ᠴᠠᠭᠠᠨ ᠠᠳᠤᠭᠤᠨ ᠤ ᠠᠯᠳᠠᠷᠰᠢᠯ  ᠴᠠᠶᠢᠯᠭᠠᠨ ᠡᠵᠡᠳ ᠤᠨ ᠪᠠᠶᠠᠰᠤᠯ
ᠨᠡᠶᠢᠲᠡᠯᠡᠭᠰᠡᠨ ᠴᠠᠭ᠄
2017/7/3
ᠤᠷᠢᠶᠠᠩᠬᠠᠨ ᠤ᠂ ᠶᠤᠨᠳᠤᠨ              ᠴᠠᠭᠠᠨ ᠠᠳᠤᠭᠤᠨ ᠤ ᠠᠯᠳᠠᠷᠰᠢᠯ  ᠴᠠᠶᠢᠯᠭᠠᠨ ᠡᠵᠡᠳ ᠤᠨ ᠪᠠᠶᠠᠰᠤᠯ                                  —  ᠦᠵᠦᠮᠦᠴᠢᠨ ᠴᠠᠭᠠᠨ ᠠᠳᠤᠭᠤᠨ ᠤ ᠤᠳᠤᠮ ᠤᠭᠰᠢᠯ ᠢ ᠨᠤᠳᠠᠯᠠᠬᠤ ᠬᠤᠷᠠᠯ ᠪᠠᠯᠭᠠᠷᠭᠤᠤᠯ ᠳᠤ ᠪᠤᠯᠤᠭᠰᠠᠨ ᠲᠤᠬᠠᠢ ᠲᠡᠮᠳᠡᠭᠯᠡᠯ              ᠨᠢᠭᠡ  ᠴᠠᠭᠠᠨ ᠠᠳᠤᠭᠤᠨ ᠤ ᠶᠡᠷᠦᠩᠬᠡᠢ ᠦᠢᠯᠡ ᠶᠠᠪᠤᠳᠠᠯ ᠤᠨ ᠲᠤᠪᠴᠢ      ᠪᠠᠷᠠᠭᠤᠨ ᠦᠵᠦᠮᠦᠴᠢᠨ ᠬᠤᠰᠢᠭᠤ ᠨᠢ ︽ᠴᠢᠩᠭᠢᠰ ᠬᠠᠭᠠᠨ ᠤ ᠴᠠᠭᠠᠨ ᠠᠳᠤᠭᠤ ᠬᠢᠭᠡᠳ ᠦᠵᠦᠮᠦᠴᠢᠨ ᠴᠠᠭᠠᠨ ᠠᠳᠤᠭᠤᠨ ᠤ ᠤᠳᠤᠮ ᠤᠭᠰᠢᠯ ᠢ ᠰᠤᠳᠤᠯᠤᠨ ᠶᠠᠷᠢᠯᠴᠠᠬᠤ ᠬᠤᠷᠠᠯ︾ ᠢ 2017 ᠤᠨ ᠤ 6 ᠰᠠᠷ᠎ᠠ ᠶᠢᠨ 25 — 27 ᠡᠳᠦᠷ ᠬᠦᠷᠳᠡᠯ᠎ᠡ ᠪᠠᠯᠭᠠᠷ ᠭᠤᠤᠯ ᠪᠠᠯᠭᠠᠰᠤᠨ ᠳᠤ ᠠᠮᠵᠢᠯᠳ᠋ᠳᠠ ᠲᠠᠢ ᠶᠠᠪᠤᠭᠳᠠᠪᠠ᠃ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠤᠯᠠᠮᠵᠢᠯᠠᠯᠳᠤ ᠮᠠᠯ ᠠᠵᠦ ᠠᠬᠤᠢ  ᠶᠢᠨ ᠰᠢᠯᠢᠳᠡᠭ ᠡᠭᠦᠯᠳᠡᠷ ᠤᠨ ᠤᠨᠴᠠᠯᠢᠭ ᠪᠤᠯᠤᠭᠰᠠᠨ ︽ᠦᠵᠦᠮᠦᠴᠢᠨ ᠴᠠᠭᠠᠨ ᠠᠳᠤᠭᠤ︾ ᠪᠠᠨ ᠲᠤᠪᠤᠶᠢᠯᠭᠠᠭᠰᠠᠨ ᠠᠳᠤᠭᠤᠨ ᠤ ᠦᠢᠯᠡᠰ ᠢ ᠬᠦᠭᠵᠢᠬᠦᠯᠬᠦ ᠴᠢᠭᠯᠡᠯᠳᠡ ᠶᠢ ᠲᠤᠭᠳᠠᠭᠠᠨ ᠭᠡᠷᠡᠭᠵᠢᠭᠦᠯᠵᠦ᠂ ᠴᠠᠭᠠᠨ ᠠᠳᠤᠭᠤ ᠪᠠᠨ ᠬᠠᠮᠠᠭᠠᠯᠠᠨ ᠬᠦᠭᠵᠢᠬᠦᠯᠬᠦ ᠪᠤᠳᠠᠳᠠᠢ ᠠᠷᠭ᠎ᠠ ᠬᠡᠮᠵᠢᠶ᠎ᠡ ᠶᠢ ᠠᠪᠴᠤ᠂ ᠴᠠᠭᠠᠨ ᠠᠳᠤᠭᠤᠨ ᠤ ᠰᠦᠷᠦᠭ ᠢ ᠦᠰᠭᠡᠨ ᠪᠤᠶᠢᠵᠢᠭᠤᠯᠬᠤ ᠪᠠ ᠲᠤᠰᠬᠠᠢ ᠡᠷᠦᠬᠡ ᠶᠢ ᠲᠤᠭᠳᠠᠭᠠᠬᠤ᠂ ᠴᠠᠭᠠᠨ ᠠᠳᠤᠭᠤᠨ ᠤ ᠲᠤᠰᠬᠠᠢ ᠬᠤᠷᠰᠢᠶᠡᠵᠢᠯ ᠢ ᠪᠠᠶᠢᠭᠤᠯᠬᠤ᠂ ᠴᠠᠭᠠᠭᠴᠢ ᠭᠡᠭᠦᠤ ᠶᠢᠨ ᠴᠡᠭᠡ ᠶᠢ ᠪᠤᠯᠪᠠᠰᠤᠷᠠᠭᠤᠯᠬᠤ᠂ ᠦᠪᠯᠡᠨ ᠤᠯᠠᠮᠵᠢᠯᠠᠭᠴᠢ ᠶᠢ ᠨᠡᠷᠡᠶᠢᠳᠦᠬᠦ ᠵᠡᠷᠭᠡ ᠠᠵᠢᠯ ᠢ ᠭᠠᠷᠳᠠᠨ ᠬᠢᠵᠦ᠂ ᠬᠤᠰᠢᠭᠤ ᠡᠳ᠋ ᠤᠨ ᠵᠠᠰᠠᠭ ᠠᠴᠠ ᠨᠦᠬᠦᠪᠦᠷᠢ ᠤᠯᠭᠤᠬᠤ ᠵᠡᠷᠭᠡ ᠬᠦᠴᠦᠨ ᠪᠦᠬᠦᠢ ᠠᠷᠭ᠎ᠠ ᠬᠡᠮᠵᠢᠶ᠎ᠡ ᠶᠢ ᠠᠪᠤᠭᠰᠠᠨ ᠢᠶᠠᠷ ᠦᠯᠦ ᠪᠠᠷᠠᠮ ᠴᠠᠭᠠᠨ ᠠᠳᠤᠭᠤᠨ ᠤ ᠠᠯᠳᠠᠷᠰᠢᠭᠤᠯᠬᠤ ᠠᠵᠢᠯ ᠢ ᠴᠤ ᠵᠡᠷᠭᠡ ᠳᠤᠨᠢ ᠠᠳᠬᠤᠭᠰᠠᠨ ᠪᠠᠶᠢᠭ᠎ᠠ ᠶᠤᠮ᠃      ᠠᠷᠪᠠᠭᠠᠳ ᠵᠢᠯ ᠤᠨ ᠲᠤᠷᠰᠢ᠂ ᠲᠤᠰ ᠬᠤᠰᠢᠭᠤ ᠨᠢ ᠴᠠᠭᠠᠨ ᠠᠳᠤᠭᠤᠨ ᠤ ᠠᠵᠢᠯ ᠦᠢᠯᠡᠰ ᠢ ᠰᠤᠯᠠᠷᠠᠯ ᠦᠭᠡᠢ ᠠᠳᠬᠤᠵᠦ᠂ ᠦᠵᠡᠭᠦᠯᠬᠦ ᠠᠴᠠ ᠰᠦᠷᠦᠭ ᠲᠠᠢ᠂ ᠦᠷᠡᠵᠢᠭᠦᠯᠬᠦ ᠠᠴᠠ ᠡᠷᠦᠬᠡ ᠲᠠᠢ᠂ ᠠᠰᠢᠭᠯᠠᠬᠤ ᠠᠴᠠ ᠦᠢᠯᠡᠰ ᠲᠠᠢ ᠪᠤᠯᠭᠠᠵᠦ ᠢᠷᠡᠭᠰᠡᠨ ᠢᠶᠠᠷ 2009 ᠤᠨ ᠳᠤ ᠪᠦᠬᠦ ᠤᠯᠤᠰ ᠤᠨ ᠮᠤᠩᠭᠤᠯ ᠠᠳᠤᠭᠤ ᠶᠢ ᠬᠠᠮᠠᠭᠠᠯᠠᠨ ᠪᠤᠶᠢᠵᠢᠭᠤᠯᠬᠤ ᠬᠤᠰᠢᠭᠤ ᠰᠢᠶᠠᠨ ᠢᠶᠠᠷ ᠲᠤᠭᠳᠠᠭᠠᠭᠳᠠᠵᠦ᠂ ᠲᠤᠬᠠᠢ ᠶᠢᠨ ᠵᠢᠯ ᠠᠳᠤᠭᠤᠨ ᠤ ᠶᠡᠷᠦᠩᠬᠡᠢ ᠲᠤᠭ᠎ᠠ ᠲᠤᠯᠤᠭᠠᠢ 4 ᠲᠦᠮᠡ ᠶᠢ ᠲᠠᠪᠠᠵᠦ᠂ ᠡᠭᠦᠨ ᠳᠤ ᠴᠠᠭᠠᠨ ᠠᠳᠤᠭᠤ ᠨᠢ ᠲᠦᠮᠡᠨ ᠲᠤᠯᠤᠭᠠᠢ ᠲᠦᠬᠦᠭᠰᠡᠨ ᠪᠠᠶᠢᠯ᠎ᠠ᠃ 2012 ᠤᠨ ᠳᠤ᠂ ᠲᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠭᠡᠮᠯᠢᠭ ᠳᠤ ︽ᠴᠠᠭᠠᠨ ᠠᠳᠤᠭᠤᠨ ᠤ ᠨᠤᠲᠤᠭ︾ ᠢᠶᠠᠷ ᠦᠨᠡᠯᠡᠭᠳᠡᠭᠰᠡᠨ ᠢᠶᠠᠷ ᠪᠡᠯᠭᠡᠯᠡᠨ ᠲᠤᠷᠠᠰᠬᠠᠵᠦ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠤᠭᠤᠨ ᠤ ᠨᠠᠶᠢᠷ ᠢ ᠦᠪᠡᠳᠡᠭᠰᠢ ᠶᠡᠬᠡᠪᠡᠷ ᠬᠢᠵᠦ᠂ ᠲᠡᠯᠡᠬᠡᠢ ᠨᠡᠶᠢᠳᠡ ᠳᠤ ᠨᠤᠲᠤᠭ ᠤᠷᠤᠨ ᠤ ᠪᠠᠨ ᠠᠯᠳᠠᠷ ᠢ ᠲᠠᠭᠤᠷᠢᠰᠤᠭᠤᠯᠤᠭᠰᠠᠨ ᠪᠠᠶᠢᠨ᠎ᠠ᠃ ᠴᠠᠭᠠᠨ ᠠᠳᠤᠭᠤᠨ ᠰᠤᠶᠤᠯ ᠢ ᠳᠡᠯᠡᠬᠡᠢ ᠳᠤ ᠭᠠᠶᠢᠬᠠᠭᠤᠯᠤᠭᠰᠠᠨ ᠡᠨᠡ ᠤᠳᠠᠭᠠᠨ ᠤ ᠨᠠᠶᠢᠷ ᠤᠨ ᠪᠦᠬᠦ ᠶᠠᠪᠤᠴᠠ ᠠᠴᠠ ᠲᠡᠷᠡ ᠤᠯᠠᠨ ᠲᠤᠭᠠᠨ ᠤ ᠴᠠᠭᠠᠨ ᠠᠳᠤᠭᠤᠳ ᠬᠤᠨ ᠤ ᠰᠦᠷᠦᠭ ᠮᠡᠳᠦ᠂ ᠲᠤᠷᠭᠠᠨ ᠨᠤᠭᠤᠭᠠᠨ ᠲᠠᠯ᠎ᠠ ᠳᠤ ᠳᠡᠪᠬᠡᠷᠡᠯᠳᠦᠨ᠎ᠡ᠂ ᠴᠠᠭᠠᠨ ᠮᠤᠷᠢᠨ ᠤ ᠤᠷᠤᠯᠳᠤᠭᠠᠨ᠂ ᠴᠠᠭᠠᠨ ᠦᠷᠢᠶ᠎ᠡ ᠶᠢᠨ ᠤᠷᠤᠯᠳᠤᠭᠠᠨ᠂ ᠴᠠᠭᠠᠨ ᠲᠠᠭ᠎ᠠ ᠶᠢᠨ ᠤᠷᠤᠯᠳᠤᠭᠠᠨ ᠴᠤᠭ ᠵᠢᠪᠬᠤᠭ᠎ᠠ ᠲᠠᠢ ᠶᠠᠪᠤᠭᠳᠠᠨ᠎ᠠ᠂ ᠬᠤᠭᠤᠯᠠᠢ ᠰᠢᠷᠭᠤᠭ᠎ᠠ ᠶᠢᠨ ᠲᠤᠮᠳᠠᠭᠤᠷ ᠴᠠᠭᠠᠨ ᠠᠵᠢᠷᠭ᠎ᠠ ᠲᠠᠯ ᠪᠤᠰᠬᠠᠨ ᠲᠠᠭᠠᠷᠢᠨ ᠲᠡᠭᠦᠯᠢᠨ᠎ᠡ᠂ ᠵᠡᠯᠡᠯᠡᠭᠰᠡᠨ ᠤᠨᠠᠭ᠎ᠠ ᠰᠠᠭᠠᠭᠰᠠᠨ ᠭᠡᠭᠦᠤ ᠴᠦᠮ ᠴᠠᠭᠠᠨ ᠵᠢᠰᠦᠮ ᠢᠶᠠᠷ ᠮᠠᠯᠮᠠᠢ ᠮᠢᠯᠢᠶᠡᠨ᠎ᠡ᠂ ᠤᠨᠤᠭᠰᠠᠨ ᠮᠤᠷᠢᠳ ᠨᠢ ᠴᠠᠭᠠᠨ ᠪᠤᠶᠤ ᠴᠠᠠᠭᠠᠨ ᠰᠠᠷᠠᠯ ᠠᠭᠳᠠ ᠤᠳ ᠠᠮᠠᠭᠠᠢ ᠬᠦᠨᠳᠦᠷᠤᠨ ᠵᠤᠤᠵᠠᠢ ᠬᠤᠯᠪᠤᠨ ᠲᠠᠪᠬᠢᠯᠳᠤᠨ᠎ᠠ᠂ ᠴᠠᠭᠠᠨ ᠭᠡᠭᠦᠤ ᠶᠢᠨ ᠴᠡᠭᠡ ᠪᠠᠷ ᠤᠮᠳᠠ ᠬᠠᠷᠢᠭᠤᠯᠤᠨ᠎ᠠ᠂ ᠶᠠᠭᠠᠬᠢᠭᠰᠠᠨ ᠴᠤᠭ ᠵᠢᠪᠬᠤᠭᠠᠯᠢᠭ ᠴᠠᠭᠠᠨ ᠠᠳᠤᠭᠤᠨ ᠤ ᠵᠠᠩ ᠦᠢᠯᠡ ᠶᠢᠨ ᠪᠦᠷᠢᠨ ᠲᠤᠰᠬᠠᠯ᠂ ᠲᠡᠯᠡᠬᠡᠢ ᠳᠤ ᠬᠤᠪᠤᠷᠬᠠᠨ ᠠᠮᠢᠳᠤᠷᠠᠯ ᠦᠢᠯᠡᠰ ᠤᠨ ᠲᠡᠭᠡᠳᠦ ᠲᠦᠪᠰᠢᠨ ᠪᠤᠯᠬᠤ ᠠᠵᠠᠢ᠃      2014 ᠤᠨ ᠳᠤ᠂ ᠲᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ᠂ ᠤᠯᠤᠰ ᠤᠨ ᠠᠳᠤᠭᠤᠨ ᠤ ᠦᠢᠯᠡᠰ ᠤᠨ ᠵᠢᠭᠤᠴᠢᠯᠠᠭᠤᠷ ᠤᠨ ᠲᠦᠪ ᠵᠢᠴᠢ ᠦᠪᠦᠷ ᠮᠤᠩᠭᠤᠯ ᠤᠨ ᠰᠢᠯᠢ ᠶᠢᠨ ᠭᠤᠤᠯ ᠠᠶᠢᠮᠠᠭ  ᠤᠨ ᠠᠳᠤᠭᠤᠨ ᠤ ᠦᠢᠯᠡᠰ ᠤᠨ ᠨᠡᠶᠢᠭᠡᠮᠯᠢᠭ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠤᠭᠤᠨ ᠤ ᠨᠡᠶᠢᠭᠡᠮᠯᠢᠭ ᠠᠴᠠ ᠭᠤᠤᠯᠯᠠᠨ ᠡᠷᠬᠢᠯᠡᠭᠰᠡᠨ ︽ᠬᠤᠶᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ ᠤᠨ ᠰᠤᠶᠤᠯ ᠤᠨ ᠨᠠᠶᠢᠷ ᠵᠢᠴᠢ ᠲᠤᠮᠳᠠᠳᠤ ᠤᠯᠤᠰ ᠤᠨ ᠠᠳᠤᠭᠤᠨ ᠤ ᠰᠤᠶᠤᠯ ᠤᠷᠠᠯᠢᠭ ᠰᠤᠳᠤᠯᠤᠯ ᠤᠨ ᠬᠦᠷᠢᠶᠡᠯᠡᠩ ᠪᠠᠶᠢᠭᠤᠯᠤᠭᠳᠠᠭᠰᠠᠨ ᠢᠶᠠᠨ ᠪᠡᠯᠭᠡᠯᠡᠬᠦ ᠠᠵᠢᠯᠯᠠᠭ᠎ᠠ︾ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠢᠩᠬᠢᠮ ᠤᠨ ᠦᠪᠦᠷ ᠮᠤᠩᠭᠤᠯ ᠤᠨ ᠲᠢᠩᠬᠢᠮ ᠳᠤ ᠦᠪᠡᠳᠡᠭᠰᠢ ᠶᠠᠪᠤᠭᠳᠠᠵᠠᠢ᠃ ᠡᠨᠡ ᠤᠳᠠᠭ᠎ᠠ ᠶᠢᠨ ᠰᠤᠶᠤᠯ ᠤᠨ ᠨᠠᠶᠢᠷ ᠤᠨ ᠰᠢᠷᠢᠰ ᠠᠵᠢᠯᠯᠠᠭ᠎ᠠ ᠳᠤ᠂ ︽ᠠᠷᠪᠠᠨ ᠰᠢᠯᠢᠳᠡᠭ ᠴᠠᠭᠠᠨ ᠰᠦᠷᠦᠭ︾ ᠤᠨ ᠰᠢᠯᠭᠠᠷᠠᠭᠤᠯᠤᠯᠳᠠ᠂ ︽ᠠᠷᠪᠠᠨ ᠰᠢᠯᠢᠳᠡᠭ ᠴᠠᠭᠠᠨ ᠠᠳᠤᠭᠤᠨ ᠤ ᠭᠡᠷᠡᠯ ᠵᠢᠷᠤᠭᠴᠢ︾ ᠶᠢᠨ ᠲᠡᠯᠭᠡᠨ ᠦᠵᠡᠭᠦᠯᠦᠯᠭᠡ  ᠶᠢᠨ ᠠᠳᠠᠯᠢᠳᠬᠠᠯ ᠵᠢᠴᠢ ︽ᠠᠳᠤᠭᠤᠨ ᠰᠤᠶᠤᠯ ᠤᠨ ᠤᠷᠠᠯᠢᠭ ᠮᠡᠷᠭᠡᠵᠢᠯ ᠤᠨ ᠪᠦᠳᠦᠭᠡᠯ ᠤᠨ ᠦᠵᠡᠭᠦᠯᠦᠯᠭᠡ︾᠂ ︽ᠲᠤᠮᠳᠠᠳᠤ ᠤᠯᠤᠰ ᠤᠨ ᠠᠳᠤᠭᠤᠨ ᠰᠤᠶᠤᠯ ᠤᠨ ᠮᠦᠽᠸᠢ ᠶᠢᠨ ᠤᠨ ᠤ ᠲᠡᠯᠭᠡᠨ ᠦᠵᠡᠭᠦᠯᠦᠯᠭᠡ︾ ᠵᠡᠷᠭᠡ ᠤᠯᠠᠨ ᠵᠦᠢᠯ ᠤᠨ ᠬᠠᠪᠤᠯᠢᠭ ᠰᠠᠶᠢᠬᠠᠨ ᠪᠠᠶᠠᠯᠢᠭ ᠠᠭᠤᠯᠭ᠎ᠠ ᠨᠢ ᠦᠷᠭᠡᠨ ᠤᠯᠠᠨ ᠠᠳᠤᠭᠤ ᠪᠠᠨ ᠬᠠᠶᠢᠷᠠᠯᠠᠳᠠᠭ ᠬᠦᠮᠦᠰ ᠢ ᠤᠷᠠᠯᠢᠭ ᠤᠨ ᠶᠢᠷᠳᠢᠨᠴᠤ ᠳᠤ ᠤᠮᠪᠠᠭᠤᠯᠤᠭᠰᠠᠨ ᠰᠤᠶᠤᠯ ᠤᠨ ᠦᠪᠡᠳᠡᠭᠰᠢ ᠲᠠᠶᠢᠯᠠᠯᠭ᠎ᠠ ᠪᠤᠯᠤᠭᠰᠠᠨ ᠪᠠᠶᠢᠨ᠎ᠠ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠳ᠋ ᠬᠤᠷᠢᠶᠠᠨ ᠲᠠᠷᠤᠭ᠎ᠠ ᠪᠦᠬᠡ ᠠᠴᠠ ︽ᠲᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠭᠡᠬᠦ ᠪᠢᠴᠢᠭᠡᠰᠦ ᠪᠢᠴᠢᠵᠦ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠠᠷᠢᠭᠦᠯᠡᠭᠴᠢ ᠮᠦᠩᠬᠡ ᠳᠤ ᠭᠠᠷᠳᠠᠭᠤᠯᠤᠭᠰᠠᠨ  ᠨᠢ ᠪᠠᠰᠠ ᠨᠢᠭᠡᠨ ᠲᠡᠤᠬᠡᠨ ᠶᠠᠪᠤᠳᠠᠯ ᠪᠤᠯᠵᠦ ᠲᠡᠮᠳᠡᠭᠯᠡᠭᠳᠡᠪᠡ᠃                 ᠬᠤᠶᠠᠷ  ᠰᠤᠳᠤᠯᠤᠨ ᠶᠠᠷᠢᠯᠴᠠᠬᠤ ᠬᠤᠷᠠᠯ ᠤᠨ ᠲᠦᠬᠦᠮ ᠲᠡᠮᠳᠡᠭᠯᠡᠯ      ᠤᠯᠠᠭᠴᠢᠨ ᠲᠡᠬᠢᠶ᠎ᠠ ᠵᠢᠯ ᠤᠨ ᠵᠤᠨ ᠤ ᠰᠡᠭᠦᠯ ᠰᠠᠷ᠎ᠠ ᠶᠢᠨ ᠰᠢᠨ᠎ᠡ ᠶᠢᠨ ᠬᠤᠶᠠᠷ ᠤᠨ ᠬᠠᠷᠠᠭᠴᠢᠨ ᠬᠤᠨᠢᠨ ᠡᠳᠦᠷ ᠪᠠᠶᠢᠯ᠎ᠠ᠃ ᠪᠦᠭᠴᠢᠮ᠎ᠡ ᠬᠠᠯᠠᠭᠤᠨ᠂ ᠴᠡᠩᠭᠡᠷ ᠤᠭᠳᠠᠷᠭᠤᠢ ᠳᠤ ᠬᠠᠶᠠ ᠬᠤᠷᠠᠭᠠᠨ ᠡᠭᠦᠯᠡ ᠨᠡᠭᠦᠵᠦ᠂ ᠠᠯᠤᠰ  ᠲᠤ ᠠᠭᠤᠯᠠᠰ ᠤᠨ ᠪᠠᠷ᠎ᠠ ᠤᠯᠠᠭᠠᠨ ᠨᠢᠴᠦᠭᠦᠨ ᠬᠠᠷᠠᠭᠳᠠᠵᠦ᠂ ᠭᠤᠤ ᠰᠤᠪᠠᠭ ᠢᠶᠠᠷ ᠨᠢ ᠨᠤᠭᠤᠭᠠᠨ ᠦᠩᠭᠡ ᠰᠠᠭᠤᠨ᠎ᠠ᠃ ᠶᠡᠭᠡ ᠯᠡ ᠭᠠᠩᠰᠢᠩᠭᠤᠢ ᠪᠠᠶᠢᠬᠤ ᠨᠢ ᠲᠤᠲᠤᠷᠠᠨ᠎ᠠ᠃ ᠤᠶᠢᠷ᠎ᠠ ᠶᠢᠨ ᠬᠡᠳᠦᠨ ᠡᠳᠦᠷ ᠤᠨ 30 ᠭᠷᠠᠳᠦ᠋ᠰ  ᠠᠴᠠ ᠲᠡᠭᠡᠭᠰᠢᠬᠢ ᠦᠨᠳᠦᠷ ᠬᠠᠯᠠᠭᠤᠨ ᠨᠢ ᠬᠦᠮᠦᠨ ᠮᠠᠯ ᠢ ᠠᠷᠭ᠎ᠠ ᠪᠠᠷᠠᠭᠳᠠᠭᠤᠯᠤᠨ᠎ᠠ᠃      ᠦᠳᠡ ᠠᠴᠠ ᠬᠤᠶᠢᠰᠢ᠂ ᠵᠡᠭᠦᠨ ᠦᠵᠦᠮᠦᠴᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠰᠤᠮᠢᠶ᠎ᠠ ᠲᠡᠷᠢᠭᠦᠳᠡᠢ ᠲᠤᠩᠭᠠᠯᠠᠭ᠂ ᠷᠢ᠊  ᠰᠡᠴᠡᠨᠳᠦ ᠪᠢᠳᠡ ᠲᠦᠷᠪᠡᠭᠦᠯᠡ ᠪᠠᠷᠠᠭᠤᠨ ᠦᠵᠦᠮᠦᠴᠢᠨ ᠬᠤᠰᠢᠭᠤᠨ ᠳᠤ ᠴᠠᠭᠠᠨ ᠠᠳᠤᠭᠤᠨ ᠤ ᠰᠤᠳᠤᠯᠭᠠᠨ ᠤ ᠬᠤᠷᠠᠯ ᠳᠤ ᠤᠷᠤᠯᠴᠠᠬᠤ ᠪᠠᠷ ᠬᠦᠷᠦᠯᠴᠡᠭᠰᠡᠨ ᠶᠤᠮ᠃ ᠪᠢᠳᠡ ᠪᠠᠯᠭᠠᠷᠭᠤᠤᠯ ᠪᠠᠯᠭᠠᠰᠤᠨ ᠳᠤ ᠬᠦᠷᠴᠦ ︽ᠦᠵᠦᠮᠦᠴᠢᠨ ᠪᠠᠭᠤᠳᠠᠯ︾ ᠳᠤ ᠨᠠᠷ᠎ᠠ ᠮᠡᠳᠡᠭᠦᠯᠦᠨ ᠰᠠᠭᠤᠭᠰᠠᠨ ᠶᠤᠮ᠃ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠮᠦᠩᠭᠡ ᠭᠤᠸᠠᠢ ᠪᠢᠳᠡᠨ ᠢ ᠤᠭᠳᠤᠨ ᠠᠪᠤᠭᠰᠠᠨ ᠪᠦᠭᠡᠳ ᠬᠤᠷᠠᠯ ᠤᠨ ᠶᠠᠪᠤᠴᠠ ᠶᠢᠨ ᠲᠤᠬᠠᠢ ᠲᠦᠬᠦᠮ ᠲᠠᠨᠢᠯᠴᠠᠭᠤᠯᠤᠨ ᠶᠠᠷᠢᠵᠦ ᠦᠭᠭᠦᠭᠰᠡᠨ᠃      ᠰᠢᠨ᠎ᠡ ᠶᠢᠨ ᠭᠤᠷᠪᠠᠨ ᠪᠠᠶᠠᠨ ᠤᠪᠤᠭᠠᠨ ᠤ ᠲᠠᠬᠢᠯᠭ᠎ᠠ ᠶᠢᠨ ᠡᠳᠦᠷ ᠪᠠᠶᠢᠵᠦ ᠪᠢᠯᠡ᠃ ᠡᠨᠡ ᠡᠳᠦᠷ ᠪᠠᠶᠠᠨ ᠤᠪᠤᠭᠠᠨ ᠲᠠᠬᠢᠯᠭ᠎ᠠ ᠯᠤᠤᠰ ᠪᠠᠶᠠᠰᠬᠤ ᠡᠳᠦᠷ ᠰᠢᠤ᠂ ᠦᠳᠡ ᠠᠴᠠ ᠬᠤᠶᠢᠰᠢ ᠪᠤᠷᠤᠭᠠᠨ ᠤᠷᠤᠨ᠎ᠠ ᠳ᠋ᠠ ᠭᠡᠪᠡᠯ ᠮᠡᠨ  ᠤ ᠨᠦᠬᠦᠭᠡ ᠬᠡᠳᠦᠭᠦᠯᠡ᠄ ︽ᠲᠡᠶᠢᠮᠦ ᠪᠤᠯ ᠬᠦᠮᠦᠨ ᠮᠠᠯ ᠦᠭᠡᠢ ᠪᠠᠶᠠᠷᠯᠠᠨ᠎ᠠ᠂ ᠡᠨᠡ ᠭᠠᠩ ᠲᠠᠶᠢᠯᠤᠭᠳᠠᠪᠠᠯ ᠶᠠᠮᠠᠷ ᠰᠠᠶᠢᠨ ᠪᠤᠢ᠂ ᠴᠢᠨᠤ ᠠᠮᠠ ᠶᠢ ᠲᠤᠰᠤᠯᠠᠮᠠᠷ ᠪᠠᠶᠢᠨ᠎ᠠ︾ ᠭᠡᠵᠡᠭᠡᠨ᠎ᠡ᠃ ᠮᠦᠩᠭᠡ ᠲᠠᠷᠤᠭ᠎ᠠ ᠶᠢᠨ ᠲᠠᠭᠠᠭᠤᠯᠭ᠎ᠠ ᠪᠠᠷ ᠮᠠᠨ ᠤ ᠬᠤᠷᠠᠯ ᠤᠨ ᠬᠦᠮᠦᠰ ᠭᠤᠷᠪᠠᠨ ᠲᠡᠷᠭᠡᠨ ᠳᠤ ᠬᠤᠪᠢᠶᠠᠨ ᠰᠠᠭᠤᠵᠦ ᠪᠠᠯᠭᠠᠷᠭᠤᠤᠯ ᠠᠴᠠ ᠮᠤᠷᠳᠡᠵᠦ᠂ ᠵᠡᠭᠦᠨ ᠬᠤᠶᠢᠳᠦ ᠵᠦᠭ ᠤᠯᠠᠭᠠᠨ ᠬᠠᠭᠠᠯᠭ᠎ᠠ ᠰᠤᠮᠤ ᠶᠢᠨ ᠡᠷᠬᠡᠳᠦ ᠤᠪᠤᠭ᠎ᠠ ᠭᠠᠴᠠᠭ᠎ᠠ ᠶᠢ ᠴᠢᠭᠯᠡᠪᠡ᠃ ᠵᠠᠮ ᠤᠨ ᠲᠤᠮᠳᠠ ᠤᠯᠠᠭᠠᠨ ᠬᠠᠭᠠᠯᠭ᠎ᠠ ᠰᠦᠮ᠎ᠡ ᠶᠢ ᠲᠠᠮᠵᠢᠬᠤ ᠳᠤ ᠪᠢ ᠦᠭᠡ ᠡᠯᠭᠦᠵᠦ᠄ ︽ᠡᠨᠡ ᠰᠦᠮ᠎ᠡ ᠶᠢᠨ ᠲᠡᠭᠡᠳᠦ ᠦᠶ᠎ᠡ ᠶᠢᠨ ᠭᠡᠭᠡᠨᠳᠡᠨ ᠢᠶᠠᠷ ᠶᠦᠭᠵᠦᠷ ᠯᠠᠮᠨᠬᠠᠢ ᠶᠢᠨ ᠰᠦᠮ᠎ᠡ ᠳᠤ ᠰᠠᠭᠠᠳᠠᠵᠦ ᠪᠠᠶᠢᠬᠤ ᠳᠠᠭᠠᠨ᠂ ᠲᠡᠨᠳᠡ ᠠᠴᠠ ᠰᠦᠮ᠎ᠡ ᠶᠢᠨ ᠭᠡᠷᠬᠢᠮᠳᠡᠨ ᠳᠡᠭᠡᠨ ᠦᠭᠡ ᠬᠡᠯᠡᠭᠦᠯᠵᠦ᠄ ︽ᠪᠢ ᠤᠯᠠᠨ ᠠᠮᠢᠳᠠᠨ ᠤ ᠡᠪᠡᠳᠴᠢᠨ ᠵᠤᠪᠠᠯᠠᠩ ᠢ ᠠᠷᠢᠯᠭᠠᠬᠤ ᠶᠢᠨ ᠲᠤᠰᠠᠳᠠ ᠨᠤᠲᠤᠭ ᠲᠠᠭᠠᠨ ᠷᠠᠰᠢᠶᠠᠨ ᠭᠠᠷᠭᠠᠨ᠎ᠠ᠂ ᠲᠠᠨᠠᠷ ᠰᠦᠮ᠎ᠡ ᠶᠢᠨ ᠬᠠᠪᠢ ︵ᠷᠠᠰᠢᠶᠠᠨ ᠪᠠᠶᠢᠬᠤ ᠭᠠᠵᠠᠷ︶ ᠪᠠᠷ ᠬᠤᠳᠳᠤᠭ ᠮᠠᠯᠳᠠᠨ ᠭᠠᠷᠭᠠᠭᠠᠳ ᠨᠠᠳᠠᠳᠤ ᠴᠢᠮᠡᠭᠡ ᠢᠷᠡᠭᠦᠯ︕︾ ᠭᠡᠵᠡᠢ᠃ ᠪᠠᠭᠰᠢ ᠭᠡᠭᠡᠨ ᠤ ᠠᠶᠢᠯᠠᠳᠤᠯ ᠢᠶᠠᠷ ᠲᠡᠷᠡ ᠭᠠᠵᠠᠷ ᠨᠢ ᠬᠤᠳᠳᠤᠭ ᠢᠶᠠᠨ ᠭᠠᠷᠭᠠᠮᠠᠭᠴᠠ ᠨᠢᠭᠡ ᠯᠠᠮᠠ ᠲᠠᠪᠬᠢᠭᠤᠯᠵᠦ ᠠᠶᠢᠯᠠᠳᠬᠠᠭᠰᠠᠨ ᠳᠤ ᠪᠠᠭᠰᠢ ᠭᠡᠭᠡᠨ ᠲᠤᠤᠷ᠎ᠠ ᠪᠠᠨ ᠲᠡᠷᠡ ᠤᠴᠢᠭᠰᠠᠨ ᠯᠠᠮᠠ ᠶᠢ ᠪᠡᠶ᠎ᠡ ᠪᠠᠷ ᠢᠶᠠᠨ ᠲᠠᠭᠠᠭᠤᠯᠤᠨ᠂ ᠬᠦᠨᠳᠡᠯᠡᠨ ᠬᠠᠶᠢᠯᠠᠰᠤᠳᠤ ᠶᠢᠨ ᠷᠠᠰᠢᠶᠠᠨ ᠠᠴᠠ ᠴᠠᠪᠡᠷ ᠰᠠᠪᠠᠨ ᠳᠤ ᠵᠠᠯᠠᠵᠦ ᠠᠪᠴᠤ ᠦᠭᠭᠦᠭᠡᠳ ᠰᠢᠭᠤᠳ ᠪᠤᠴᠠᠭᠠᠵᠠᠢ᠃ ᠲᠡᠷᠡ ᠯᠠᠮᠠ ᠷᠠᠰᠢᠶᠠᠨ ᠢᠶᠠᠨ ᠠᠪᠴᠤ ᠦᠷ ᠤᠨ ᠬᠠᠷᠠᠩᠭᠤᠢ ᠪᠠᠷ ᠮᠤᠷᠳᠠᠵᠦ ᠲᠠᠪᠬᠢᠭᠰᠠᠭᠠᠷ ᠤᠷᠤᠢ ᠶᠢᠨ ᠲᠤᠭᠤᠭ᠎ᠠ ᠲᠠᠯᠪᠢᠬᠤ ᠦᠶ᠎ᠡ ᠪᠠᠷ ᠤᠯᠠᠭᠠᠨ ᠬᠠᠭᠠᠯᠭ᠎ᠠ ᠰᠦᠮ᠎ᠡ ᠳᠡᠭᠡᠨ ᠢᠷᠡᠵᠦ ᠲᠡᠷᠡ ᠬᠤᠳᠳᠤᠭ ᠲᠤ ᠷᠠᠰᠢᠶᠠᠨ ᠢᠶᠠᠨ ᠵᠠᠯᠠᠭᠰᠠᠨ ᠪᠠᠶᠢᠵᠠᠢ ᠃  ᠢᠩᠭᠢᠭᠡᠳ ᠶᠦᠭᠵᠦᠷ ᠯᠠᠮᠠᠬᠠᠢ ᠶᠢᠨ ᠰᠦᠮ᠎ᠡ ᠬᠠᠪᠢ ᠶᠢᠨ ᠬᠦᠨᠳᠡᠯᠡᠨ ᠬᠠᠶᠢᠯᠠᠰᠤᠳᠤ ᠶᠢᠨ ᠷᠠᠰᠢᠶᠠᠨ ᠠᠴᠠ ᠤᠪᠠᠳᠢᠰ ᠤᠨ ᠬᠦᠴᠦᠨ ᠢᠶᠠᠷ ᠷᠠᠰᠢᠶᠠᠨ ᠵᠠᠯᠠᠨ ᠰᠢᠯᠵᠢᠭᠦᠯᠦᠭᠰᠡᠨ ᠢᠶᠠᠷ ᠤᠯᠠᠭᠠᠨ ᠬᠠᠭᠠᠯᠭ᠎ᠠ ᠰᠦᠮ᠎ᠡ ᠨᠢ ᠬᠦᠮᠦᠨ ᠠᠮᠢᠳᠠᠨ ᠤ ᠡᠪᠡᠳᠴᠢᠨ ᠢ ᠠᠷᠬᠠᠭ ᠢ ᠠᠷᠢᠯᠭᠠᠬᠤ ᠠᠷᠢᠭᠤᠨ ᠲᠤᠩᠭᠠᠯᠠᠭ ᠷᠠᠰᠢᠶᠠᠨ ᠲᠠᠢ ᠪᠤᠯᠤᠯ᠎ᠠ ᠭᠡᠳᠡᠭ᠃ ᠲᠡᠷᠡ ᠷᠠᠰᠢᠶᠠᠨ ᠨᠢ ᠡᠨᠡ ᠰᠦᠮ᠎ᠡ ᠠᠴᠠ ᠬᠠᠮᠢᠭᠠᠰᠢ ᠪᠠᠶᠢᠬᠤ ᠪᠤᠢ ᠭᠡᠬᠦ ᠳᠤ᠂ ᠨᠢᠭᠡ ᠵᠠᠯᠠᠭᠤ᠄ ︽ᠠᠳᠡ ᠠᠴᠠ ᠵᠡᠭᠦᠨ ᠤᠷᠤᠭᠰᠢ ᠪᠠᠶᠢᠨ᠎ᠠ︾᠂ ︽ᠬᠡᠳᠦᠢ ᠬᠤᠯᠠ ᠪᠠᠶᠢᠬᠤ ᠪᠤᠢ︖︾ ᠭᠡᠪᠡᠯ ︽ᠪᠠᠷᠤᠭ ᠭᠤᠴᠢ ᠲᠦᠴᠢᠭᠡᠳ ᠭᠠᠵᠠᠷ ᠪᠠᠶᠢᠨ᠎ᠠ︾ ᠭᠡᠬᠦ ᠶᠤᠮ᠃ ᠡᠨᠡᠬᠦ ᠬᠠᠭᠠᠯᠭ᠎ᠠ ᠶᠢᠨ ᠷᠠᠰᠢᠶᠠᠨ ᠨᠢ ᠤᠳᠤ ᠶᠢᠨ ᠤᠯᠠᠭᠠᠨ ᠬᠠᠭᠠᠯᠭ᠎ᠠ ᠰᠤᠮᠤᠨ ᠤ ᠰᠠᠷᠠᠭᠤᠯ ᠭᠠᠴᠠᠭ᠎ᠠ ᠶᠢᠨ ᠨᠤᠲᠤᠭ ᠲᠤ ᠬᠠᠷᠢᠶᠠᠯᠠᠭᠳᠠᠵᠦ ᠪᠤᠢ᠃ ᠢᠩᠬᠢᠵᠦ ᠶᠠᠷᠢᠯᠴᠠᠭᠰᠠᠭᠠᠷ ᠡᠷᠭᠡᠳᠦ ᠭᠠᠴᠠᠭ᠎ᠠ ᠶᠢᠨ ᠨᠤᠭᠤᠭᠠᠨ ᠲᠠᠯ ᠳᠤ ᠵᠢᠭᠳᠡᠯᠡᠨ ᠪᠠᠷᠢᠭᠰᠠᠨ ᠬᠡᠳᠦᠨ ᠠᠶᠢᠯ ᠭᠡᠷ ᠤᠨ ᠭᠠᠳᠠᠨ᠎ᠠ ᠢᠷᠡᠪᠡ᠃ ᠲᠡᠷᠭᠡᠨ ᠠᠴᠠ ᠪᠠᠭᠤᠪᠠᠯ ᠭᠡᠷ ᠠᠴᠠ ᠤᠷᠤᠭᠰᠢ ᠨᠡᠯᠢᠶᠡᠳ ᠵᠠᠢ ᠲᠠᠢ ᠭᠠᠵᠠᠷ ᠤᠨᠠᠭ᠎ᠠ ᠵᠡᠯᠡᠯᠡᠨ ᠤᠶᠠᠵᠦ᠂ ᠤᠷᠳᠤ ᠵᠡᠯ᠎ᠡ ᠠᠴᠠ ᠬᠡᠳᠦᠨ ᠲᠡᠯ  ᠨᠢ ᠤᠷᠳᠤᠯᠠᠭᠰᠠᠨ ᠴᠠᠭᠠᠨ ᠠᠵᠢᠷᠭ᠎ᠠ᠂ ᠤᠯᠠᠨ ᠴᠠᠭᠠᠨ ᠬᠡᠭᠦᠳ ᠢ ᠤᠶᠠᠭᠰᠠᠨ ᠪᠠᠶᠢᠯ᠎ᠠ᠃ ᠪᠢᠳᠡᠨ ᠢ ᠬᠦᠷᠬᠦ ᠳᠤ᠂ ᠤᠷᠤᠯᠳᠤᠭᠠᠨ ᠤ ᠮᠤᠷᠢᠳ ᠶᠠᠪᠤᠬᠤ ᠪᠠᠷ ᠪᠡᠯᠡᠳᠦᠨ ᠰᠠᠩ ᠡᠷᠬᠢᠵᠦ ᠪᠠᠶᠢᠬᠤ ᠨᠢ ᠦᠵᠡᠭᠴᠢᠳ ᠤᠨ ᠠᠩᠬᠠᠷᠤᠯ ᠢ ᠲᠡᠳᠡᠨ᠎ᠡ᠃ ᠢᠩᠭᠢᠭᠡᠳ ᠡᠷᠬᠡᠳᠦ ᠤᠪᠤᠭ᠎ᠠ ᠭᠠᠴᠠᠭ᠎ᠠ ᠶᠢᠨ ︽ᠦᠵᠦᠮᠦᠴᠢᠨ ᠴᠠᠭᠠᠨ ᠠᠳᠤᠭᠤᠨ ᠤ ᠲᠤᠰᠬᠠᠢ ᠬᠤᠷᠰᠢᠶᠡᠯᠡᠯ︾ ᠠᠴᠠ ᠮᠠᠨ ᠤ ᠰᠤᠳᠤᠯᠤᠨ ᠶᠠᠷᠢᠯᠴᠠᠬᠤ ᠬᠤᠷᠠᠯ ᠤᠨ ᠪᠦᠬᠦ ᠪᠦᠷᠢᠯᠳᠦᠭᠦᠨ ᠳᠤ ᠴᠠᠭᠠᠨ ᠮᠤᠷᠢᠨ ᠤ ᠤᠷᠤᠯᠳᠤᠭᠠᠨ ᠤ ᠦᠵᠡᠭᠦᠯᠦᠯᠭᠡ ᠰᠤᠨᠢᠷᠬᠠᠭᠤᠯᠪᠠ᠃ ᠡᠨᠡ ᠤᠳᠠᠭᠠᠨ ᠤ ᠠᠯᠤᠰ ᠤᠨ ᠮᠤᠷᠢᠨ ᠤ ᠤᠷᠤᠯᠳᠤᠭᠠᠨ ᠳᠤ᠂ ᠦᠯᠵᠠᠶᠢᠬᠤᠳᠤᠭ ᠤᠨ ᠪᠤᠷᠤ ᠮᠤᠷᠢ ᠲᠡᠷᠢᠭᠦᠯᠡᠵᠦ᠂ ᠭᠡᠷᠡᠯᠳᠦ ᠶᠢᠨ ᠠᠯᠠᠭ ᠮᠤᠷᠢ ᠲᠡᠳ᠋ᠯᠡᠨ᠂ ᠲᠤᠭᠳᠠᠬᠤ ᠶᠢᠨ ᠰᠠᠷᠠᠯ ᠮᠤᠷᠢ ᠭᠤᠳᠠᠭᠠᠷᠯᠠᠵᠦ᠂ ᠪᠠᠶᠠᠨᠪᠠᠭᠠᠳᠤᠷ ᠤᠨ ᠪᠤᠷᠤ ᠮᠤᠷᠢ ᠲᠦᠳᠡᠭᠡᠷᠯᠡᠪᠡ᠃ ᠲᠠᠷᠠᠭ᠎ᠠ ᠨᠢ ᠴᠠᠭᠠᠨ ᠠᠳᠤᠭᠤᠨ ᠤ ᠰᠦᠷᠦᠭ ᠢ ᠴᠠᠶᠢᠯᠵᠠᠭᠤᠯᠤᠨ ᠬᠦᠭᠡᠭᠡᠵᠦ ᠢᠷᠡᠬᠦ ᠨᠢ ᠵᠢᠷᠤᠭ ᠮᠡᠳᠦ ᠭᠤᠶᠤᠬᠠᠨ᠃ ᠡᠨᠡ ᠦᠨᠡᠬᠡᠷ ᠡᠷᠳᠡ ᠦᠶ᠎ᠡ ᠶᠢᠨ ᠴᠢᠩᠭᠢᠰ ᠬᠠᠭᠠᠨ ᠪᠤᠯᠤᠨ ᠬᠤᠪᠢᠯᠠᠢ ᠬᠠᠭᠠᠨ ᠤ ᠠᠷᠪᠠᠨ ᠲᠦᠮᠡᠨ ᠴᠠᠭᠠᠨ ᠠᠳᠤᠭᠤ ᠶᠢ ᠡᠷᠬᠡ ᠦᠭᠡᠢ ᠪᠤᠳᠤᠭᠳᠠᠭᠤᠯᠤᠨ᠎ᠠ᠃ ᠠᠳᠤᠭᠤᠳ ᠢᠶᠠᠨ ᠤᠶᠢᠷᠠᠳᠤᠭᠤᠯᠤᠭᠠᠳ ᠤᠯᠠᠨ ᠤᠷᠭᠠᠴᠢᠳ ᠬᠤᠭᠤᠯᠠᠢ ᠰᠢᠷᠭᠤᠭ᠎ᠠ ᠲᠠᠯᠪᠢᠵᠦ ᠠᠵᠢᠷᠭ᠎ᠠ ᠲᠠᠭᠠᠷᠢᠭᠤᠯᠵᠦ᠂ ᠤᠷᠭᠠᠯᠠᠬᠤ ᠡᠷᠳᠡᠮ ᠢᠶᠠᠨ ᠦᠵᠡᠭᠦᠯᠦᠨ᠎ᠡ᠂ ᠡᠮᠨᠢᠭᠴᠢᠨ ᠠᠴᠠ ᠡᠮᠨᠢᠭ ᠴᠠᠭᠠᠨ ᠦᠷᠢᠶ᠎ᠡ ᠶᠢ ᠲᠤᠶᠢᠯᠠᠭᠤᠯᠤᠨ ᠡᠷ᠎ᠡ ᠵᠤᠷᠢᠭ ᠤᠨ ᠬᠦᠪᠴᠢ ᠰᠢᠯᠭᠠᠨ᠎ᠠ᠃ ᠡᠨᠡ ᠪᠦᠬᠦᠨ ᠨᠢ ᠦᠵᠦᠮᠦᠴᠢᠨ ᠨᠤᠲᠤᠭ  ᠤᠨ ᠪᠠᠶᠢᠭᠠᠯᠢᠯᠢᠭ ᠤᠨᠴᠠᠯᠢᠭ ᠠᠴᠠ ᠢᠯᠡᠷᠡᠬᠦ ᠨᠡᠭᠦᠳᠡᠯ ᠮᠠᠯᠵᠢᠯ ᠤᠨ ᠭᠠᠶᠢᠬᠠᠮᠰᠢᠭ ᠪᠤᠯᠬᠤ ᠮᠦᠷᠳᠡᠭᠡᠨ ᠴᠠᠭᠠᠨ ᠠᠳᠤᠭᠤᠨ ᠤ ᠪᠠᠭ᠋ᠠᠳᠤᠳ ᠤᠨ ᠤᠷᠮ᠎ᠠ ᠵᠤᠷᠢᠭ ᠢ ᠬᠦᠭᠵᠢᠭᠡᠨ᠎ᠡ᠃      ᠲᠤᠰ ᠴᠠᠭᠠᠨ ᠠᠳᠤᠭᠤᠨ ᠤ ᠲᠤᠰᠬᠠᠢ ᠬᠤᠷᠰᠢᠶᠡᠯᠡᠯ ᠤᠨ ᠡᠷᠬᠢᠯᠡᠭᠴᠢ ᠪᠤᠶᠠᠠᠳᠤ᠂ ᠲᠡᠳ᠋ ᠡᠷᠬᠢᠯᠡᠭᠴᠢ ᠬᠤᠪᠢᠰᠬᠠᠯᠳᠤ᠂ ᠨᠠᠷᠢᠨ ᠪᠢᠴᠢᠭᠡᠴᠢ ᠲᠠᠯᠠᠢ ᠨᠠᠷ ᠪᠠᠶᠢᠵᠦ᠂ ᠮᠠᠯᠴᠢᠳ ᠢᠶᠠᠨ ᠲᠠᠭᠠᠭᠤᠯᠤᠨ ᠴᠠᠭᠠᠨ ᠠᠳᠤᠭᠤᠨ ᠤ ᠡᠵᠡᠩᠨᠡᠯᠳᠡ ᠶᠢ ᠬᠢᠵᠦ᠂ ᠨᠤᠲᠤᠭ ᠪᠡᠯᠴᠢᠭᠡᠷ ᠢᠶᠠᠨ ᠦᠷᠭᠡᠳᠭᠡᠨ ᠴᠡᠭᠡ ᠰᠠᠭᠠᠯᠢ ᠶᠢᠨ ᠦᠢᠯᠡᠰ ᠢ ᠡᠷᠬᠢᠯᠡᠵᠦ᠂ ᠴᠠᠭᠠᠨ ᠰᠦᠷᠦᠭ ᠢᠶᠠᠨ ᠪᠦᠭᠡᠮᠨᠡᠷᠡᠭᠦᠯᠦᠨ ᠮᠠᠯᠵᠢᠬᠤ᠂ ᠦᠷᠡᠵᠢᠭᠦᠯᠦᠨ ᠪᠤᠶᠢᠵᠢᠭᠤᠯᠬᠤ ᠠᠵᠢᠯ ᠢ ᠬᠡᠳᠦᠨ ᠵᠢᠯ ᠬᠦᠴᠦᠳᠡᠢ ᠠᠳᠬᠤᠭᠰᠠᠨ ᠢᠶᠠᠷ ᠦᠨᠦ ᠪᠤᠯᠬᠤ ᠳᠤ ᠴᠠᠭᠠᠨ ᠠᠳᠤᠭᠤᠨ ᠤ ᠲᠤᠭ᠎ᠠ ᠲᠤᠯᠤᠭᠠᠢ 7 ᠲᠦᠮᠡ ᠶᠢ ᠲᠠᠪᠠᠭᠰᠠᠨ ᠭᠡᠵᠦ ᠲᠠᠨᠢᠯᠴᠠᠭᠤᠯᠤᠨ᠎ᠠ᠃ ᠪᠢᠳᠡ ᠴᠠᠭᠠᠨ ᠴᠡᠭᠡᠨ ᠤ ᠲᠠᠶᠢᠯᠠᠯᠭ᠎ᠠ ᠪᠠᠷ ᠵᠤᠴᠢᠯᠠᠭᠤᠯᠵᠦ᠂ ᠪᠠᠶᠠᠷ ᠲᠠᠯᠠᠷᠬᠠᠯ ᠢᠶᠠᠨ ᠢᠯᠡᠳᠭᠡᠭᠰᠡᠭᠡᠷ ᠠᠳᠡ ᠠᠴᠠ ᠰᠠᠯᠬᠤ ᠶᠤᠰᠤ ᠭᠦᠢᠴᠡᠳᠭᠡᠨ ᠪᠤᠴᠠᠯ᠎ᠠ᠃      ᠦᠳᠡ ᠠᠴᠠ ᠬᠤᠶᠢᠨ᠎ᠠ᠂ ᠮᠦᠩᠭᠡ ᠲᠠᠷᠤᠭ᠎ᠠ ᠶᠢᠨ ᠲᠠᠭᠠᠭᠤᠯᠭ᠎ᠠ ᠪᠠᠷ᠂ ᠪᠠᠷᠠᠭᠤᠨ ᠦᠵᠦᠮᠦᠴᠢᠨ ᠬᠤᠰᠢᠭᠤᠨ ᠤ ︽ᠡᠷ᠎ᠡ ᠶᠢᠨ ᠭᠤᠷᠪᠠᠨ ᠨᠠᠭᠠᠳᠤᠮ︾ ᠲᠡᠤᠬᠡ ᠶᠢᠨ ᠮᠦᠽᠸᠢ ᠶᠢᠨ ᠦᠵᠡᠰᠭᠦᠯᠡᠩ ᠤᠨ ᠠᠰᠠᠷ᠂ ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ ᠰᠡᠳᠭᠢᠯ ᠢ ᠲᠠᠳᠠᠬᠤ ᠬᠤᠳᠠ ᠪᠠᠯᠭᠠᠰᠤ ︽ᠲᠦᠯᠦᠪᠵᠢᠭᠦᠯᠭᠡ ᠶᠢᠨ ᠦᠵᠡᠭᠦᠯᠭᠡ ᠶᠢᠨ ᠭᠠᠵᠠᠷ︾᠂ ︽ᠲᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠭᠡᠬᠦ ᠱᠤᠭᠤᠮᠠᠯ ᠪᠠᠷᠢᠯᠭ᠎ᠠ ᠵᠡᠷᠭᠡ ᠮᠠᠰᠢ ᠤᠯᠠᠨ ᠬᠦᠭᠵᠢᠯᠳᠡ ᠶᠢᠨ ᠠᠤᠭ᠎ᠠ ᠲᠦᠷᠰᠦ ᠪᠠᠶᠢᠳᠠᠯ ᠢ ᠰᠤᠨᠢᠷᠬᠠᠵᠦ᠂ ᠤᠯᠠᠨ ᠰᠠᠶᠢᠬᠠᠨ ᠲᠦᠷᠦᠭᠳᠡᠯ ᠢ ᠡᠪᠦᠷᠯᠡᠭᠰᠡᠭᠡᠷ ᠤᠷᠮ᠎ᠠ ᠪᠠᠭ᠋ᠠᠳᠠᠢ ᠪᠠᠷ ᠨᠢᠭᠡ ᠡᠳᠦᠷ ᠤᠨ ᠡᠭᠦᠷᠭᠡ ᠪᠠᠨ ᠪᠡᠶᠡᠯᠡᠭᠦᠯᠪᠡ᠃ ᠪᠢᠳᠡᠨ ᠢ ᠲᠦᠩᠭᠡᠵᠢ ᠪᠠᠭᠤᠳᠠᠯ ᠳᠠᠭᠠᠨ ᠤᠷᠤᠬᠤ ᠳᠤ᠂ ᠡᠭᠦᠯᠡᠰᠢᠨ ᠪᠦᠷᠭᠦᠶᠢᠵᠦ ᠲᠡᠭᠷᠢ ᠲᠤᠤᠭᠠᠷᠴᠤ᠂ ᠵᠦᠭᠡᠯᠡᠨ ᠪᠤᠷᠤᠭᠠᠨ ᠤᠷᠤᠪᠠ᠃ ᠠᠭᠤᠷ ᠠᠮᠢᠰᠬᠤᠯ ᠰᠤᠷᠭᠤᠭᠵᠢᠨ ᠴᠡᠪᠡᠷᠰᠢᠵᠦ᠂ ᠠᠯᠠᠭ ᠴᠡᠴᠡᠭᠡᠰ ᠮᠦᠰᠢᠶᠡᠨ ᠠᠯᠳᠠᠨ ᠴᠡᠭᠴᠦᠬᠡᠢ ᠵᠢᠷᠬᠢᠨ ᠤᠷᠭᠤᠮᠠᠯ ᠮᠤᠳᠤᠳ ᠮᠦᠴᠢᠷ ᠲᠡᠯᠭᠡᠨ ᠪᠠᠶᠠᠰᠤᠨ᠎ᠠ᠃      ᠰᠢᠨ᠎ᠡ ᠶᠢᠨ ᠲᠦᠷᠪᠡᠨ ᠤ ᠡᠳᠦᠷ᠂ ᠪᠠᠶ᠋ᠬᠠᠠᠭᠤᠯᠠ ᠶᠢᠨ ᠡᠩᠭᠡᠷ ᠲᠤ᠂ ︽ᠴᠢᠩᠭᠢᠰ ᠬᠠᠭᠠᠨ ᠤ ᠴᠠᠭᠠᠨ ᠠᠳᠤᠭᠤ ᠬᠢᠭᠡᠳ ᠦᠵᠦᠮᠦᠴᠢᠨ ᠴᠠᠭᠠᠨ ᠠᠳᠤᠭᠤᠨ ᠤ ᠤᠳᠤᠮ ᠤᠭᠰᠢᠯ ᠢ ᠰᠤᠳᠤᠯᠤᠨ ᠶᠠᠷᠢᠯᠴᠠᠬᠤ ᠬᠤᠷᠠᠯ︾ ᠢ   ᠵᠢᠩᠬᠢᠨᠢ ᠪᠠᠷ ᠬᠤᠷᠠᠯᠳᠤᠭᠤᠯᠪᠠ᠃ ᠲᠤᠰ ᠡᠷᠳᠡᠮ ᠰᠢᠨᠵᠢᠯᠡᠭᠡᠨ ᠤ ᠬᠤᠷᠠᠯ ᠳᠤ ᠦᠪᠦᠷ ᠮᠤᠩᠭᠤᠯ ᠤᠨ ᠲᠠᠷᠢᠶᠠᠯᠠᠩ  ᠤᠨ ᠶᠡᠭᠡ ᠰᠤᠷᠭᠠᠭᠤᠯᠢ ᠶᠢᠨ ᠲᠡᠳ᠋ ᠲᠠᠷᠤᠭ᠎ᠠ᠂ ᠫᠷᠤᠹᠧᠰᠰᠤᠷ ᠮᠠᠩᠯᠠᠢ᠂ ᠮᠤᠩᠭᠤᠯ ᠰᠤᠳᠤᠯᠤᠯ ᠲᠦᠪ ᠤᠨ ᠡᠷᠬᠢᠯᠡᠭᠴᠢ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠤᠺᠲ᠋ᠤᠷ ᠤᠨ ᠵᠢᠯᠤᠭᠤᠳᠤᠭᠴᠢ ᠪᠠᠭᠰᠢ ᠴᠢᠮᠡᠳᠳᠤᠷᠵᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠭᠤᠯᠴᠢᠯᠠᠯ ᠤᠨ ᠰᠠᠯᠪᠤᠷᠢ  ᠶᠢᠨ ᠫᠷᠤᠹᠧᠰᠰᠤᠷ ᠪᠠᠶᠠᠠᠴᠠᠭᠠᠨ᠂ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠴᠢ᠊ ᠰᠡᠴᠡᠨ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠭᠠᠭᠤᠯᠢ ᠶᠢᠨ ᠮᠤᠩᠭᠤᠯ ᠰᠤᠳᠤᠯᠤᠯ  ᠤᠨ ᠬᠦᠷᠢᠶᠡᠯᠡᠩ ᠤᠨ ᠫᠷᠤᠹᠧᠰᠰᠤᠷ ᠨᠠᠰᠤᠠᠠᠦ᠋ᠯᠵᠠᠢ᠂ ᠲᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠫᠷᠤᠹᠧᠰᠰᠤᠷ ᠲᠦᠷᠦᠪᠠᠶᠠᠷ ᠵᠡᠷᠭᠡ ᠡᠷᠳᠡᠮᠳᠡᠨ ᠮᠡᠷᠭᠡᠳ ᠤᠷᠤᠯᠴᠠᠭᠰᠠᠨ ᠪᠦᠭᠡᠳ ᠡᠷᠳᠡᠮ ᠰᠢᠨᠵᠢᠯᠡᠭᠡᠨ ᠤ ᠦᠭᠦᠯᠡᠯ ᠪᠤᠶᠤ ᠶᠠᠷᠢᠶ᠎ᠠ ᠪᠠᠨ ᠨᠡᠶᠢᠳᠡᠯᠡᠪᠡ᠃      ᠪᠠᠰᠠ ᠠᠳᠤᠭᠤᠨ ᠦᠢᠯᠡᠰ ᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠠᠴᠠ ᠲᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠭᠡᠮᠯᠢᠭ ᠤᠨ ᠲᠡᠳ᠋ ᠨᠠᠷᠢᠨ ᠪᠢᠴᠢᠭ ᠤᠨ ᠲᠠᠷᠤᠭ᠎ᠠ ᠵᠠᠩ ᠴᠦᠨ᠂ ᠤᠤᠯ ᠤᠨ ᠠᠶᠢᠮᠠᠭ  ᠤᠨ ᠠᠷᠠᠳ ᠤᠨ ᠬᠤᠷᠠᠯ ᠤᠨ ᠠᠵᠢᠯᠯᠠᠬᠤ ᠬᠤᠷᠢᠶᠠᠨ ᠤ ᠲᠡᠳ᠋ ᠡᠷᠬᠢᠯᠡᠭᠴᠢ ᠠᠯᠳᠠᠠᠪᠤᠶᠠᠨ᠂ ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢᠨ ᠲᠠᠷᠤᠭ᠎ᠠ ᠲᠡᠷᠢᠭᠦᠨ᠂ ᠦᠪᠦᠷ ᠮᠤᠩᠭᠤᠯ ᠤᠨ ᠠᠳᠤᠭᠤᠨ ᠦᠢᠯᠡᠰ ᠤᠨ ᠨᠡᠶᠢᠭᠡᠮᠯᠢᠭ ᠤᠨ ᠨᠠᠷᠢᠨ ᠪᠢᠴᠢᠭ ᠤᠨ ᠲᠠᠷᠤᠭ᠎ᠠ ᠭᠤᠤ ᠰᠢᠤᠸᠠᠢ ᠹᠧᠩ ᠨᠠᠷ ᠬᠦᠷᠦᠯᠴᠠᠨ ᠢᠷᠡᠭᠰᠡᠨ ᠪᠠ ᠤᠷᠳᠤᠰ ᠬᠤᠳᠠ ᠶᠢᠨ ᠴᠢᠩᠭᠢᠰ ᠬᠠᠭᠠᠨ ᠤ ᠰᠤᠳᠤᠯᠤᠯ ᠤᠨ ᠬᠦᠷᠢᠶᠡᠯᠡᠩ ᠤᠨ ᠲᠠᠷᠤᠭ᠎ᠠ ᠸᠠᠴᠢᠷ᠂ ᠤᠤᠯ ᠤᠨ ᠤᠩᠭᠤᠨ ᠤ  ᠵᠢᠭᠤᠯᠴᠢᠯᠠᠯ ᠤᠨ ᠬᠠᠮᠢᠶᠠᠷᠤᠯᠳᠠ ᠶᠢᠨ ᠲᠡᠳ᠋ ᠡᠷᠬᠢᠯᠡᠭᠴᠢ ᠨᠠᠴᠤᠭ᠂ ᠸᠠᠩ ᠸᠧᠢ ᠳ᠋ᠦᠩ᠂ ᠮᠦᠩᠬᠡᠴᠢᠯᠠᠭᠤ᠂ ᠬᠠᠰ᠂ ᠵᠡᠭᠦᠨ ᠦᠵᠦᠮᠦᠴᠢᠨ ᠬᠤᠰᠢᠭᠤᠨ ᠠᠴᠠ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠰᠤᠮᠢᠶ᠎ᠠ᠂ ᠤ ᠶᠤᠨᠳᠤᠨ᠂ ᠪᠦᠬᠡᠬᠠᠳᠠ᠂ ᠲᠤᠩᠭᠠᠯᠠᠭ᠂ ᠷᠢ᠊  ᠰᠡᠴᠡᠨᠳᠤ ᠨᠠᠷ ᠢᠷᠡᠵᠦ ᠤᠷᠤᠯᠴᠠᠵᠠᠢ᠃ ᠬᠤᠷᠠᠯ ᠳᠤ ᠡᠯ᠎ᠡ ᠲᠤᠰᠬᠠᠢ ᠮᠡᠷᠭᠡᠵᠢᠯᠳᠠ᠂ ᠫᠷᠤᠹᠧᠰᠰᠤᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠵᠠᠰᠠᠭ  ᠤᠨ ᠤᠳᠤᠷᠢᠳᠤᠯᠭ᠎ᠠ᠂ ᠪᠤᠰᠤᠳ ᠤᠷᠢᠵᠦ ᠵᠠᠯᠠᠭᠰᠠᠨ ᠠᠠᠬᠠᠮᠠᠳ ᠨᠦᠬᠦᠳ᠂ ᠡᠯ᠎ᠡ ᠰᠤᠮᠤᠨ ᠤ ᠮᠠᠯᠴᠢᠳ ᠤᠨ ᠲᠦᠯᠦᠭᠡᠯᠡᠭᠴᠢ ᠵᠡᠷᠭᠡ ᠲᠠᠪᠢ ᠭᠠᠷᠤᠢ ᠬᠦᠮᠦᠨ ᠤᠷᠤᠯᠴᠠᠭᠰᠠᠨ ᠶᠤᠮ᠃      ᠬᠤᠷᠠᠯ ᠢ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠮᠦᠩᠭᠡ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ ᠬᠤᠷᠠᠯ ᠡᠬᠢᠯᠡᠬᠦ ᠦᠬᠡ ᠬᠡᠯᠡᠵᠦ ᠂ ᠬᠤᠰᠢᠭᠤ ᠲᠠᠷᠤᠭ᠎ᠠ ᠴᠢᠯᠠᠭᠤ ᠤᠭᠳᠤᠯᠭ᠎ᠠ ᠶᠢᠨ ᠶᠠᠷᠢᠶ᠎ᠠ ᠬᠢᠵᠦ᠂ ᠦᠵᠦᠮᠦᠴᠢᠨ ᠴᠠᠭᠠᠨ ᠠᠳᠤᠭᠤᠨ ᠤ ᠲᠡᠤᠬᠡᠨ ᠢᠷᠡᠯᠳᠡ ᠵᠢᠴᠢ ᠤᠳᠤᠬᠢ ᠪᠠᠶᠢᠳᠠᠯ ᠤᠨ ᠲᠤᠬᠠᠢ ᠲᠠᠨᠢᠯᠴᠠᠭᠤᠯᠪᠠ᠃ ᠠᠶᠢᠮᠠᠭ ᠤᠨ ᠠᠳᠤᠭᠤᠨ ᠦᠢᠯᠡᠰ ᠤᠨ ᠠᠯᠪᠠᠨ ᠭᠡᠷ ᠤᠨ ᠡᠷᠬᠢᠯᠡᠭᠴᠢ ᠵᠠᠩ ᠮᠧᠩ᠂ ᠲᠤᠰᠬᠠᠢ ᠮᠡᠷᠭᠡᠵᠢᠯ ᠤᠨ ᠲᠤᠭᠤᠶᠢᠯᠠᠩ ᠤᠨ ᠲᠠᠷᠤᠭ᠎ᠠ ᠴᠢᠮᠡᠳᠳᠤᠷᠵᠢ ᠵᠡᠷᠭᠡ ᠤᠳᠤᠷᠢᠳᠤᠯᠭ᠎ᠠ ᠨᠠᠷ ᠶᠠᠷᠢᠶ᠎ᠠ ᠲᠠᠯᠪᠢᠭᠰᠠᠨ ᠪᠠᠶᠢᠨ᠎ᠠ᠃      ᠴᠢᠮᠡᠳᠳᠤᠷᠵᠢ ᠠᠴᠠ ᠪᠠᠷᠠᠭᠤᠨ ᠦᠵᠦᠮᠦᠴᠢᠨ ᠬᠤᠰᠢᠭᠤᠨ ᠤ ᠡᠨᠡ ᠤᠳᠠᠭ᠎ᠠ ᠶᠢᠨ ᠡᠷᠳᠡᠮ ᠰᠢᠨᠵᠢᠯᠡᠭᠡᠨ ᠤ ᠬᠤᠷᠠᠯ ᠢ ᠡᠷᠬᠢᠯᠡᠵᠦ ᠪᠠᠶᠢᠬᠤ ᠨᠢ ᠲᠡᠤᠬᠡ ᠶᠢᠨ ᠤᠯᠠᠮᠵᠢᠯᠠᠯ ᠤᠨ ᠰᠤᠶᠤᠯ ᠢᠶᠠᠨ ᠤᠯᠠᠮ ᠲᠤᠳᠤᠷᠠᠭᠤᠯᠬᠤ᠂ ᠲᠠᠯ᠎ᠠ ᠨᠤᠲᠤᠭ ᠤᠨ ᠰᠤᠶᠤᠯ ᠢᠶᠠᠨ ᠬᠠᠮᠠᠭᠠᠯᠠᠬᠤ᠂ ᠮᠠᠯᠴᠢᠳ ᠤᠨ ᠠᠮᠢᠳᠤᠷᠠᠯ ᠢ ᠰᠠᠶᠢᠵᠢᠷᠠᠭᠤᠯᠬᠤ᠂ ᠪᠡᠯᠴᠢᠭᠡᠷ ᠠᠮᠢ ᠠᠬᠤᠢ  ᠪᠠᠨ ᠲᠤᠬᠢᠳᠡᠢ ᠡᠵᠡᠩᠨᠡᠬᠦ ᠵᠡᠷᠭᠡ ᠤᠯᠠᠨ ᠠᠭᠤᠯᠭ᠎ᠠ ᠶᠢ ᠲᠦᠪᠯᠡᠷᠡᠩᠭᠦᠢ ᠲᠤᠰᠬᠠᠭᠰᠠᠨ ᠮᠠᠰᠢ ᠴᠢᠬᠤᠯᠠ ᠠᠴᠢ ᠬᠤᠯᠪᠤᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ ᠬᠠᠮᠳᠤ ᠶᠢᠨ ᠲᠤᠷᠠᠰᠬᠠᠯ ᠤᠨ ᠰᠡᠭᠦᠳᠡᠷ ᠵᠢᠷᠤᠭᠯᠠᠨ ᠦᠯᠡᠳᠡᠭᠡᠭᠰᠡᠨ ᠪᠦᠭᠡᠳ ᠪᠠᠰᠠ ᠬᠤᠷᠠᠯ ᠤᠨ ᠬᠤᠭᠤᠴᠠᠭᠠᠨ ᠤ ᠲᠤᠰᠬᠠᠢ ᠮᠡᠷᠭᠡᠵᠢᠯ ᠤᠨ ᠲᠤᠭᠤᠶᠢᠯᠠᠩ ᠢ ᠪᠠᠶᠢᠭᠤᠯᠵᠠᠢ ᠃ ᠴᠠᠭᠠᠨ ᠠᠳᠤᠭᠤᠨ ᠤ ᠲᠤᠰᠬᠠᠢ ᠨᠠᠶᠢᠷᠠᠭᠤᠯᠤᠭᠰᠠᠨ ᠹᠢᠯᠢᠮ ᠢ ᠰᠤᠨᠢᠷᠬᠠᠭᠰᠠᠨ ᠢᠶᠠᠨ ᠦᠷᠭᠦᠯᠵᠢᠯᠡᠨ ᠡᠷᠳᠡᠮ ᠰᠢᠨᠵᠢᠯᠡᠭᠨ ᠤ ᠶᠠᠷᠢᠶ᠎ᠠ ᠪᠠᠨ ᠡᠬᠢᠯᠡᠭᠦᠯᠪᠡ᠃      ⒈ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠨᠠᠰᠤᠠᠠᠦ᠋ᠯᠵᠠᠢ ︽ᠮᠤᠩᠭᠤᠯ  ᠤᠨ ᠬᠠᠭᠠᠨᠳᠤ ᠲᠦᠷᠦ ᠶᠢᠨ ᠲᠦᠪ ᠪᠠ ᠴᠠᠭᠠᠨ ᠠᠳᠤᠭᠤ︾      ⒉ ᠦᠪᠦᠷ ᠮᠤᠩᠭᠤᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠫᠷᠤᠹᠧᠰᠰᠤᠷ ᠴᠢ᠊  ᠰᠡᠴᠡᠨ ︽ᠦᠨᠳᠡᠭᠡᠨ ᠴᠠᠭᠠᠨ ᠬᠠᠭᠤᠴᠢᠨ ᠴᠠᠬᠠᠷ ᠲᠠᠢ ᠬᠤᠯᠪᠤᠭᠳᠠᠬᠤ ᠨᠢ︾      ⒊ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠡᠳ᠋ ᠲᠠᠷᠤᠭ᠎ᠠ᠂ ᠫᠷᠤᠹᠧᠰᠰᠤᠷ ᠮᠠᠩᠯᠠᠢ      ⒋ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠤᠬᠡ ᠰᠤᠶᠤᠯ ᠤᠨ ᠬᠦᠷᠢᠶᠡᠯᠡᠩ ᠤᠨ ᠫᠷᠤᠹᠧᠰᠰᠤᠷ ᠮᠦᠷᠡᠨ      ⒌ ᠤᠷᠳᠤᠰ ᠬᠤᠳᠠ ᠶᠢᠨ ᠴᠢᠩᠭᠢᠰ ᠤᠨ ᠤᠩᠭᠤᠨ ᠤ ᠲᠠᠬᠢᠯᠭ᠎ᠠ ᠰᠤᠶᠤᠯ ᠤᠨ ᠠᠯᠪᠠᠨ ᠭᠡᠷ ᠤᠨ ᠤᠤᠯ  ᠤᠨ ᠡᠷᠬᠢᠯᠡᠭᠴᠢ ᠸᠠᠩ ᠸᠧᠢ ᠳ᠋ᠦᠩ ︽ᠴᠠᠭᠠᠨ ᠠᠳᠤᠭᠤ ᠪᠠ ᠲᠠᠷᠬᠠᠳ ᠤᠨ ᠲᠠᠬᠢᠯᠭ᠎ᠠ ᠰᠤᠶᠤᠯ ᠤᠨ ᠬᠠᠷᠢᠴᠠᠭ᠎ᠠ︾      ⒍ ᠵᠡᠭᠦᠨ ᠦᠵᠦᠮᠦᠴᠢᠨ ᠬᠤᠰᠢᠭᠤᠨ ᠤ ᠵᠠᠩ ᠦᠢᠯᠡ ᠰᠤᠳᠤᠯᠤᠭᠴᠢ ᠤᠷᠢᠶᠠᠩᠬᠠᠨ ᠤ᠂ ᠶᠤᠨᠳᠤᠨ ︽ᠬᠤᠪᠢᠯᠠᠢ ᠬᠠᠭᠠᠨ ᠤ ᠴᠠᠭᠠᠨ ᠰᠦᠷᠦᠭ ᠬᠢᠭᠡᠳ ᠦᠵᠦᠮᠦᠴᠢᠨ ᠴᠠᠭᠠᠨ ᠠᠳᠤᠭᠤᠨ ᠤ ᠤᠳᠤᠮ ᠤᠭᠰᠢᠯ ᠤᠨ ᠲᠤᠬᠠᠢ ᠰᠢᠨᠵᠢᠯᠡᠬᠦ ᠨᠢ︾      ᠪᠠᠶᠠᠠᠴᠠᠭᠠᠨ᠂ ᠲᠦᠷᠦᠪᠠᠶᠠᠷ᠂ ᠵᠠᠩ ᠮᠧᠩ᠂ ᠨᠠᠴᠤᠭ᠂ ᠨ᠊  ᠪᠦᠬᠡᠬᠠᠳᠠ᠂ ᠤᠶᠤᠨᠳᠠᠯᠠᠢ ᠵᠡᠷᠭᠡ ᠡᠷᠳᠡᠮᠳᠡᠳ ᠨᠠᠷ ᠠᠮᠠᠨ ᠶᠠᠷᠢᠶᠠᠨ ᠤ ᠢᠯᠡᠳᠭᠡᠯ ᠬᠢᠪᠡ᠃ ᠡᠷᠳᠡᠮ ᠰᠢᠨᠵᠢᠯᠡᠭᠡᠨ ᠤ ᠡᠳᠡᠭᠡᠳ ᠤᠨ ᠶᠠᠷᠢᠶᠠᠨ ᠤ ᠭᠤᠤᠯ ᠠᠭᠤᠯᠭ᠎ᠠ  ᠨᠢ ᠴᠠᠭᠠᠨ ᠠᠳᠤᠭᠤ ᠪᠤᠯ ᠪᠠᠶᠢᠭᠠᠯᠢ ᠶᠢᠨ ᠠᠶᠠᠠᠳᠠᠭᠠᠨ ᠤ ᠰᠦᠷᠦᠭᠯᠡᠯ ᠪᠢᠰᠢ᠂ ᠬᠠᠷᠢᠨ ᠬᠦᠮᠦᠨ ᠤ ᠤᠬᠠᠮᠰᠠᠷᠳᠦ ᠠᠵᠢᠯᠯᠠᠭ᠎ᠠ ᠠᠴᠠ ᠪᠤᠢ ᠪᠤᠯᠤᠭᠰᠠᠨ ᠦᠷ᠎ᠡ ᠳ᠋ᠦᠩ ᠭᠡᠵᠦ ᠦᠵᠡᠭᠰᠡᠨ ᠪᠦᠭᠡᠳ ᠦᠵᠦᠮᠦᠴᠢᠨ ᠴᠠᠭᠠᠨ ᠠᠳᠤᠭᠤᠨ ᠤ ᠤᠭᠰᠢᠯ ᠭᠠᠷᠪᠠᠯᠢ ᠶᠢ ᠮᠤᠩᠭᠤᠯ ᠠᠳᠤᠭᠤᠨ ᠤ ᠰᠢᠯᠢᠳᠡᠭ ᠲᠦᠷᠦᠯ ᠤᠨ ᠡᠭᠦᠯᠳᠡᠷ ᠪᠦᠭᠡᠳ ᠴᠢᠩᠭᠢᠰ ᠬᠠᠭᠠᠨ ᠤ ᠴᠠᠭᠠᠨ ᠠᠳᠤᠭᠤᠨ ᠤ ᠤᠳᠤᠮ ᠤᠭᠰᠢᠯ ᠨᠢᠭᠡᠳᠦᠯᠳᠡᠢ ᠭᠡᠰᠡᠨ ᠦᠷ᠎ᠡ ᠳ᠋ᠦᠩ ᠢ ᠭᠠᠷᠭᠠᠵᠦ᠂ ᠲᠤᠰᠬᠠᠢ ᠮᠡᠷᠭᠡᠵᠢᠯ ᠤᠨ ᠲᠤᠭᠤᠶᠢᠯᠠᠩ ᠤᠨ ᠬᠤᠷᠠᠯ ᠢ ᠬᠢᠵᠦ ︽ᠴᠢᠩᠭᠢᠰ ᠤᠨ ᠴᠠᠭᠠᠨ ᠠᠳᠤᠭᠤ ᠬᠢᠭᠡᠳ ᠦᠵᠦᠮᠦᠴᠢᠨ ᠴᠠᠭᠠᠨ ᠠᠳᠤᠭᠤᠨ ᠤ ᠤᠳᠤᠮ ᠤᠭᠰᠢᠯ ᠢ ᠰᠤᠳᠤᠯᠤᠨ ᠶᠠᠷᠢᠯᠴᠠᠬᠤ ᠬᠤᠷᠠᠯ︾ ᠤᠨ ᠲᠤᠰᠬᠠᠢ ᠮᠡᠷᠭᠡᠯᠵᠢᠳᠡᠳ ᠤᠨ ᠰᠠᠨᠠᠯ ᠤᠨ ᠪᠢᠴᠢᠭ ᠢ ᠵᠦᠪᠰᠢᠶᠡᠷᠡᠵᠦ᠂ ᠡᠷᠳᠡᠮᠳᠡᠳ ᠠᠴᠠ ᠭᠠᠷ ᠤᠨ ᠦᠰᠦᠭ ᠵᠢᠷᠤᠵᠦ ᠪᠠᠳᠤᠯᠠᠪᠡ᠃      ᠮᠦᠩᠬᠡ ᠲᠡᠷᠢᠭᠦᠯᠡᠭᠴᠢ ᠠᠴᠠ ᠳ᠋ᠦᠩᠨᠡᠯᠳᠡ ᠶᠢᠨ ᠬᠤᠷᠠᠯ ᠢ ᠡᠷᠬᠢᠯᠡᠵᠦ᠂ ᠮᠠᠩᠯᠠᠢ ᠫᠷᠤᠹᠧᠰᠰᠤᠷ ᠠᠴᠠ ᠳ᠋ᠦᠩᠨᠡᠯᠳᠡ ᠶᠢᠨ ᠶᠠᠷᠢᠶ᠎ᠠ ᠬᠢᠭᠰᠡᠨ ᠢᠶᠠᠨ ᠡᠷᠳᠡᠮᠳᠡᠳ ᠤᠨ ᠨᠤᠳᠠᠯᠠᠯ ᠤᠨ ᠪᠢᠴᠢᠭ ᠢ ᠮᠦᠩᠭᠡ ᠲᠠᠷᠤᠭ᠎ᠠ ᠳᠤ ᠭᠠᠷᠳᠠᠭᠤᠯᠪᠠ᠃ ᠡᠨᠡ ᠤᠳᠠᠭ᠎ᠠ ᠶᠢᠨ ᠰᠢᠨᠵᠢᠯᠡᠭᠡᠨ ᠤ ᠬᠤᠷᠠᠯ ᠪᠤᠯ ᠦᠵᠦᠮᠦᠴᠢᠨ ᠤ ᠬᠡᠶᠢᠮᠦᠷᠢ ᠰᠦᠯᠳᠡ ᠶᠢ ᠮᠠᠨᠳᠤᠭᠤᠯᠤᠭᠰᠠᠨ ᠶᠡᠭᠡ ᠴᠤᠭᠯᠠᠭᠠᠨ᠂ ᠴᠠᠭᠠᠨ ᠠᠳᠤᠭᠤᠨ ᠤ ᠦᠢᠯᠡᠰ ᠤᠨ ᠬᠦᠭᠵᠢᠯᠳᠡ ᠶᠢ ᠴᠠᠭᠠᠨ ᠮᠦᠷ ᠲᠠᠢ ᠲᠤᠲᠤᠷᠠᠭᠤᠯᠤᠭᠰᠠᠨ ᠦᠪ ᠰᠤᠶᠤᠯ ᠤᠨ ᠢᠯᠠᠯᠳᠠ ᠶᠢᠨ ᠶᠡᠭᠡ ᠬᠤᠷᠠᠯ ᠪᠤᠯᠤᠨ ᠦᠨᠳᠦᠷᠯᠡᠯ᠎ᠡ᠃ ᠨᠠᠮ ᠵᠠᠰᠠᠭ ᠤᠨ ᠤᠳᠤᠷᠢᠳᠤᠯᠭ᠎ᠠ ᠶᠢᠨ ᠵᠦᠪ ᠰᠠᠨᠠᠭ᠎ᠠ᠂ ᠡᠷᠳᠡᠮᠳᠡᠳ ᠤᠨ ᠦᠨᠡᠯᠡᠯᠳᠡ ᠶᠢᠨ ᠡᠷᠬᠢᠮ ᠤᠬᠠᠭᠠᠨ᠂ ᠦᠷᠭᠡᠨ ᠤᠯᠠᠨ ᠮᠠᠯᠴᠢᠳ ᠤᠨ ᠴᠠᠶᠢᠯᠭᠠᠨ ᠰᠡᠳᠭᠢᠯ ᠤᠨ ᠨᠢᠭᠡᠳᠦᠯ ᠳᠤ ᠲᠡᠭᠷᠢ ᠯᠤᠤᠰ ᠪᠠᠶᠠᠰᠤᠨ ᠲᠠᠭᠠᠯᠠᠵᠦ ᠤᠷᠤᠢ ᠨᠢ ᠶᠡᠭᠡ ᠬᠤᠷ᠎ᠠ  ᠪᠠᠨ ᠬᠠᠶᠢᠷᠠᠯᠠᠵᠦ ᠵᠢᠷᠭᠠᠭᠠᠭᠰᠠᠨ ᠪᠠᠶᠢᠵᠦ ᠪᠢᠯᠡ᠃                                               2017,06,30                            
 
ᠢᠷᠡᠯᠲᠡ᠄ ᠤᠷᠢᠶᠠᠩᠬᠠᠨ ᠤ᠂ ᠶᠤᠨᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号