ᠲᠠᠭᠤᠲᠤᠨᠠᠭᠤᠷ ᠪᠠᠯᠭᠠᠰᠤᠨ ᠤ ᠨᠠᠶᠢᠷᠠᠮᠳᠠᠯ ᠭᠠᠴᠠᠭ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ  70  ᠵᠢᠯ ᠎ ᠤᠨ  ᠤᠢ ᠎ ᠶᠢ  ᠪᠡᠯᠭᠡᠯᠡᠭᠦ  ᠭᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2017/8/17
     8 ᠰᠠᠷ᠎ᠠ ᠶᠢᠨ 13᠎ ᠤ ᠡᠳᠤᠷ ᠳᠠᠭᠤᠳᠤᠨᠠᠭᠤᠷ ᠪᠠᠯᠭᠠᠰᠤᠨ ᠤ ᠨᠠᠶᠢᠷᠠᠮᠳᠠᠯ ᠭᠠᠴᠠᠭ᠎ᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠤᠢ ᠶᠢ ᠪᠡᠯᠭᠡᠯᠡᠭᠦ ᠨᠠᠰᠤᠳᠠᠶᠢᠴᠤᠳ ᠤᠨ ᠭᠦᠳᠡᠯᠭᠡᠭᠡᠨ ᠦᠷᠨᠢᠭᠦᠯᠵᠤ᠂ ᠦᠯᠦᠭᠡᠢ ᠨᠤᠳᠤᠭ ᠶᠢᠨ ᠢᠶᠠᠨ ᠦᠷᠨᠢᠯ ᠭᠦᠭᠵᠢᠯ ᠶᠢᠨ ᠲᠦᠯᠦᠭᠡ ᠵᠢᠳᠭᠦᠵᠤ ᠢᠷᠡᠭᠰᠡᠨ ᠠᠭᠮᠠᠳ ᠪᠤᠭᠤᠷᠤᠯᠴᠤᠳ ᠢᠶᠠᠨ ᠪᠠᠶᠠᠰᠬᠠᠨ᠂ ᠠᠷᠢᠭᠤᠨ ᠭᠦᠳᠠᠯᠮᠤᠷᠢ᠂ ᠠᠴᠢ ᠭᠠᠪᠢᠶ᠎ᠠ ᠶᠢ ᠨᠢ ᠳᠤᠷᠠᠰᠤᠨ ᠰᠠᠨᠠᠭᠠᠯᠵᠠᠭᠰᠠᠨ ᠤᠳᠬ᠎ᠠ ᠠᠭᠤᠯᠭ᠎ᠠ ᠲᠠᠢ ᠬᠦᠳᠡᠯᠭᠡᠭᠡᠨ ᠦᠷᠨᠢᠭᠦᠯᠪᠡ᠃      ᠳᠤᠰ ᠤᠳᠠᠭᠠᠨ ᠤ ᠨᠠᠰᠤᠳᠠᠶᠢᠴᠤᠳ ᠤᠨ ᠭᠦᠳᠡᠯᠭᠡᠭᠡᠨ ᠳᠤ ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠎ ᠶᠢᠨ ᠬᠡᠰᠢᠭᠦᠨ᠂ ᠤᠬᠠᠭᠤᠯᠬᠤ ᠭᠡᠯᠳᠠᠰ ᠤᠨ ᠳᠠᠷᠤᠭ᠎ᠠ ᠰᠠᠷᠠᠭᠤᠯᠳᠤᠶᠠᠭ᠎ᠠ᠂ ᠬᠤᠰᠢᠭᠤ ᠰᠤᠶᠤᠯ ᠳᠠᠮᠢᠷ᠂ ᠷᠠᠳᠢᠤ᠋ ᠲᠧᠯᠸᠢᠰ᠂ ᠵᠢᠭᠤᠯᠴᠢᠯᠠᠯ ᠤᠨ ᠳᠤᠪᠴᠢᠶᠠᠨ ᠤ ᠲᠠᠷᠤᠭ᠎ᠠ ᠮᠦᠩᠭᠡᠪᠠᠭᠠᠳᠤᠷ᠂ ᠳᠠᠭᠤᠳᠤᠨᠠᠭᠤᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠡᠴᠡᠨᠪᠠᠭᠠᠳᠤᠷ᠂ ᠳᠠᠭᠤᠳᠤᠨᠠᠭᠤᠷ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠬᠤᠥᠰᠪᠠᠶᠠᠷ ᠨᠠᠷ ᠰᠠᠭᠠᠲᠠᠭᠰᠠᠨ ᠢᠶᠠᠷ ᠪᠠᠷᠠᠬᠤ ᠦᠭᠡᠢ ᠦᠪᠤᠷ ᠮᠤᠩᠭᠤᠯ ᠤᠨ ᠤᠳᠤᠨ ᠲᠧᠯᠸᠢᠰ᠂ ᠬᠤᠰᠢᠭᠤ ᠲᠧᠯᠸᠢᠰ ᠬᠤᠷᠢᠶ᠎ᠠ ᠤᠨ ᠰᠤᠷᠪᠤᠯᠵᠢᠯᠠᠭᠴᠢ ᠨᠠᠷ ᠭᠦᠷᠤᠯᠴᠡᠨ ᠢᠷᠡᠵᠤ᠂ ᠠᠬᠤᠢ ᠳᠠᠯᠠᠪᠠᠢ ᠶᠢ ᠵᠢᠷᠤᠭᠯᠠᠨ ᠰᠢᠩᠭᠡᠭᠡᠭᠰᠡᠨ ᠪᠠᠶᠢᠨ᠎ᠠ  ᠃        ᠦᠵᠦᠮᠦᠴᠢᠨ ᠬᠤᠪᠴᠠᠰᠤ ᠵᠠᠰᠠᠯ ᠢᠶᠠᠷ ᠢᠶᠠᠨ ᠭᠤᠶᠤᠯᠠᠵᠤ᠂ ᠦᠡᠳᠤᠰᠤᠳᠡᠨ ᠤ ᠤᠯᠠᠮᠵᠢᠯᠠᠯᠳᠤ ᠨᠠᠭᠠᠳᠤᠮ ᠎ ᠢᠶᠠᠷ ᠢᠶᠠᠨ ᠪᠠᠭ᠋ᠠᠷᠬᠠᠭᠰᠠᠨ ᠲᠤᠰ ᠤᠳᠠᠭᠠᠨ ᠤ ᠭᠦᠳᠡᠯᠭᠡᠭᠡᠨ ᠮᠠᠨᠢ ᠤᠯᠠᠨ ᠵᠢᠯ ᠠᠭᠤᠯᠵᠠᠵᠤ ᠤᠴᠠᠷᠠᠭᠰᠠᠨ ᠦᠭᠡᠢ ᠠᠭᠮᠠᠳ ᠪᠤᠭᠤᠷᠤᠯᠴᠤᠳ ᠤᠨ ᠤᠴᠢᠷᠳᠠᠢ ᠵᠤᠭᠤᠭ ᠤᠨ ᠳᠤᠮᠳᠠ ᠤᠷᠮ᠎ᠠ ᠲᠠᠢ ᠦᠷᠭᠦᠯᠵᠢᠯᠡᠵᠤ᠂ 50 ᠨᠠᠰᠤᠨ ᠎ ᠠᠴᠠ ᠳᠡᠭᠡᠭᠰᠢᠭᠢ ᠠᠭᠮᠠᠳ ᠤᠳ ᠤᠷᠤᠯᠴᠠᠭᠰᠠᠨ ᠰᠧᠶ᠋ᠢᠩ ᠤᠷᠭᠢᠬᠤ᠂ ᠱᠠᠭ᠎ᠠ ᠮᠤᠷᠢ ᠤᠷᠤᠯᠳᠤᠬᠤ ᠵᠡᠷᠭᠡ ᠶᠢᠨ ᠬᠤᠶᠠᠷ ᠲᠦᠷᠤᠯ ᠤᠨ ᠤᠷᠤᠯᠳᠤᠭᠠᠨ ᠢᠳᠡ ᠭᠦᠭ ᠲᠠᠢ ᠶᠠᠪᠤᠭᠳᠠᠵᠤ᠂ 70 ᠭᠠᠷᠤᠢ ᠭᠦᠮᠤᠨ ᠤᠷᠤᠯᠴᠠᠭᠰᠠᠨ ᠤ ᠡᠴᠤᠰ ᠤᠨ ᠳ᠋ᠦᠩ ᠳᠤ ᠰᠧᠶ᠋ᠢᠩ ᠤᠨ ᠤᠷᠤᠯᠳᠤᠭᠠᠨ ᠳᠤ ᠠ᠊ ᠪᠠᠭᠠᠳᠤᠷ ᠨᠠᠰᠤᠲᠠᠨ ᠲᠡᠷᠢᠭᠦᠯᠡᠵᠤ᠂ ᠱᠠᠭ᠎ᠠ ᠮᠤᠷᠢ ᠤᠷᠤᠯᠳᠤᠬᠤ ᠤᠷᠤᠯᠳᠤᠭᠠᠨ ᠳᠤ ᠳᠤᠶᠠᠭ᠎ᠠ ᠨᠠᠰᠤᠲᠠᠨ ᠳᠡᠷᠢᠭᠦᠯᠡᠵᠤ᠂ ᠳᠤᠰᠪᠤᠷᠢ 500 ᠲᠦᠭᠦᠷᠢᠭ ᠤᠨ ᠱᠠᠩ ᠳᠤᠰᠴᠤ᠂ ᠨᠠᠭᠠᠳᠤᠮ ᠤᠨ ᠲᠦᠷᠤᠭᠦᠦ ᠨᠠᠶᠢᠮᠠᠨ ᠨᠡᠷ᠎ᠡ ᠢ ᠠᠷᠠᠳ ᠤᠨ ᠵᠤᠭᠤᠰ ᠢᠶᠠᠷ ᠱᠠᠩᠨᠠᠭᠰᠠᠨ ᠪᠠᠶᠢᠨ᠎ᠠ᠃
 
ᠢᠷᠡᠯᠲᠡ᠄ ᠳᠠᠭᠤᠲᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号