ᠴᠢᠭ ᠢᠶᠠᠷ ᠢᠶᠠᠨ ᠮᠠᠯᠴᠢᠳ ᠤᠨ ᠰᠢᠭᠤᠳ ᠠᠰᠢᠭ ᠬᠦᠷᠳᠡᠬᠦ ᠦᠪ ᠬᠦᠷᠦᠩᠭᠡ ᠪᠤᠯᠤᠨ᠎ᠠ᠃     ⑥ ᠨᠤᠲᠤᠭ ᠪᠡᠯᠴᠢᠭᠡᠷ ᠢ ᠡᠷᠦᠬᠡ ᠳᠤ ᠦᠮᠴᠢᠯᠡᠨ ᠬᠡᠷᠡᠭᠯᠡᠬᠦ ᠪᠤᠯᠤᠭᠰᠠᠨ ᠢᠶᠠᠷ ᠦᠯᠦ ᠪᠠᠷᠠᠮ ᠨᠤᠲᠤᠭ ᠪᠡᠯᠴᠢᠭᠡᠷ ᠭᠠᠵᠠᠷ ᠰᠢᠷᠦᠢ ᠶᠢ ᠡᠷᠦᠬᠡ ᠳᠤ ᠦᠮᠴᠢᠯᠡᠬᠦᠯᠬᠦ ᠡᠷᠬᠡ ᠶᠢ ᠤᠯᠭᠤᠵᠦ᠂ ᠡᠷᠦᠬᠡ ᠨᠢ ᠭᠠᠳᠠᠭᠰᠢ ᠲᠦᠷᠢᠶᠡᠰᠦᠯᠡᠭᠦᠯᠦᠨ ᠦᠭᠬᠦ ᠪᠤᠶᠤ ᠲᠠᠭᠠᠭᠠᠴᠢᠯᠠᠭᠤᠯᠤᠨ ᠦᠭᠬᠦ᠂ ᠭᠠᠵᠠᠷ ᠰᠢᠷᠦᠢ ᠶᠢ ᠰᠢᠯᠵᠢᠭᠦᠯᠦᠨ ᠦᠭᠬᠦ ᠡᠷᠬᠡ ᠵᠡᠷᠭᠡ ᠤᠨᠴᠠᠭᠠᠢ ᠬᠦᠷᠦᠩᠭᠡ ᠶᠢᠨ ᠡᠷᠬᠡ ᠶᠢ ᠤᠯᠤᠰ ᠠᠴᠠ ᠬᠠᠤᠯᠢ ᠪᠠᠷ ᠤᠯᠭᠤᠪᠠ᠃ ᠨᠤᠲᠤᠭ ᠪᠡᠯᠴᠢᠭᠡᠷ ᠤᠨ ᠠᠰᠢᠭ ᠢ ᠭᠦᠷᠳᠡᠬᠦ ᠪᠠ ᠭᠠᠵᠠᠷ ᠰᠢᠷᠦᠢ ᠶᠢᠨ ᠠᠰᠢᠭ ᠢ ᠴᠤ ᠭᠦᠷᠳᠡᠬᠦ ᠪᠤᠯᠤᠭᠰᠠᠨ ᠪᠠᠶᠢᠨ᠎ᠠ᠃           ⒊ ᠲᠡᠤᠬᠡ ᠪᠠᠨ ᠡᠷᠬᠢᠵᠦ ᠬᠠᠷᠠᠬᠤ ᠪᠤᠶᠤ ᠪᠤᠳᠠᠳᠤ ᠠᠮᠢᠳᠤᠷᠠᠯ ᠢᠶᠠᠨ ᠬᠡᠮᠵᠢᠨ ᠦᠵᠡᠬᠦ      ᠡᠬᠡ ᠤᠷᠤᠨ — ᠦᠪᠦᠷ ᠮᠤᠩᠭᠤᠯ ᠤᠨ ᠬᠦᠭᠵᠢᠯᠳᠡ ᠨᠢ ᠲᠠᠯᠠᠨ ᠵᠢᠯ ᠤᠨ ᠲᠤᠷᠰᠢ ᠬᠠᠯᠠᠭᠤᠨ ᠡᠯᠢᠭᠡᠨ  ᠳᠡᠭᠡᠨ ᠮᠠᠠᠯᠴᠢᠨ ᠲᠦᠮᠡᠨ᠂ ᠠᠷᠠᠳ ᠢᠷᠭᠡᠳ ᠢᠶᠠᠨ ᠪᠦᠤᠪᠠᠶᠢᠯᠠᠨ ᠦᠷᠡᠵᠢᠭᠦᠯᠵᠦ᠂ ᠠᠮᠤᠷ ᠠᠮᠤᠭᠤᠯᠠᠩ ᠠᠵᠦ ᠲᠦᠷᠦᠭᠦᠯᠵᠦ᠂ ᠨᠡᠶᠢᠭᠡᠮ ᠵᠢᠷᠤᠮ ᠤᠨ ᠲᠠᠪᠠᠭᠤᠯᠢᠭ ᠢᠶᠠᠷ ᠨᠢᠰᠬᠦ ᠮᠡᠳᠦ ᠲᠦᠷᠭᠡᠨ ᠬᠦᠭᠵᠢᠵᠦ᠂ ᠨᠡᠶᠢᠭᠡᠮ ᠤᠷᠤᠭᠰᠢᠯᠠᠯᠳᠠ ᠲᠠᠢ᠂ ᠠᠷᠠᠳ ᠲᠦᠮᠡᠨ ᠵᠢᠷᠭᠠᠯᠳᠠᠢ᠂ ᠠᠵᠦ ᠠᠬᠤᠢ ᠶᠢᠨ ᠬᠦᠭᠵᠢᠯᠳᠡ ᠪᠠᠳᠠᠷᠠᠩᠭᠤᠢ ᠪᠤᠯᠤᠭᠰᠠᠨ ᠶᠤᠮ᠃ ᠡᠨᠡ ᠪᠤᠯ ᠦᠪᠦᠷ ᠮᠤᠩᠭᠤᠯ ᠤᠨ ᠲᠡᠤᠬᠡᠨ ᠦᠩᠭᠡᠷᠡᠯᠳᠡ ᠪᠠ ᠤᠳᠤᠬᠢ ᠪᠤᠳᠠᠳᠤ ᠪᠠᠶᠢᠳᠠᠯ ᠶᠤᠮ᠃ ᠪᠢᠳᠡ ᠲᠡᠤᠬᠡ ᠪᠠ ᠤᠳᠤᠬᠢ ᠶᠢ ᠬᠠᠷᠢᠴᠠᠭᠤᠯᠵᠦ᠂ ᠨᠡᠶᠢᠭᠡᠮ ᠵᠢᠷᠤᠮ ᠤᠨ ᠲᠠᠪᠠᠭᠤᠯᠢᠭ ᠢᠶᠠᠨ ᠦᠵᠡᠬᠦ ᠬᠡᠷᠡᠭᠳᠡᠢ ᠮᠦᠷᠳᠡᠭᠡᠨ ᠮᠡᠳᠡᠷᠡᠬᠦ ᠴᠢᠬᠤᠯᠠᠳᠠᠢ ᠶᠤᠮ᠃      ᠤᠳᠤᠬᠠᠨ ᠤᠯᠠᠩᠬᠢ ᠵᠠᠯᠠᠭᠤᠴᠦᠳ᠂ ᠨᠡᠶᠢᠭᠡᠮ ᠤᠨ ᠲᠡᠤᠬᠡ ᠶᠢᠨ ᠦᠩᠭᠡᠷᠡᠯᠳᠡ ᠶᠢᠨ ᠮᠡᠳᠡᠯᠭᠡ ᠪᠠ ᠲᠤᠷᠰᠢᠯᠭ᠎ᠠ ᠦᠭᠡᠢ ᠠᠴᠠ ᠵᠦᠪᠬᠡᠨ ᠨᠢᠳᠦᠨ ᠡᠮᠦᠨᠡᠬᠢ ᠴᠦᠯᠳᠦ ᠮᠦᠯᠳᠦ ᠶᠠᠷᠢᠶ᠎ᠠ ᠶᠢ ᠦᠨᠡᠮᠰᠢᠵᠦ᠂ ᠨᠠᠮ ᠪᠠ ᠤᠯᠤᠰ ᠤᠨ ᠲᠦᠷᠦ ᠶᠢᠨ ᠪᠤᠳᠤᠯᠭ᠎ᠠ ᠶᠢᠨ ᠵᠦᠪ ᠤᠨᠤᠪᠴᠢᠳᠠᠢ ᠴᠢᠨᠠᠷ᠂ ᠡᠬᠡ ᠤᠷᠤᠨ ᠤ ᠠᠰᠤᠷᠤ ᠶᠡᠭᠡ ᠬᠦᠭᠵᠢᠯᠳᠡ᠂ ᠠᠷᠠᠳ ᠲᠦᠮᠡᠨ ᠤ ᠠᠮᠢᠳᠤᠷᠠᠯ ᠤᠨ ᠲᠡᠭᠡᠭᠡᠭᠰᠢᠯᠡᠯᠳᠡ᠂ ᠨᠡᠶᠢᠭᠡᠮ ᠤᠨ ᠲᠠᠪᠰᠢᠯᠳᠠ ᠶᠢ ᠦᠵᠡᠵᠦ ᠦᠨᠡᠯᠡᠬᠦ ᠲᠤᠷ᠎ᠠ ᠦᠭᠡᠢ ᠪᠠᠶᠢᠳᠠᠭ ᠪᠦᠭᠡᠳ ᠠᠷᠠᠳᠴᠢᠯᠡᠯ ᠡᠷᠬᠡ ᠴᠢᠯᠦᠭᠡ ᠦᠭᠡᠢ ᠭᠡᠬᠦ᠂ ᠦᠩᠭᠡᠷᠡᠭᠰᠡᠨ ᠢᠶᠠᠨ ᠮᠠᠭᠳᠠᠭᠠᠳ ᠤᠳᠤᠬᠢ ᠪᠠᠨ ᠮᠠᠭᠤᠯᠠᠬᠤ ᠪᠠ ᠰᠢᠭᠦᠮᠵᠢᠯᠡᠬᠦ ᠨᠢ ᠤᠯᠠᠨ ᠪᠠᠶᠢᠳᠠᠭ ᠰᠠᠨ᠃ ᠡᠨᠡ ᠪᠤᠯ ᠤᠳᠤᠬᠢ ᠵᠠᠯᠠᠭᠤᠴᠦᠳ ᠤᠨ ᠲᠡᠤᠬᠡ ᠶᠢᠨ ᠮᠡᠳᠡᠯᠭᠡ᠂ ᠦᠨᠡᠨ ᠠᠴᠠ ᠵᠦᠪ ᠢ ᠡᠷᠢᠬᠦ᠂ ᠨᠢᠭᠡ ᠶᠢ ᠬᠤᠶᠠᠷᠯᠠᠬᠤ ᠠᠷᠭ᠎ᠠ ᠵᠡᠷᠭᠡ  ᠶᠢ ᠮᠡᠳᠡᠬᠦ ᠦᠭᠡᠢ ᠪᠠᠶᠢᠬᠤ ᠶᠢᠨ ᠢᠯᠡᠷᠡᠯ ᠶᠤᠮ᠃ ᠤᠯᠠᠩᠬᠢ ᠨᠦᠬᠦᠳ ᠶᠡᠬᠡᠳᠡ ᠮᠡᠳᠡᠮᠡᠭᠡᠶᠢᠷᠡᠵᠦ ᠮᠤᠩᠭᠤᠯ ᠤᠯᠤᠰ  ᠤᠨ ᠠᠷᠠᠳᠴᠢᠯᠠᠯ ᠤᠨ ᠪᠠᠶᠢᠭᠤᠯᠤᠯ ᠶᠢ ᠮᠠᠭᠳᠠᠵᠦ᠂ ᠠᠷᠠᠳ ᠲᠦᠮᠡᠨ ᠤ ᠰᠠᠨᠠᠯ ᠢᠶᠠᠷ ᠡᠷᠬᠡ ᠴᠢᠯᠦᠭᠡ ᠲᠠᠢ ᠠᠮᠢᠳᠤᠷᠠᠵᠦ ᠪᠠᠶᠢᠨ᠎ᠠ ᠭᠡᠵᠦ ᠬᠡᠯᠡᠬᠦ ᠲᠤᠷᠠᠳᠠᠢ᠃ ᠮᠢᠨᠤ ᠦᠵᠡᠬᠦ ᠪᠠᠷ ᠡᠭᠦᠨ ᠳᠤ ᠶᠠᠮᠠᠷ ᠠᠷᠠᠳᠴᠢᠯᠠᠯ ᠢ ᠬᠡᠷᠡᠭᠵᠢᠭᠦᠯᠬᠦ ᠭᠡᠳᠡᠭ ᠨᠢ ᠴᠢᠬᠤᠯᠠ ᠶᠤᠮ᠃ ᠤᠳᠤ ᠶᠢᠨ ᠮᠤᠩᠭᠤᠯ ᠤᠨ ᠠᠷᠠᠳᠴᠢᠯᠠᠯ ᠨᠢ ᠮᠢᠨᠤ ᠦᠵᠡᠬᠦ ᠪᠠᠷ ᠤᠯᠠᠨ ᠨᠠᠮᠳᠤ ᠭᠡᠳᠦᠷᠬᠡᠢ ᠦᠵᠡᠯ ᠤᠨ ᠠᠷᠠᠳᠴᠢᠯᠠᠯ ᠪᠤᠯᠬᠤ ᠪᠦᠭᠡᠳ ᠮᠦᠨᠴᠦ ᠠᠭᠤᠯᠠᠨ ᠤᠷᠤᠢ ᠶᠢᠨ ᠦᠵᠡᠯ᠂ ᠠᠶᠢᠮᠠᠭᠴᠢᠯᠠᠬᠤ ᠦᠵᠡᠯ ᠢᠶᠠᠷ ᠢᠯᠡᠷᠡᠵᠦ ᠪᠠᠶᠢᠬᠤ ᠶᠤᠮ᠃ ᠡᠶᠢᠮᠦᠷᠬᠦ ᠲᠦᠪᠯᠡᠷᠡᠯ ᠦᠭᠡᠢ ᠠᠷᠠᠳᠴᠢᠯᠠᠯ ᠪᠤᠯ ᠤᠯᠤᠰ ᠤᠷᠤᠨ ᠤ ᠬᠦᠭᠵᠢᠯᠳᠠ ᠳᠤ ᠠᠰᠢᠭ ᠦᠭᠡᠢ᠂ ᠠᠷᠠᠳ ᠲᠦᠮᠡᠨ ᠤ ᠠᠮᠢᠳᠤᠷᠠᠯ ᠤᠨ ᠬᠢᠷᠢ ᠲᠦᠪᠰᠢᠨ ᠲᠡᠭᠡᠭᠡᠭᠰᠢᠯᠡᠭᠦ ᠪᠠᠷ ᠠᠨᠠᠢ᠂ ᠲᠡᠯᠡᠬᠡᠢ ᠨᠡᠶᠢᠳᠡ ᠶᠢᠨ ᠬᠦᠭᠵᠢᠯᠳᠡ ᠠᠴᠠ ᠬᠤᠴᠤᠷᠤᠭᠰᠠᠨ ᠰᠠᠮᠠᠭᠤᠷᠠᠯ ᠤᠨ ᠪᠠᠶᠢᠳᠠᠯ ᠳᠤ ᠤᠷᠤᠵᠦ ᠮᠡᠳᠡᠨ᠎ᠡ᠃ ᠲᠡᠤᠬᠡ ᠶᠢᠨ ᠰᠤᠷᠭᠠᠮᠵᠢ ᠢᠶᠠᠷ ᠤᠳᠤᠬᠢ ᠶᠢ ᠬᠠᠷᠠᠬᠤ᠂ ᠠᠷᠠᠳ ᠤᠨ ᠠᠮᠢᠳᠤᠷᠠᠯ ᠤᠨ ᠲᠦᠪᠰᠢᠨ ᠢᠶᠠᠷ ᠡᠬᠡ ᠤᠷᠤᠨ  ᠤ ᠪᠠᠨ ᠲᠤᠯᠠᠭᠠᠨ ᠪᠦᠯᠢᠶᠡᠨ ᠢ ᠮᠡᠳᠡᠷᠡᠨ ᠦᠨᠡᠯᠡᠬᠦ ᠤᠴᠢᠷ ᠲᠠᠢ ᠶᠤᠮ᠃      ᠮᠠᠨ ᠤ ᠤᠯᠤᠰ ᠪᠠ ᠤᠷᠤᠨ ᠤ ᠠᠵᠦ ᠠᠬᠤᠢ ᠶᠢᠨ ᠬᠦᠴᠦᠨ ᠪᠤᠵᠠᠭᠠᠶᠢᠷᠠᠵᠦ᠂ ᠡᠯ᠎ᠡ ᠲᠠᠯ᠎ᠠ ᠶᠢᠨ ᠬᠦᠭᠵᠢᠯᠳᠡ ᠪᠤᠯ ᠠᠭᠤᠤ ᠶᠡᠭᠡ ᠶᠤᠮ᠃ ᠦᠨᠳᠦᠰᠦᠳᠡᠨ ᠤ ᠰᠤᠶᠤᠯ ᠤᠨ ᠬᠦᠭᠵᠢᠯᠳᠡ ᠪᠠᠳᠠᠷᠠᠩᠭᠤᠢ᠂ ᠠᠷᠠᠳ ᠤᠨ ᠠᠮᠢᠳᠤᠷᠠᠯ ᠴᠡᠴᠡᠭᠯᠡᠩᠭᠦᠢ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠪᠤᠯ ᠤᠯᠤᠰ ᠤᠷᠤᠨ ᠤ ᠮᠠᠨᠢ ᠲᠠᠪᠠᠭᠤᠯᠢᠭ ᠶᠤᠮ᠃ ᠲᠠᠬᠢᠪᠠᠯ ᠪᠢᠳᠡ ᠡᠸᠤᠷᠦ᠋ᠫᠠ ᠶᠢᠨ ᠤᠯᠤᠰ ᠤᠳ ᠤᠨ ᠬᠤᠷᠢ ᠭᠤᠴᠢᠨ ᠵᠢᠯ ᠤᠨ ᠲᠠᠶᠢᠨ ᠲᠠᠵᠢᠨ ᠨᠢ ᠠᠷᠠᠳ ᠲᠦᠮᠡᠨ ᠢᠶᠠᠨ ᠭᠠᠰᠠᠯᠠᠩ ᠤᠨ ᠲᠠᠯᠠᠢ ᠳᠤ ᠵᠢᠪᠪᠦᠭᠦᠯᠵᠦ ᠭᠦᠢᠴᠡᠪᠡ᠃ ᠠᠷᠠᠳ ᠲᠦᠮᠡᠨ ᠡᠬᠡ ᠤᠷᠤᠨ ᠳᠠᠭᠠᠨ ᠠᠮᠢᠳᠤᠷᠠᠵᠦ ᠴᠢᠳᠠᠬᠤ ᠦᠭᠡᠢ ᠪᠤᠯᠬᠤ ᠳᠠᠭᠠᠨ ᠭᠠᠳᠠᠷ ᠤᠯᠤᠰ ᠲᠤ ᠴᠠᠭᠠᠴᠢᠯᠠᠨ ᠶᠠᠪᠤᠵᠦ ᠪᠠᠶᠢᠨ᠎ᠠ᠃ ᠦᠯᠡᠳᠡᠭᠰᠡᠨ ᠨᠢ ᠡᠳᠦᠷ ᠲᠡᠭᠡᠨ ᠠᠮᠤᠷ ᠵᠢᠮᠤᠷ ᠠᠵᠦ ᠲᠦᠷᠦᠵᠦ ᠴᠢᠳᠠᠬᠤ ᠦᠭᠡᠢ᠂ ᠠᠶᠤᠨ ᠰᠦᠷᠳᠡᠬᠦ᠂ ᠢᠳᠡᠬᠦ ᠪᠤᠳᠠᠭ᠎ᠠ ᠦᠭᠡᠢ ᠡᠮᠦᠰᠬᠦ ᠬᠤᠪᠴᠠᠰᠤ ᠦᠭᠡᠢ᠂ ᠭᠠᠴᠢᠭᠳᠠᠯ ᠵᠤᠪᠠᠯᠠᠩ ᠤᠨ ᠲᠠᠭᠤᠨ ᠤ ᠲᠤᠮᠳᠠ ᠠᠮᠢᠳᠤᠷᠠᠵᠦ ᠪᠠᠶᠢᠨ᠎ᠠ᠃ ᠲᠡᠨᠳᠡ ᠠᠷᠠᠳ ᠲᠦᠮᠡᠨ ᠡᠷᠬᠡ ᠴᠢᠯᠦᠭᠡᠳᠡᠢ ᠭᠡᠵᠦ ᠶᠠᠷᠢᠬᠤ ᠤᠴᠢᠷ ᠪᠠᠶᠢᠨᠠᠤ︖      ᠪᠢᠳᠡ ᠤᠯᠠᠨ ᠦᠨᠳᠦᠰᠦᠳᠡᠨ ᠢᠶᠠᠷ ᠪᠦᠷᠢᠯᠳᠦᠭᠰᠡᠨ ᠲᠤᠮᠳᠠᠳᠤ ᠤᠯᠤᠰ ᠲᠤ ᠠᠮᠢᠳᠤᠷᠠᠵᠦ ᠪᠠᠶᠢᠨ᠎ᠠ᠃ ᠠᠮᠢᠳᠤᠷᠠᠬᠤ ᠳᠠᠭᠠᠨ ᠵᠤᠯ ᠵᠢᠷᠭᠠᠯ ᠲᠠᠢ᠂ ᠠᠮᠤᠷ ᠲᠠᠶᠢᠪᠤᠩ ᠠᠮᠢᠳᠤᠷᠠᠵᠦ ᠪᠠᠶᠢᠨ᠎ᠠ᠃ ᠤᠯᠤᠰ ᠠᠴᠠ ︽ᠦᠨᠳᠦᠰᠦᠨ ᠬᠠᠤᠯᠢ︾᠂ ︽ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ︾ ᠵᠡᠷᠭᠡ ᠮᠠᠰᠢ ᠤᠯᠠᠨ ᠴᠦᠭᠡᠨ ᠲᠤᠭᠠᠳᠤ ᠦᠨᠳᠦᠰᠦᠳᠡᠨ ᠤ ᠭᠠᠵᠠᠷ ᠤᠷᠤᠨ ᠳᠤ ᠲᠤᠬᠢᠷᠠᠭᠰᠠᠨ ᠬᠠᠤᠯᠢ ᠲᠦᠷᠢᠮ ᠢ ᠲᠤᠭᠳᠠᠭᠠᠵᠦ᠂ ᠨᠤᠲᠤᠭ ᠪᠡᠯᠴᠢᠭᠡᠷ ᠢ ᠡᠷᠦᠬᠡ ᠳᠤ ᠲᠠᠭᠠᠭᠠᠴᠢᠯᠠᠭᠤᠯᠤᠨ ᠦᠭᠬᠦ ᠪᠤᠶᠤ ᠦᠮᠴᠢᠯᠡᠭᠦᠯᠦᠨ ᠦᠭᠭᠦᠭᠰᠡᠨ ᠮᠦᠷᠳᠡᠭᠡᠨ ᠨᠤᠲᠤᠭ ᠪᠡᠯᠴᠢᠭᠡᠷ ᠤᠨ ᠨᠦᠬᠦᠪᠦᠷᠢ ᠦᠭᠬᠦ ᠵᠡᠷᠭᠡ ᠮᠠᠰᠢ ᠤᠯᠠᠨ ᠦᠭᠭᠢᠶᠡᠮᠦᠷ ᠪᠤᠳᠤᠯᠭ᠎ᠠ ᠪᠠ ᠠᠷᠭ᠎ᠠ ᠬᠡᠮᠵᠢᠶ᠎ᠡ ᠶᠢ ᠠᠪᠴᠤ ᠪᠤᠢ᠃ ᠡᠨᠡ ᠨᠢ ᠡᠷᠬᠡ ᠴᠢᠯᠦᠭᠡ ᠪᠢᠰᠢ ᠭᠡᠵᠢ ᠤᠤ︖ ᠤᠳᠤ ᠪᠤᠯ ᠵᠦᠪᠬᠡᠨ ᠮᠠᠨ ᠤ ᠴᠦᠭᠡᠨ ᠲᠤᠭᠠᠳᠤ ᠦᠨᠳᠦᠰᠦᠳᠡᠨ ᠤ ᠬᠦᠮᠦᠨ ᠪᠦᠷᠢᠯᠳᠦᠭᠦᠨ ᠤ ᠬᠡᠪ ᠴᠢᠨᠠᠷ ᠮᠡᠳᠡᠭᠰᠡᠨ ᠬᠡᠷᠡᠭ᠂ ᠲᠠᠷᠤᠢ ᠬᠦᠭᠵᠢᠬᠦ ᠪᠠ ᠲᠤᠷᠦᠶᠢᠳᠠᠬᠤ  ᠨᠢ ᠦᠨᠳᠦᠰᠦᠳᠡᠨ ᠤ ᠲᠤᠲᠤᠭᠠᠳᠤ ᠶᠢᠨ ᠪᠦᠯᠬᠦᠮᠳᠡᠯ᠂ ᠦᠨᠳᠦᠰᠦᠳᠡᠨ ᠤ ᠲᠤᠲᠤᠭᠠᠳᠦᠬᠢ ᠤᠴᠢᠷ ᠢᠶᠠᠨ ᠶᠠᠭᠠᠬᠢᠵᠦ ᠦᠪᠡᠷᠳᠡᠭᠡᠨ ᠰᠡᠢᠳᠪᠦᠷᠢᠯᠡᠬᠦ ᠡᠰᠡᠬᠦ ᠪᠠᠷ ᠲᠤᠭᠳᠠᠭᠠᠭᠳᠠᠨ᠎ᠠ᠃ ᠤᠯᠠᠨ ᠢᠶᠠᠷ ᠢᠶᠠᠨ ᠨᠢᠭᠡᠳᠦᠭᠰᠡᠨ ᠵᠣᠷᠢᠭ ᠰᠠᠨᠠᠭ᠎ᠠ ᠪᠠᠷ ︽ᠲᠤᠤᠭᠠᠷᠪᠠᠯ ᠲᠠᠭᠤᠨ ᠨᠢᠭᠡ᠂ ᠲᠤᠭᠳᠤᠷᠪᠠᠯ ᠬᠦᠴᠦᠨ ᠨᠢᠭᠡ︾ ᠪᠠᠶᠢᠵᠦ᠂ ᠨᠢᠳᠦᠨ ᠡᠮᠦᠨᠡᠬᠢ ᠤᠴᠢᠷ ᠢᠶᠠᠨ ᠰᠠᠨᠠᠯ ᠨᠢᠭᠡᠳᠦᠨ ᠬᠢᠬᠦ ᠶᠢ ᠰᠠᠨᠠᠭᠠᠴᠢᠯᠠᠨ᠎ᠠ᠃ ᠬᠠᠷᠢᠨ ︽ᠤᠭᠤᠳᠠᠨ ᠳᠤ ᠬᠢᠭᠰᠡᠨ ᠢᠮᠠᠭᠠᠨ ᠡᠪᠡᠷ ᠰᠢᠭ᠋︾ ᠨᠢᠭᠡ ᠨᠢ ᠦᠬᠡ ᠰᠠᠨᠠᠯ ᠲᠤᠷᠠᠳᠤᠪᠠᠯ ᠨᠦᠭᠦᠭᠡ ᠨᠢ ᠨᠢᠴᠤᠭᠠᠭᠠᠳ ᠪᠠᠶᠢᠪᠠᠯ ᠶᠠᠮᠠᠷ ᠦᠢᠯᠡ ᠶᠠᠪᠤᠳᠠᠯ ᠨᠢ ᠪᠦᠳᠦᠬᠦ ᠠᠵᠠᠢ︕ ᠠᠰᠠᠭᠤᠳᠠᠯ ᠢ ᠨᠢᠭᠡ ᠨᠢᠭᠡ ᠪᠠᠷ ᠰᠡᠢᠳᠪᠦᠷᠢᠯᠡᠬᠦ ᠶᠢ ᠱᠠᠭᠠᠷᠳᠠᠬᠤ ᠨᠢ ᠵᠦᠢᠳᠡᠢ᠂ ᠶᠠᠭᠤ ᠯᠠ ᠭᠡᠪᠡᠯ ᠨᠠᠮ ᠲᠦᠷᠦ ᠳᠤ ᠬᠠᠷᠢᠶᠠᠯ ᠵᠦᠭᠡᠯ ᠬᠢᠬᠦ ᠪᠠ ᠶᠡᠭᠡ ᠦᠬᠡ ᠶᠠᠷᠢᠵᠦ ᠪᠠᠶᠢᠬᠤ ᠨᠢ ᠤᠭᠳᠤ ᠪᠤᠷᠤᠭᠤ ᠮᠦᠷᠳᠡᠭᠡᠨ ᠪᠦᠳᠦᠰᠢ ᠦᠭᠡᠢ ᠶᠠᠪᠤᠳᠠᠯ ᠶᠤᠮ᠃ ᠬᠠᠷᠢᠨ ᠮᠤᠩᠭᠤᠯ ᠦᠨᠳᠦᠰᠦᠳᠡᠨ ᠤ ᠪᠠᠨ ᠦᠪ ᠰᠤᠶᠤᠯ ᠢ ᠬᠡᠷᠬᠢᠨ ᠬᠠᠳᠠᠭᠠᠯᠠᠨ ᠦᠯᠡᠳᠡᠭᠡᠬᠦ ᠪᠠ ᠤᠯᠠᠮᠵᠢᠯᠠᠨ ᠵᠠᠯᠭᠠᠮᠵᠢᠯᠠᠨ ᠠᠪᠬᠤ᠂ ᠬᠡᠷᠬᠢᠨ ᠬᠤᠶᠢᠴᠢ ᠦᠶ᠎ᠡ ᠶᠢᠨ ᠰᠤᠷᠭᠠᠨ ᠬᠦᠮᠦᠵᠢᠯ ᠳᠤ ᠦᠨᠳᠦᠰᠦᠳᠡᠨ ᠤ ᠵᠠᠩ ᠦᠢᠯᠡ᠂ ᠦᠤᠬᠡ ᠲᠡᠤᠬᠡ ᠪᠠᠨ ᠤᠷᠤᠭᠤᠯᠬᠤ ᠵᠢᠴᠢ ᠪᠠᠭᠰᠢ ᠶᠢᠨ ᠴᠢᠨᠠᠷ ᠴᠢᠨᠰᠠᠭ᠎ᠠ ᠶᠢ ᠬᠡᠷᠬᠢᠨ ᠰᠠᠶᠢᠵᠢᠷᠠᠭᠤᠯᠬᠤ ᠵᠡᠷᠭᠡ ᠦᠨᠳᠦᠰᠦᠨ ᠠᠰᠠᠭᠤᠳᠠᠯ ᠳᠤ ᠰᠡᠳᠭᠢᠯ ᠲᠠᠯᠪᠢᠵᠦ ᠪᠤᠳᠠᠳᠠᠢ ᠰᠠᠨᠠᠯ ᠢᠶᠠᠨ ᠢᠯᠡᠭᠦᠭᠡᠨ ᠲᠤᠷᠠᠳᠬᠤ ᠶᠢ ᠵᠠᠯᠠᠭᠤᠴᠦᠳ ᠪᠠᠭᠠᠴᠦᠳ ᠲᠠᠭᠠᠨ ᠰᠠᠨᠠᠭᠠᠴᠢᠯᠠᠵᠦ ᠪᠠᠶᠢᠨ᠎ᠠ᠃
 
ᠢᠷᠡᠯᠲᠡ᠄ ᠤᠷᠢᠶᠠᠩᠬᠠᠨ ᠤ᠂ ᠶᠤᠨᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号