ᠲᠠᠭᠤᠲᠤᠨᠠᠭᠤᠷ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠬᠠᠤᠯᠢ ᠴᠠᠭᠠᠵᠠ ᠎ ᠶᠢᠨ  ᠤᠬᠠᠭᠤᠯᠭ᠎ᠠ  ᠎ ᠶᠢᠨ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2017/8/17
     8 ᠰᠠᠷ᠎ᠠ ᠶᠢᠨ13᠎ ᠤ ᠡᠳᠤᠷ ᠲᠠᠭᠤᠲᠤᠨᠠᠭᠤᠷ ᠪᠠᠯᠭᠠᠰᠤᠨ ᠤ ᠨᠠᠶᠢᠷᠠᠮᠳᠠᠯ ᠭᠠᠴᠠᠭᠠᠨ ᠤ ᠦᠪᠦᠷ ᠮᠤᠩᠭᠤᠯ ᠎ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠨᠠᠰᠤᠲᠠᠶᠢᠴᠤᠳ ᠤᠨ ᠬᠦᠳᠡᠯᠭᠡᠭᠡᠨ ᠢ ᠲᠤᠬᠢᠶᠠᠯᠳᠠᠭᠤᠯᠤᠨ᠂ ᠲᠠᠭᠤᠲᠤᠨᠠᠭᠤᠷ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠨᠢ ᠲᠤᠰ ᠭᠠᠴᠠᠭᠠᠨ ᠤ ᠳᠤᠭᠤᠶᠢᠯᠠᠩ ᠶᠡᠷᠦᠩᠬᠡᠶᠢᠯᠡᠭᠰᠡᠨ ᠬᠠᠤᠯᠢ ᠴᠠᠭᠠᠵᠠ ᠶᠢᠨ ᠦᠢᠯᠡᠴᠢᠯᠡᠭᠡᠨ ᠤ ᠦᠷᠦᠭᠡ ᠳᠤ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃      ᠲᠤᠰ ᠤᠳᠠᠭᠠᠨ ᠤ ᠠᠵᠢᠯᠯᠠᠭ᠎ᠠ ᠳᠤ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠲᠠᠨ ᠠᠴᠠ ᠬᠠᠤᠯᠢ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠬᠢᠴᠢᠶᠡᠯ ᠤᠷᠤᠨ᠂《 ᠭᠡᠷ᠎ᠡ ᠶᠢᠨ ᠬᠠᠤᠯᠢ》᠂《 ᠬᠦᠳᠡᠭᠡ ᠲᠤᠰᠬᠤᠨ ᠤ ᠪᠤᠳᠠᠰ ᠤᠨ ᠡᠷᠬᠡ》᠂《ᠠᠷᠠᠳ ᠤᠨ ᠡᠶᠡᠳᠡᠭᠦᠯᠭᠡ ᠪᠠ ᠬᠠᠤᠯᠢ ᠴᠠᠭᠠᠵᠠ ᠶᠢᠨ ᠲᠤᠰᠠᠯᠠᠮᠵᠢ》᠂《 ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠯᠲᠡ》ᠵᠡᠷᠭᠡ ᠮᠠᠯᠴᠢᠳ ᠤᠨ ᠠᠵᠤ ᠠᠮᠢᠳᠤᠷᠠᠯ᠂ ᠡᠷᠬᠡ ᠠᠰᠢᠭ ᠲᠠᠢ  ᠬᠤᠯᠪᠤᠭᠳᠠᠬᠤ ᠠᠭᠤᠯᠭ᠎ᠠ ᠪᠦᠬᠦᠢ ᠤᠬᠠᠭᠤᠯᠭ᠎ᠠ ᠶᠢᠨ ᠲᠡᠪᠲᠡᠷ ᠪᠠ《 ᠲᠤᠯᠤᠳᠤᠭᠠᠷ᠂ ᠲᠠᠪᠤ》ᠬᠠᠤᠯᠢ ᠲᠦᠭᠡᠮᠡᠯᠵᠢᠭᠦᠯᠬᠦ ᠠᠭᠤᠯᠭ᠎ᠠ ᠪᠦᠬᠦᠢ ᠭᠠᠷ ᠠᠯᠴᠢᠭᠤᠷ ᠲᠠᠷᠬᠠᠭᠠᠵᠤ᠂  ᠮᠠᠯᠴᠢᠳ ᠲᠠᠢ ᠴᠢᠯᠦᠭᠡᠲᠡᠢ ᠶᠠᠷᠢᠯᠴᠠᠨ᠂ ᠠᠵᠢᠯ ᠤᠨ ᠶᠠᠭᠠᠷᠠᠤ ᠴᠠᠭ ᠲᠤ ᠬᠦᠯᠦᠰᠦᠨ ᠠᠵᠢᠯᠴᠢᠨ ᠵᠠᠷᠤᠬᠤ᠂ ᠵᠤᠭᠤᠰ ᠮᠦᠩᠭᠦ ᠵᠢᠭᠡᠯᠡᠬᠦ  ︵ᠵᠢᠭᠡᠯᠡᠭᠦᠯᠬᠦ︶᠂ ᠨᠤᠲᠤᠭ ᠪᠡᠯᠴᠢᠭᠡᠷ ᠲᠦᠷᠢᠶᠡᠰᠦᠯᠡᠬᠦ ︵ᠲᠦᠷᠢᠶᠡᠰᠦᠯᠡᠭᠦᠯᠬᠦ︶᠎ ᠳᠤ ᠪᠠᠨ ᠬᠡᠷᠬᠢᠨ ᠭᠡᠷ᠎ᠡ ᠲᠤᠭᠲᠠᠬᠤ᠂ ᠭᠡᠷ᠎ᠡ  ᠎ ᠳᠤ ᠶᠠᠮᠠᠷ ᠠᠭᠤᠯᠭ᠎ᠠ ᠶᠢ ᠪᠠᠭᠲᠠᠭᠠᠬᠤ᠂ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ ᠶᠢ ᠬᠡᠷᠬᠢᠨ ᠨᠡᠬᠡᠮᠵᠢᠯᠡᠬᠦ ᠵᠡᠷᠭᠡ  ᠎ ᠶᠢ ᠨᠠᠷᠢᠨ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ《 ᠰᠢᠯᠢ ᠶᠢᠨ ᠭᠤᠤᠯ 12348》 ᠬᠠᠤᠯᠢ ᠶᠢᠨ ᠦᠢᠯᠡᠴᠢᠯᠡᠭᠡᠨ ᠤ ᠮᠤᠩᠭᠤᠯ ᠲᠠᠪᠴᠠᠩ ᠤᠨ ᠮᠡᠷᠭᠡᠨ ᠴᠤᠬᠤᠷ ᠢ ᠰᠢᠷᠪᠢᠬᠦ ᠶᠢ ᠵᠢᠭᠠᠵᠦ᠂ ᠲᠤᠰ ᠲᠠᠪᠴᠠᠩ ᠢᠶᠠᠷ ᠲᠠᠮᠵᠢᠨ ᠨᠡᠩ ᠤᠯᠠᠨ ᠬᠠᠤᠯᠢ ᠶᠢᠨ ᠮᠡᠳᠡᠯᠭᠡ᠂ ᠴᠢᠮᠡᠭᠡ ᠵᠠᠩᠭᠢ ᠬᠦᠯᠢᠶᠡᠨ ᠠᠪᠴᠦ ᠪᠤᠯᠬᠤ ᠶᠢ ᠤᠶᠢᠯᠠᠭᠠᠭᠤᠯᠤᠨ᠂ ᠬᠠᠤᠯᠢ ᠶᠤᠰᠣᠨ ᠤ ᠡᠷᠬᠡ ᠠᠰᠢᠭ ᠢᠶᠠᠨ ᠬᠠᠤᠯᠢ ᠪᠠᠷ ᠬᠠᠮᠠᠭᠠᠯᠠᠬᠤ ᠶᠢ  ᠤᠬᠠᠭᠤᠯᠤᠭᠰᠠᠨ ᠪᠠᠶᠢᠨ᠎ᠠ᠃                                                                            
 
ᠢᠷᠡᠯᠲᠡ᠄ ᠳᠠᠭᠤᠲᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号