ᠠᠶᠢᠮᠠᠭ ᠤᠨ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠵᠣᠬᠢᠶᠠᠨ ᠪᠠᠶᠢᠭᠤᠯᠬᠤ ᠭᠡᠯᠲᠡᠰ ᠤᠨ ᠲᠠᠷᠤᠭ᠎ᠠ ᠳ᠋ᠧᠰᠢ ᠨᠠᠷ ᠠᠴᠠ ᠭᠠᠬᠢᠯ ᠰᠣᠮᠣᠨ ᠳᠤ ᠬᠢᠨᠠᠨ ᠪᠠᠶᠢᠴᠠᠭᠠᠬᠤ ᠠᠵᠢᠯ ᠬᠢᠪᠡ
ᠨᠡᠶᠢᠲᠡᠯᠡᠭᠰᠡᠨ ᠴᠠᠭ᠄
2017/7/20
     2017 ᠣᠨ ᠤ 7 ᠰᠠᠷ᠎ᠠ ᠶᠢᠨ 18᠎ ᠤ ᠡᠳᠦᠷ᠂ ᠠᠶᠢᠮᠠᠭ ᠤᠨ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠎ ᠤ ᠵᠣᠬᠢᠶᠠᠨ ᠪᠠᠶᠢᠭᠤᠯᠬᠤ ᠭᠡᠯᠲᠡᠰ ᠤᠨ ᠲᠠᠷᠤᠭ᠎ᠠ ᠳ᠋ᠧᠰᠢ᠂ ᠠᠶᠢᠮᠠᠭ ᠤᠨ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠎ ᠠᠴᠠ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠰᠠᠬᠢᠯᠭ᠎ᠠ ᠪᠠᠲᠣ ᠪᠠᠶᠢᠴᠠᠭᠠᠬᠤ ᠳᠣᠭᠤᠶᠢᠯᠠᠩ ᠲᠤ ᠲᠣᠮᠢᠯᠠᠭᠰᠠᠨ ᠺᠠᠳ᠋ᠷ ᠪᠣᠯᠣᠳ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠱᠦᠵᠢ ᠨᠠᠰᠣᠨᠪᠠᠲᠣ᠂ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠲᠡᠳ᠋ ᠱᠦᠵᠢ ᠬᠤᠩ ᠸᠧᠢ᠂ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠲᠦᠷᠪᠡᠲᠤᠭᠡᠷ ᠲᠣᠮᠢᠯᠠᠭᠰᠠᠨ ᠲᠣᠭᠤᠶᠢᠯᠠᠩ ᠤᠨ ᠳᠠᠷᠤᠭ᠎ᠠ ᠪᠣᠣ ᠭᠦᠢ ᡁᠢ ᠵᠡᠷᠭᠡ ᠨᠦᠬᠦᠷ ᠭᠠᠬᠢᠯ ᠰᠣᠮᠣᠨ ᠳᠤ ᠭᠦᠨᠵᠡᠭᠡᠶᠢᠷᠡᠨ᠂ ᠨᠠᠮ ᠤᠨ ᠰᠣᠷᠳᠠᠯ ᠴᠢᠭᠡᠴᠢ ᠵᠠᠰᠠᠭ ᠪᠠ ᠢᠯᠵᠡᠷᠠᠮᠠᠯ ᠎ ᠢ ᠡᠰᠡᠷᠭᠦᠴᠡᠬᠦ ᠠᠵᠢᠯ ᠵᠢᠴᠢ ᠰᠠᠬᠢᠯᠭ᠎ᠠ ᠪᠠᠲᠣ ᠪᠠᠶᠢᠴᠠᠭᠠᠬᠤ ᠰᠢᠰᠲ᠋ᠧᠮ ᠤᠨ ᠺᠠᠳ᠋ᠷ ᠠᠵᠢᠯᠲᠠᠨ ᠤ ᠡᠩᠨᠡᠭᠡ ᠶᠢᠨ ᠪᠠᠶᠢᠭᠤᠯᠣᠯᠲᠠ ᠶᠢᠨ ᠣᠨ ᠤ ᠬᠦᠳᠡᠯᠭᠡᠭᠡᠨ ᠳᠤ ᠬᠢᠨᠠᠯᠲᠠ ᠲᠠᠯᠪᠢᠪᠠ᠃      ᠬᠢᠨᠠᠨ ᠪᠠᠶᠢᠴᠠᠭᠠᠬᠤ ᠲᠣᠭᠤᠶᠢᠯᠠᠩ ᠠᠴᠠ ᠭᠠᠬᠢᠯ ᠰᠣᠮᠣᠨ ᠤ ᠨᠠᠮ ᠤᠨ ᠰᠣᠷᠳᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠣᠯᠲᠠ ᠪᠠ ᠢᠯᠵᠡᠷᠠᠮᠠᠯ ᠢ ᠡᠰᠡᠷᠭᠦᠴᠡᠬᠦ ᠠᠵᠢᠯ᠂ ᠰᠠᠬᠢᠯᠭ᠎ᠠ ᠪᠠᠲᠣ ᠪᠠᠶᠢᠴᠠᠭᠠᠬᠤ ᠰᠢᠰᠲ᠋ᠧᠮ ᠤᠨ ᠺᠠᠳ᠋ᠷ ᠠᠵᠢᠯᠲᠠᠨ ᠤ ᠡᠩᠨᠡᠭᠡ ᠶᠢᠨ ᠪᠠᠶᠢᠭᠤᠯᠣᠯᠲᠠ ᠶᠢᠨ ᠣᠨ ᠤ ᠬᠦᠳᠡᠯᠭᠡᠭᠡᠨ ᠢ ᠦᠷᠨᠢᠬᠦᠯᠦᠭᠰᠡᠨ ᠪᠠᠶᠢᠳᠠᠯ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠪᠠᠶᠢᠴᠠᠭᠠᠭᠰᠠᠨ ᠪᠠᠶᠢᠨ᠎ᠠ᠃      ᠬᠢᠨᠠᠨ ᠪᠠᠶᠢᠴᠠᠭᠠᠬᠤ ᠲᠣᠭᠤᠶᠢᠯᠠᠩ ᠨᠢ ᠪᠣᠲᠠᠲᠠᠢ ᠭᠠᠵᠠᠷ ᠲᠤ ᠨᠢ ᠣᠴᠢᠬᠤ᠂ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠰᠠᠭᠤᠳᠠᠯ ᠤᠨ ᠬᠤᠷᠠᠯ ᠬᠤᠷᠠᠯᠳᠣᠬᠤ ᠵᠡᠷᠭᠡ ᠭᠡᠯᠪᠡᠷᠢ ᠮᠠᠶ᠋ᠢᠭ ᠎ ᠢᠶᠠᠷ ᠭᠠᠬᠢᠯ ᠰᠣᠮᠣᠨ ᠤ ᠲᠡᠭᠡᠲᠦ ᠬᠠᠭᠠᠰ ᠵᠢᠯ ᠤᠨ ᠰᠠᠬᠢᠯᠭ᠎ᠠ ᠪᠠᠲᠣ ᠪᠠᠶᠢᠴᠠᠭᠠᠬᠤ ᠭᠤᠣᠯᠳᠠᠯᠭᠠᠲᠣ ᠠᠵᠢᠯ ᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠨᠠᠷᠢᠨ ᠣᠶᠢᠯᠠᠭᠠᠪᠠ᠃      ᠬᠤᠷᠠᠯ ᠳᠡᠭᠡᠷ᠎ᠡ᠂ ᠭᠠᠬᠢᠯ ᠰᠣᠮᠣᠨ ᠤ ᠨᠠᠮ ᠤᠨ ᠬᠤᠷᠢᠶᠠᠨ ᠤ ᠱᠦᠵᠢ ᠪᠦᠬᠡ ᠨᠦᠬᠦᠷ ᠠᠴᠠ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ᠂ ᠠᠶᠢᠮᠠᠭ ᠤᠨ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠪᠦᠭᠦᠲᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠣ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠣ᠂ ᠬᠢᠨᠠᠨ ᠪᠠᠶᠢᠴᠠᠭᠠᠬᠤ᠂ ᠰᠠᠬᠢᠯᠭ᠎ᠠ ᠪᠠᠲᠣ ᠬᠡᠷᠡᠭᠵᠢᠬᠦᠯᠬᠦ᠂ ᠬᠠᠷᠢᠭᠤᠴᠠᠯᠭ᠎ᠠ ᠨᠡᠬᠡᠮᠵᠢᠯᠡᠭᠦ ᠴᠢᠳᠠᠪᠬᠢ ᠶᠢ ᠬᠡᠷᠡᠭᠵᠢᠬᠦᠯᠬᠦ᠂ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠭᠤᠣᠯᠳᠠᠯᠭᠠᠲᠣ ᠠᠵᠢᠯ ᠤᠨ ᠡᠬᠦᠷᠭᠡ ᠶᠢ ᠯᠠᠪᠳᠠᠭᠤᠨ ᠪᠠᠲᠣᠲᠠᠢ ᠲᠦᠯᠬᠢᠨ ᠠᠬᠢᠭᠤᠯᠬᠤ ᠲᠣᠬᠠᠢ ᠪᠦᠭᠦ ᠲᠠᠯ᠎ᠠ ᠪᠠᠷ ᠬᠠᠷᠢᠭᠤ ᠮᠡᠳᠡᠭᠦᠯᠦᠯᠲᠡ ᠬᠢᠪᠡ᠃ ᠬᠢᠨᠠᠨ ᠪᠠᠶᠢᠴᠠᠭᠠᠬᠤ ᠲᠣᠭᠤᠶᠢᠯᠠᠩ ᠠᠴᠠ ᠰᠣᠮᠣᠨ ᠤ ᠣᠳᠣᠷᠢᠳᠬᠤ ᠪᠠᠭ ᠤᠨ ᠬᠡᠰᠢᠭᠦᠨ ᠤᠨ ᠰᠣᠮᠣᠨ ᠤ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠡᠬᠦᠷᠭᠡ ᠬᠠᠷᠢᠭᠤᠴᠠᠯᠭ᠎ᠠ ᠶᠢᠨ ᠵᠢᠭᠰᠠᠭᠠᠯᠲᠠ ᠎ ᠶᠢᠨ ᠲᠣᠬᠠᠢ ᠰᠠᠨᠠᠯ ᠬᠤᠷᠢᠶᠠᠬᠤ ᠶᠢᠨ ᠬᠠᠮᠲᠣ ᠪᠣᠲᠠᠲᠠᠢ ᠪᠠᠶᠢᠳᠠᠯ ᠠᠴᠠ ᠡᠭᠦᠰᠦᠨ᠂ ᠦᠨᠳᠣᠰᠣᠨ ᠱᠠᠲᠣᠨ ᠤ ᠰᠠᠬᠢᠯᠭ᠎ᠠ ᠪᠠᠲᠣ ᠪᠠᠶᠢᠴᠠᠭᠠᠬᠤ ᠠᠵᠢᠯ ᠤᠨ ᠠᠷᠭ᠎ᠠ ᠪᠠᠷᠢᠯ ᠪᠣᠯᠣᠨ ᠣᠷᠣᠰᠢᠵᠣ ᠪᠠᠶᠢᠭ᠎ᠠ ᠪᠡᠷᠬᠡᠰᠢᠶᠡᠯ ᠤᠨ ᠲᠣᠬᠠᠢ ᠰᠠᠨᠠᠯ ᠰᠣᠯᠢᠯᠴᠠᠨ᠂ ᠰᠠᠨᠠᠭᠤᠯᠭ᠎ᠠ ᠲᠣᠷᠠᠳᠣᠭᠰᠠᠨ ᠪᠠᠶᠢᠨ᠎ᠠ
 
ᠢᠷᠡᠯᠲᠡ᠄ ᠭᠠᠬᠢᠯ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号