ᠭᠠᠬᠢᠯ ᠰᠣᠮᠣᠨ ᠤ ᠪᠦᠬᠦ ᠠᠷᠠᠳ ᠢᠶᠠᠷ ᠢᠶᠠᠨ ᠨᠡᠶᠢᠭᠡᠮ ᠤᠨ ᠲᠠᠭᠠᠳᠬᠠᠯ ᠳᠤ ᠣᠷᠣᠯᠴᠠᠬᠤ ᠶᠢ ᠲᠠᠩᠰᠠᠯᠠᠬᠤ ᠠᠵᠢᠯ ᠣᠷᠣᠭᠰᠢᠲᠠᠢ ᠶᠠᠪᠣᠭᠳᠠᠵᠣ ᠪ᠊
ᠨᠡᠶᠢᠲᠡᠯᠡᠭᠰᠡᠨ ᠴᠠᠭ᠄
2017/8/16
     ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠭᠠᠷᠭᠠᠭᠰᠠᠨ ︽ᠵᠡᠬᠦᠨ ᠦᠵᠦᠮᠦᠴᠢᠨ ᠬᠤᠰᠢᠭᠤᠨ ᠤ ᠪᠦᠬᠦ ᠠᠷᠠᠳ ᠢᠶᠠᠷ ᠢᠶᠠᠨ ᠨᠡᠶᠢᠭᠡᠮ ᠤᠨ ᠳᠠᠭᠠᠳᠬᠠᠯ ᠳᠤ ᠣᠷᠣᠯᠴᠠᠬᠤ ᠶᠢ ᠲᠠᠩᠰᠠᠯᠠᠬᠤ ᠠᠵᠢᠯ ᠢ ᠶᠠᠪᠣᠭᠳᠠᠭᠤᠯᠬᠤ ᠲᠦᠰᠦᠯ︾᠎ ᠤᠨ ᠱᠠᠭᠠᠷᠳᠠᠯᠭ᠎ᠠ ᠶᠣᠰᠣᠭᠠᠷ᠂ ᠨᠡᠶᠢᠭᠡᠮ ᠤᠨ ᠪᠠᠲᠣᠯᠠᠭ᠎ᠠ ᠪᠠᠷ ᠪᠦᠬᠦᠨ ᠢ ᠪᠦᠷᠬᠦᠬᠦᠯᠬᠦ ᠠᠬᠢᠴᠠ ᠶᠢ ᠲᠦᠷᠭᠡᠳᠭᠡᠵᠦ᠂ ᠡᠷᠬᠡ ᠳᠡᠭᠰᠢ᠂ ᠦᠷᠬᠦᠯᠵᠢᠯᠡᠬᠦᠶᠢᠴᠡ ᠬᠦᠭᠵᠢᠯᠲᠡ ᠲᠠᠢ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠪᠠᠶᠢᠭᠤᠯᠬᠤ ᠬᠠᠷᠠᠯᠲᠠ ᠶᠢ ᠪᠡᠶᠡᠯᠡᠬᠦᠯᠬᠦ ᠶᠢᠨ ᠲᠦᠯᠦᠭᠡ᠂ ᠭᠠᠬᠢᠯ ᠰᠣᠮᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠭᠡᠨ ᠦᠵᠡᠵᠦ᠂ ︽ᠪᠦᠬᠦᠨ ᠢ ᠪᠦᠷᠬᠦᠬᠦᠯᠬᠦ᠂ ᠰᠠᠭᠤᠷᠢ ᠶᠢ ᠪᠠᠲᠣᠯᠠᠬᠤ᠂ ᠣᠯᠠᠨ ᠳᠡᠰ ᠲᠠᠪᠬᠤᠷᠭᠠᠲᠣ᠂ ᠦᠷᠭᠦᠯᠵᠢᠯᠡᠬᠦᠶᠢᠴᠡ︾ ᠭᠡᠬᠦ ᠴᠢᠭᠯᠡᠯᠲᠡ ᠶᠢᠨ ᠲᠣᠭᠤᠷᠢᠨ ᠳᠤ ᠪᠦᠬᠦ ᠰᠣᠮᠣᠨ ᠤ 6 ᠭᠠᠴᠠᠭ᠎ᠠ᠂ 1 ᠨᠡᠶᠢᠭᠡᠮ ᠲᠣᠭᠤᠷᠢᠭ ᠶᠢ ᠢᠳᠡᠪᠬᠢᠲᠡᠢ ᠳᠠᠶᠢᠴᠢᠯᠠᠨ᠂ ᠡᠷᠦᠬᠡ ᠳᠤ ᠬᠦᠨᠵᠡᠭᠡᠶᠢᠷᠡᠨ ︽ᠪᠦᠬᠦ ᠠᠷᠠᠳ ᠢᠶᠠᠷ ᠢᠶᠠᠨ ᠨᠡᠶᠢᠭᠡᠮ ᠤᠨ ᠪᠠᠲᠣᠯᠠᠭ᠎ᠠ ᠳᠤ ᠣᠷᠣᠯᠴᠠᠬᠤ ᠎ ᠶᠢ ᠲᠠᠩᠰᠠᠯᠠᠬᠤ︾ ᠠᠵᠢᠯ ᠢ ᠦᠷᠨᠢᠬᠦᠯᠵᠦ ᠪᠠᠶᠢᠨ᠎ᠠ᠃      ᠡᠨᠡ ᠬᠦ ᠠᠵᠢᠯ ᠤᠨ ᠣᠷᠣᠭᠰᠢᠲᠠᠢ ᠶᠠᠪᠣᠭᠳᠠᠬᠤ ᠶᠢ ᠪᠠᠲᠣᠯᠠᠬᠤ ᠶᠢᠨ ᠲᠦᠯᠦᠭᠡ᠂ ᠰᠣᠮᠣᠨ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠢᠳᠡᠪᠬᠢᠲᠡᠢ ᠬᠠᠷᠢᠯᠴᠠᠨ᠂ ᠲᠣᠲᠣᠭᠠᠳᠣ ᠶᠢ ᠬᠠᠮᠠᠭᠠᠯᠠᠬᠤ ᠲᠣᠮᠢᠯᠠᠭᠰᠠᠨ ᠰᠠᠯᠪᠣᠷᠢ᠂ ᠲᠦᠯᠦᠪᠯᠡᠭᠡᠲᠦ ᠦᠷᠡᠵᠢᠯ ᠤᠨ ᠰᠣᠷᠠᠭ ᠵᠠᠩᠭᠢ ᠶᠢᠨ ᠰᠢᠰᠲ᠋ᠧᠮ ᠤᠨ ᠲᠠᠪᠠᠭᠤᠯᠢᠭ ᠢ ᠠᠰᠢᠭᠯᠠᠨ᠂ ᠨᠡᠶᠢᠭᠡᠮ ᠤᠨ ᠳᠠᠭᠠᠳᠬᠠᠯ ᠳᠤ ᠲᠠᠩᠰᠠᠯᠠᠬᠤ ᠬᠦᠮᠦᠰ ᠤᠨ  ᠬᠤᠯᠪᠣᠭᠳᠠᠯ ᠪᠦᠬᠦᠢ ᠲᠤᠭ᠎ᠠ ᠪᠦᠷᠢᠳᠭᠡᠯ ᠢ ᠭᠠᠷᠭᠠᠨ ᠠᠪᠴᠣ᠂ ᠲᠠᠩᠰᠠᠯᠠᠬᠤ ᠠᠵᠢᠯ ᠤᠨ ᠰᠠᠭᠤᠷᠢ ᠶᠢ ᠰᠠᠶᠢᠨ ᠲᠠᠯᠪᠢᠬᠤ ᠶᠢᠨ ᠲᠠᠭᠠᠣ ᠳᠤ ᠡᠯᠧᠺᠲᠷᠣᠨ ᠳᠡᠯᠭᠡᠴᠡ᠂ ᠭᠠᠴᠠᠭᠠᠨ ᠤ ᠸᠠᠶᠢᠴᠠᠲ ᠬᠤᠯᠪᠣᠭ᠎ᠠ ᠵᠡᠷᠭᠡ ᠡᠯ᠎ᠡ ᠲᠦᠷᠦᠯ ᠤᠨ ᠠᠷᠭ᠎ᠠ ᠵᠠᠮ ᠢᠶᠠᠷ ᠮᠠᠯᠴᠢᠨ ᠲᠦᠮᠡᠨ ᠳᠤ ᠲᠦᠷᠦ ᠶᠢᠨ ᠪᠣᠳᠣᠯᠭ᠎ᠠ ᠎ ᠶᠢ ᠲᠠᠶᠢᠯᠪᠣᠷᠢᠯᠠᠵᠣ᠂ ᠪᠦᠬᠦ ᠠᠷᠠᠳ ᠢᠶᠠᠷ ᠢᠶᠠᠨ ᠨᠡᠶᠢᠭᠡᠮ ᠤᠨ ᠪᠠᠲᠣᠯᠠᠭ᠎ᠠ ᠳᠤ ᠣᠷᠣᠯᠴᠠᠬᠤ ᠶᠢ   ᠲᠠᠩᠰᠠᠯᠠᠬᠤ ᠠᠵᠢᠯ ᠤᠨ ᠨᠡᠶᠢᠭᠡᠮ ᠨᠡᠶᠢᠲᠡ ᠳᠤ ᠣᠶᠢᠯᠠᠭᠠᠭᠳᠠᠬᠤ ᠬᠡᠮᠵᠢᠶ᠎ᠡ ᠶᠢ ᠳᠡᠭᠡᠭᠰᠢᠯᠡᠬᠦᠯᠵᠦ᠂ ᠦᠷᠭᠡᠨ ᠣᠯᠠᠨ ᠮᠠᠯᠴᠢᠨ ᠲᠦᠮᠡᠨ ᠢ ᠨᠡᠶᠢᠭᠡᠮ ᠤᠨ ᠪᠠᠲᠣᠯᠠᠭ᠎ᠠ ᠳᠤ ᠢᠳᠡᠪᠬᠢᠲᠡᠢ ᠣᠷᠣᠯᠴᠠᠨ  ᠪᠦᠷᠢᠳᠭᠡᠨ ᠲᠠᠩᠰᠠᠯᠠᠬᠤ ᠠᠵᠢᠯ ᠳᠤ ᠬᠠᠮᠵᠢᠯᠴᠠᠬᠤ ᠲᠡᠰᠢ ᠬᠦᠲᠦᠯᠦᠨ ᠵᠢᠯᠣᠭᠤᠳᠪᠠ᠃      ᠣᠳᠣᠬᠠᠨ ᠳᠤ ᠭᠠᠬᠢᠯ ᠰᠣᠮᠣᠨ ᠤ ᠪᠦᠬᠦ ᠠᠷᠠᠳ ᠢᠶᠠᠷ ᠢᠶᠠᠨ ᠨᠡᠶᠢᠭᠡᠮ ᠤᠨ ᠪᠠᠲᠣᠯᠠᠭ᠎ᠠ ᠳᠤ ᠣᠷᠣᠯᠴᠠᠬᠤ ᠠᠵᠢᠯ ᠶᠠᠭ ᠣᠷᠣᠭᠰᠢᠲᠠᠢ ᠶᠠᠪᠣᠭᠳᠠᠵᠣ ᠪᠠᠶᠢᠨ᠎ᠠ᠃ ᠰᠣᠮᠣᠨ ᠤ ᠠᠵᠢᠯᠯᠠᠬᠤ ᠳᠣᠭᠤᠶᠢᠯᠠᠩ ᠤᠨ ᠠᠵᠢᠯᠲᠠᠳ ᠠᠴᠠ ᠡᠷᠦᠬᠡ ᠳᠠᠷᠠᠭᠠᠯᠠᠨ ᠳᠠᠩᠰᠠᠯᠠᠵᠣ᠂ ᠡᠷᠦᠬᠡ ᠣᠷᠬᠢᠭᠳᠠᠭᠤᠯᠬᠤ ᠦᠭᠡᠢ᠂ ᠬᠦᠮᠦᠨ ᠭᠡᠭᠡᠭᠳᠡᠭᠦᠯᠬᠦ ᠦᠭᠡᠢ᠂ ᠠᠭᠤᠯᠭ᠎ᠠ ᠭᠡᠭᠡᠭᠳᠡᠭᠦᠯᠬᠦ ᠦᠭᠡᠢ ᠵᠠᠷᠴᠢᠮ ᠢ ᠪᠡᠶᠡᠯᠡᠬᠦᠯᠬᠦ ᠶᠢᠨ ᠳᠠᠭᠠᠣ ᠳᠤ᠂ ᠡᠨᠡ ᠣᠳᠠᠭ᠎ᠠ ᠶᠢᠨ ᠪᠦᠬᠦ ᠠᠷᠠᠳ ᠢᠶᠠᠷ ᠢᠶᠠᠨ ᠨᠡᠶᠢᠭᠡᠮ ᠤᠨ ᠪᠠᠲᠣᠯᠠᠭ᠎ᠠ ᠳᠤ ᠣᠷᠣᠯᠴᠠᠬᠤ ᠶᠢ ᠲᠠᠩᠰᠠᠯᠠᠬᠤ ᠠᠵᠢᠯ ᠢ ᠶᠠᠪᠣᠭᠳᠠᠭᠤᠯᠬᠤ ᠲᠠᠰᠢᠷᠠᠮ ᠢᠶᠠᠷ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢᠨ ᠰᠣᠷᠲᠠᠯᠴᠢᠯᠠᠯ ᠣᠬᠠᠭᠤᠯᠭ᠎ᠠ ᠶᠢ ᠰᠠᠶᠢᠲᠣᠷ ᠬᠢᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号