ᠪᠠᠶᠠᠨᠳᠤᠭ ᠭᠠᠴᠠᠭ᠎ᠠ ᠶᠡᠭᠡ ᠰᠤᠷᠭᠠᠭᠤᠯᠢ ᠳᠤ ᠳᠡᠪᠰᠢᠭᠰᠡᠨ ᠤᠶᠤᠳᠠᠳ ᠢᠶᠠᠨ ᠱᠠᠩᠨᠠᠨ ᠵᠤᠷᠢᠭᠵᠢᠭᠤᠯᠪᠠ
ᠨᠡᠶᠢᠲᠡᠯᠡᠭᠰᠡᠨ ᠴᠠᠭ᠄
2017/8/17
     8 ᠰᠠᠷ᠎ᠠ ᠶᠢᠨ 13᠎ ᠤ ᠡᠳᠤᠷ ᠳᠠᠭᠤᠳᠤᠨᠠᠭᠤᠷ ᠪᠠᠯᠭᠠᠰᠤᠨ ᠤ ᠪᠠᠶᠠᠨᠳᠤᠭ ᠭᠠᠴᠠᠭᠠᠨ ᠤ ᠠᠴᠠ 2017 ᠤᠨ ᠎ ᠳᠤ ᠶᠡᠭᠡ ᠰᠤᠷᠭᠠᠭᠤᠯᠢ ᠳᠤ ᠰᠢᠯᠭᠠᠨ ᠤᠷᠤᠭᠰᠠᠨ ᠤᠶᠤᠳᠠᠨ ᠵᠠᠯᠠᠭᠤᠴᠤᠳ ᠤᠨ ᠢᠶᠠᠨ ᠠᠶᠠᠨ ᠤ ᠵᠢᠯᠤᠭᠤ ᠶᠢ ᠮᠢᠯᠢᠶᠠᠬᠤ ᠰᠠᠭᠤᠳᠠᠯ ᠤᠨ ᠬᠤᠷᠠᠯ ᠬᠢᠵᠤ᠂ ᠤᠰᠤ ᠨᠤᠳᠤᠭ ᠠᠴᠠ ᠴᠤᠯᠭᠤᠷᠠᠭᠰᠠᠨ ᠤᠶᠤᠳᠠᠨ ᠵᠠᠯᠠᠭᠤᠴᠤᠳ ᠳᠠᠭᠠᠨ ᠤᠷᠮ᠎ᠠ ᠵᠤᠷᠢᠭ  ᠬᠠᠶᠢᠷᠠᠯᠠᠵᠤ᠂ ᠮᠦᠩᠭᠦ ᠲᠦᠭᠦᠷᠢᠭ ᠢᠶᠠᠷ ᠱᠠᠩᠨᠠᠨ ᠵᠤᠷᠢᠭᠵᠢᠭᠤᠯᠤᠭᠰᠠᠨ ᠪᠠᠶᠢᠨ᠎ᠠ᠃      ᠡᠨᠡ ᠵᠢᠯ ᠳᠤᠰ ᠭᠠᠴᠠᠭᠠᠨ ᠠᠴᠠ11 ᠮᠠᠯᠴᠢᠳ ᠤᠨ ᠬᠡᠤᠬᠡᠳ ᠶᠡᠭᠡ ᠰᠤᠷᠭᠠᠭᠤᠯᠢ ᠳᠤ ᠰᠢᠯᠭᠠᠨ ᠤᠷᠤᠵᠤ᠂ ᠡᠭᠦᠡ ᠳᠤ 8 ᠰᠤᠷᠤᠭᠴᠢ ᠶᠡᠭᠡ ᠰᠤᠷᠭᠠᠭᠤᠯᠢ ᠶᠢᠨ ᠵᠢᠩᠭᠢᠨᠢ ᠠᠩᠭᠢ ᠳᠤ  ᠰᠢᠯᠭᠠᠨ ᠤᠷᠤᠵᠤ᠂ 3 ᠰᠤᠷᠤᠭᠴᠢ ᠳᠤᠰᠬᠠᠢ ᠮᠡᠷᠭᠡᠵᠢᠯ ᠤᠨ ᠠᠩᠭᠢ ᠳᠤ ᠰᠢᠯᠭᠠᠨ ᠤᠷᠤᠭᠰᠠᠨ ᠪᠠᠶᠢᠨ᠎ᠠ  ᠃ ᠪᠠᠶᠠᠨᠳᠤᠭ ᠭᠠᠴᠠᠭᠠᠨ ᠤ ᠨᠠᠮ ᠤᠨ ᠡᠭᠦᠷ᠂ ᠠᠷᠠᠳ ᠤᠨ ᠵᠦᠪᠯᠡᠯ ᠠᠴᠠ ᠳᠤᠰᠬᠠᠢ ᠰᠠᠭᠤᠳᠠᠯ ᠤᠨ ᠬᠤᠷᠠᠯ ᠬᠢᠵᠤ᠂ ᠶᠡᠭᠡ ᠰᠤᠷᠭᠠᠭᠤᠯᠢ ᠳᠤ ᠳᠠᠪᠰᠢᠭᠰᠠᠨ ᠤᠶᠤᠳᠠᠨ ᠵᠠᠯᠠᠭᠤᠴᠤᠳ ᠳᠠᠭᠠᠨ ᠬᠠᠯᠠᠭᠤᠨ ᠪᠠᠶᠠᠷ ᠭᠦᠷᠭᠡᠵᠤ᠂ ᠳᠤᠰᠪᠤᠷᠢ ᠳᠤ ᠢᠷᠠᠭᠤ ᠠᠯᠳᠠᠷ ᠤᠨ ᠭᠦᠭᠢᠭᠦᠯᠡᠯ᠂ ᠠᠷᠠᠳ ᠤᠨ ᠵᠤᠭᠤᠰ1000 ᠲᠦᠭᠦᠷᠢᠭ ᠢᠶᠠᠷ  ᠵᠤᠷᠢᠭᠵᠢᠭᠤᠯᠤᠨ ᠱᠠᠩᠨᠠᠵᠤ᠂ ᠨᠡᠩ ᠰᠠᠶᠢᠨ ᠴᠢᠷᠮᠠᠶᠢᠨ ᠰᠤᠷᠤᠯᠴᠠᠵᠤ᠂ ᠠᠵᠢᠯ ᠰᠤᠷᠤᠯᠭ᠎ᠠ ᠶᠢᠨ ᠭᠢᠨᠢ ᠦᠡᠳᠤᠷ ᠠᠮᠵᠢᠯᠳᠠ ᠶᠢ ᠭᠦᠰᠡᠨ ᠪᠡᠯᠭᠡᠳᠦᠭᠰᠡᠨ ᠪᠠᠶᠢᠨ᠎ᠠ  ᠃
 
ᠢᠷᠡᠯᠲᠡ᠄ ᠳᠠᠭᠤᠲᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号