ᠮᠠᠨ ᠤ ᠬᠤᠰᠢᠭᠤ ᠨᠢ ᠠᠮᠢ ᠠᠬᠤᠢ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠦᠯᠠᠬᠤ ᠳᠦᠷᠢᠮ ᠢ ᠴᠢᠩᠭ᠎ᠠ ᠨᠠᠶᠢᠳᠠᠪᠦᠷᠢᠵᠢᠭᠤᠯᠪᠠ
ᠨᠡᠶᠢᠲᠡᠯᠡᠭᠰᠡᠨ ᠴᠠᠭ᠄
2017/7/24
     《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ》᠂《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ》᠂《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ》ᠵᠡᠷᠭᠡ ᠬᠠᠤᠯᠢ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠲᠡᠩᠴᠢᠭᠦᠷᠢ ᠶᠢᠨ ᠤᠷᠤᠨ ᠳᠤ ᠳᠠᠭᠠᠭᠠᠴᠠ ᠠᠴᠠ ᠭᠡᠲᠦᠷᠡᠲᠡᠯ᠎ᠠ ᠮᠠᠯᠵᠢᠬᠤ᠂ ᠬᠠᠤᠯᠢ ᠪᠤᠰᠤ ᠪᠠᠷ ᠮᠠᠯᠵᠢᠵᠤ ᠪᠠᠶᠢᠭ᠎ᠠ ᠬᠦᠮᠦᠰ ᠵᠡᠷᠭᠡ ᠲᠠᠯ᠎ᠠ ᠨᠤᠲᠤᠭ ᠤᠨ ᠠᠮᠢ ᠠᠬᠤᠢ ᠶᠢ ᠡᠪᠳᠡᠵᠦ ᠪᠠᠶᠢᠭ᠎ᠠ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠨᠤᠲᠤᠭ ᠪᠡᠯᠴᠢᠭᠡᠷ ᠤᠨ ᠳᠠᠭᠠᠭᠠᠴᠠ ᠶᠢ ᠦᠨᠡᠨᠬᠦ ᠬᠦᠩᠭᠡᠯᠡᠬᠦ ᠶᠢᠨ ᠲᠦᠯᠦᠭᠡ᠂ 7 ᠰᠠᠷ᠎ᠠ 12 ᠎ ᠤ ᠡᠳᠦᠷ ᠠᠴᠠ ᠡᠬᠢᠯᠡᠨ᠂ ᠵᠡᠭᠦᠨ ᠦᠵᠦᠮᠦᠴᠢᠨ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ ᠨᠢ 45 ᠬᠠᠤᠯᠢ ᠬᠡᠷᠡᠭᠵᠢᠭᠦᠯᠦᠭᠴᠢ ᠪᠠ 8 ᠲᠡᠷᠭᠡ ᠤᠨᠤᠭ᠎ᠠ ᠬᠦᠳᠡᠯᠭᠡᠨ᠂ ᠪᠦᠬᠦ ᠬᠤᠰᠢᠭᠤᠨ ᠤ ᠬᠡᠪᠴᠢᠶᠠᠨ ᠳᠤ ᠲᠠᠯ᠎ᠠ ᠨᠤᠲᠤᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠨᠢ ᠭᠤᠤᠯᠳᠠᠭᠤ ᠪᠦᠬᠦ ᠬᠤᠰᠢᠭᠤᠨ ᠤ ᠬᠡᠪᠴᠢᠶᠡᠨ ᠳᠠᠬᠢ ᠬᠠᠤᠯᠢ ᠪᠤᠰᠤ ᠎ ᠪᠠᠷ ᠨᠤᠲᠤᠭ ᠪᠡᠯᠴᠢᠭᠡᠷ ᠢ ᠤᠯᠠᠷᠢᠯᠠᠭᠤᠯᠤᠨ ᠬᠡᠷᠡᠭᠯᠡᠵᠦ ᠬᠦᠨᠳᠦ ᠨᠤᠴᠢᠲᠠᠢ ᠬᠡᠲᠦᠷᠡᠲᠡᠯ᠎ᠡ ᠮᠠᠯᠵᠢᠵᠤ ᠪᠠᠶᠢᠭ᠎ᠠ ᠬᠡᠰᠡᠭ ᠬᠦᠮᠦᠰ ᠢ ᠲᠤᠷᠭᠠᠭᠰᠠᠨ ᠪᠠᠶᠢᠨ᠎ᠠ᠃ ᠤᠳᠤᠬᠠᠨ ᠪᠤᠯᠲᠠᠯ᠎ᠠ᠂ ᠲᠤᠰᠬᠠᠢ ᠲᠦᠷᠦᠯ ᠤᠨ ᠠᠵᠢᠯᠯᠠᠭ᠎ᠠ ᠨᠢ ᠪᠦᠲᠦᠮᠵᠢᠲᠠᠢ ᠠᠮᠵᠢᠯᠲᠠ ᠤᠯᠵᠤ᠂ ᠳᠠᠭᠠᠭᠠᠴᠠ ᠠᠴᠠ ᠭᠡᠲᠦᠷᠡᠭᠰᠡᠨ 17 ᠡᠷᠦᠭᠡ ᠳᠤ ᠵᠠᠰᠠᠭ ᠵᠠᠬᠢᠷᠭᠠᠨ ᠤ ᠲᠤᠷᠭᠠᠭᠤᠯᠢ ᠶᠠᠪᠣᠭᠤᠯᠤᠭᠰᠠᠨ ᠪᠠᠶᠢᠨ᠎ᠠ᠃ ᠳᠠᠷᠠᠭᠠᠨᠴᠢ ᠶᠢᠨ ᠠᠯᠬᠤᠮ ᠳᠤ ᠬᠤᠰᠢᠭᠤ ᠠᠮᠢ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ ᠨᠢ ᠬᠠᠤᠯᠢ ᠶᠤᠰᠤᠭᠠᠷ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠦᠯᠠᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃
 
ᠢᠷᠡᠯᠲᠡ᠄ ᠠᠮᠢ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号